ᠮᠠᠨ ᠤ ᠠᠶᠢᠮᠠᠭ ᠡᠨᠧᠷᠭᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠳᠤᠪᠤᠶᠢᠮ᠎ᠠ ᠦᠷ᠎ᠠ ᠪᠦᠳᠦᠮᠵᠢ ᠤᠯᠪᠠ
ᠨᠡᠶᠢᠲᠡᠯᠡᠭᠰᠡᠨ ᠴᠠᠭ᠄
2024/3/15
     2023 ᠣᠨ  ᠠᠴᠠ ᠨᠠᠭᠠᠰᠢ᠂ ᠮᠠᠨ ᠤ ᠠᠶᠢᠮᠠᠭ ︽ᠬᠤᠶᠠᠷ ᠶᠡᠭᠡ ᠶᠠᠪᠤᠳᠠᠯ︾  ᠢ ᠰᠠᠶᠢᠲᠤᠷ ᠪᠡᠶᠡᠯᠡᠭᠦᠯᠬᠦ ᠶᠢᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠠᠶᠢᠭᠤᠯᠬᠤ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ ᠡᠨᠧᠷᠭᠢ ᠶᠢᠨ ᠠᠵᠤ ᠠᠬᠤᠢ ᠶᠢᠨ ᠲᠦᠷᠭᠡᠨ ᠬᠥᠭᠵᠢᠯᠲᠡ ᠪᠠ ᠡᠨᠧᠷᠭᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠠᠵᠠ ᠲᠣᠬᠢᠶᠠᠯᠳᠤ ᠴᠠᠭ ᠬᠤᠭᠤᠴᠠᠭ᠎ᠠ ᠶᠢ ᠠᠮᠵᠢᠨ ᠠᠳᠬᠤᠵᠤ᠂ ᠡᠨᠧᠷᠭᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠪᠠ᠃      ᠮᠠᠨ ᠤ ᠠᠶᠢᠮᠠᠭ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢᠨ ᠲᠣᠭᠤᠷᠢᠨ ᠳᠤ ᠥᠪᠥᠷ ᠮᠣᠩᠭᠤᠯ ᠤᠨ ︽ᠬᠤᠶᠠᠷ ᠲᠤ ᠲᠦᠷᠦᠭᠦᠯᠡᠬᠦ︾ ︽ᠬᠤᠶᠠᠷ ᠢ ᠳᠠᠪᠠᠭᠤᠯᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠢᠶᠠᠷ ᠬᠥᠭᠵᠢᠭᠦᠯᠵᠠᠢ᠃ ᠣᠳᠣᠬᠠᠨ ᠳᠤ᠂ ᠪᠥᠬᠦ ᠠᠶᠢᠮᠠᠭ ᠤᠨ ᠲᠣᠣᠷ ᠲᠤ ᠨᠡᠶᠢᠯᠡᠭᠦᠯᠦᠭᠰᠡᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠨᠢᠭᠡᠨᠲᠡ 1700 ᠲᠦᠮᠡᠨ ᠺᠢᠯᠣᠸᠠᠲ ᠢ ᠳᠠᠪᠠᠵᠤ᠂ ᠪᠥᠬᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠲᠠᠪᠤᠨ ᠤ ᠨᠢᠭᠡ ᠬᠤᠪᠢ ᠠᠴᠠ ᠳᠡᠭᠡᠭᠰᠢᠬᠢ ᠶᠢ ᠡᠵᠡᠯᠡᠵᠦ᠂ ᠪᠣᠬᠢᠷᠲᠤᠯ ᠦᠭᠡᠢ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠵᠢᠭᠠᠯᠲᠠ ᠲᠤᠭ᠎ᠠ 22.26 ᠳᠤ ᠬᠦᠷᠴᠦ᠂ ᠪᠥᠬᠦ ᠣᠷᠣᠨ ᠳᠤ ᠳᠦᠷᠦᠭᠦᠯᠡᠨ ᠮᠢᠩᠭᠠᠨ ᠲᠦᠮᠡᠨ ᠺᠢᠯᠣᠸᠠᠲ ᠤᠨ ᠲᠠᠰ ᠤᠨ ᠪᠣᠬᠢᠷᠲᠤᠯ ᠦᠭᠡᠢ ᠴᠠᠬᠢᠯᠭᠠᠨ ᠤ ᠰᠠᠭᠤᠷᠢᠨ ᠢ ᠪᠠᠶᠢᠭᠤᠯᠵᠤ᠂ ᠪᠥᠬᠦ ᠣᠷᠣᠨ ᠳᠤ ᠬᠠᠮᠤᠭ ᠤᠨ ᠲᠦᠷᠦᠭᠦᠨ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠨᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠠᠴᠠ ᠳᠠᠪᠠᠭᠰᠠᠨ ᠠᠶᠢᠮᠠᠭ ᠬᠤᠲᠠ ᠶᠢᠨ ᠨᠢᠭᠡ ᠪᠣᠯᠵᠠᠢ᠃      ᠣᠳᠣᠬᠠᠨ ᠳᠤ᠂ ᠱᠠᠩᠳᠦ ᠶᠢᠨ 200 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠵᠡᠷᠭᠡ ᠲᠦᠷᠦᠯ ᠵᠦᠢᠯ ᠢ ᠪᠦᠬᠦᠨ ᠢ ᠲᠣᠣᠷ ᠲᠤ ᠨᠡᠶᠢᠯᠡᠭᠦᠯᠵᠦ᠂ 400 ᠲᠦᠮᠡᠨ ᠺᠢᠯᠣᠸᠠᠲ ᠤᠨ ᠰᠠᠯᠬᠢ ᠭᠡᠷᠡᠯ ᠤᠨ ᠰᠠᠭᠤᠷᠢᠨ᠂ ᠵᠡᠭᠦᠨ ᠰᠦᠨᠢᠳ ᠤᠨ ᠮᠧᠩ ᠨᠧᠩ 100 ᠲᠦᠮᠡᠨ ᠺᠢᠯᠣᠸᠠᠲ ᠤᠨ ᠰᠠᠯᠬᠢ ᠨᠦᠭᠡᠴᠡ ᠡᠨᠧᠷᠭᠢ ᠶᠢᠨ ᠲᠦᠷᠦᠯ ᠵᠦᠢᠯ ᠢ ᠪᠦᠬᠦᠨ ᠢ ᠪᠠᠶᠢᠭᠤᠯᠵᠤ ᠳᠠᠭᠤᠰᠤᠭᠰᠠᠨ ᠪᠥᠭᠡᠳ ᠲᠣᠣᠷ ᠲᠤ ᠨᠡᠶᠢᠯᠡᠭᠦᠯᠦᠨ ᠲᠣᠬᠢᠷᠠᠭᠤᠯᠵᠤ ᠡᠬᠢᠯᠡᠪᠡ᠃      2023 ᠣᠨ ᠠᠴᠠ ᠨᠠᠭᠠᠰᠢ᠂ ᠪᠦᠬᠦ ᠠᠶᠢᠮᠠᠭ ᠳᠠᠶᠠᠭᠠᠷ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠳᠠᠯᠳᠠ ᠬᠦᠴᠦᠨ ᠢ ᠪᠥᠬᠦ ᠬᠦᠴᠦᠨ ᠢᠶᠠᠷ ᠠᠭᠤᠳᠠᠯᠤᠨ ᠭᠠᠷᠤᠯᠲᠠ ᠶᠢ ᠨᠡᠮᠡᠭᠳᠡᠭᠦᠯᠵᠦ᠂ ᠴᠢᠨᠠᠷ ᠰᠠᠶᠢᠲᠠᠢ ᠦᠢᠯᠡᠳᠪᠦᠷᠢᠯᠡᠬᠦ ᠴᠢᠳᠠᠪᠤᠷᠢ ᠶᠢ ᠪᠠᠳᠠᠷᠠᠭᠤᠯᠤᠨ᠂ ᠭᠡᠰᠡᠭᠡᠨᠭᠤᠯᠠ ᠨᠡᠭᠦᠷᠡᠰᠦᠨ ᠠᠭᠤᠷᠬᠠᠢ ᠶᠢᠨ ᠪᠠᠷᠢᠯᠭ᠎ᠠ ᠶᠢ ᠳᠠᠭᠤᠰᠬᠠᠠ ᠰᠢᠯᠭᠠᠨ ᠠᠪᠬᠤ ᠶᠢ ᠤᠷᠤᠭᠰᠢᠲᠠᠢ ᠪᠡᠶᠡᠯᠡᠭᠦᠯᠵᠤ᠂ ᠬᠤᠸᠠ ᠷᠦᠨ ᠦ᠋ ᠵᠢᠶᠠᠨ ᠹᠠᠩ ᠪᠠᠷᠠᠭᠤᠨ ᠨᠢᠭᠡᠳᠦᠭᠡᠷ ᠠᠭᠤᠷᠬᠠᠢ᠂ ᠮᠠᠩᠯᠠᠢ ᠨᠡᠭᠦᠷᠡᠰᠦᠨ ᠠᠭᠤᠷᠬᠠᠢ ᠶᠢ ᠲᠤᠷᠰᠢᠨ ᠠᠵᠢᠯᠯᠠᠭᠤᠯᠵᠤ᠂ ᠯᠦ ᠰᠢᠨ᠂ ᠴᠠᠭᠠᠨᠨᠠᠭᠤᠷ᠂ ᠳᠠ ᠠᠨ ᠵᠡᠷᠭᠡ ᠨᠡᠭᠦᠷᠡᠰᠦᠨ ᠠᠭᠤᠷᠬᠠᠢ ᠶᠢ ᠱᠠᠯᠠᠪᠳᠠᠭᠤᠯᠤᠨ ᠪᠦᠲᠦᠭᠡᠨ ᠪᠠᠶᠢᠭᠤᠯᠵᠤ  ᠂ ᠳ᠋ᠠ ᠲᠠᠩ ᠤᠨ ᠢᠯᠠᠯᠳᠡ ᠵᠡᠭᠦᠨ ᠬᠤᠶᠠᠳᠤᠭᠠᠷ ᠠᠭᠤᠷᠬᠠᠢ ᠵᠡᠷᠭᠡ  ᠠᠭᠤᠷᠬᠠᠢ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠱᠠᠲᠤ ᠦᠶᠡᠴᠢ ᠴᠢᠨᠠᠷᠲᠠᠢ ᠦᠷ᠎ᠡ ᠪᠦᠲᠦᠮᠵᠢ ᠣᠯᠪᠠ᠃      2023 ᠣᠨ ᠤ ᠪᠥᠬᠦ ᠵᠢᠯ ᠳᠤ ᠮᠠᠨ ᠤ ᠠᠶᠢᠮᠠᠭ ᠨᠡᠶᠢᠲᠡ 1.36 ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠵᠦ᠂ ᠡᠭᠦᠨ ᠳᠤ 60% ᠰᠢᠬᠠᠮ ᠢ ᠨᠢ ᠵᠡᠭᠦᠨ ᠬᠤᠶᠢᠲᠤ ᠣᠷᠣᠨ ᠪᠠ ᠡᠷᠬᠢᠨ ᠲᠣᠭᠤᠷᠢᠨ ᠤ ᠠᠶᠢᠮᠠᠭ ᠬᠤᠲᠠ ᠳᠤ ᠶᠠᠪᠤᠭᠤᠯᠵᠦ᠂ 40% ᠶᠢ ᠨᠢ ᠥᠪᠡᠰᠦᠪᠡᠨ ᠬᠡᠷᠡᠭᠯᠡᠵᠦ᠂ ᠥᠪᠥᠷ ᠮᠣᠩᠭᠤᠯ ᠤᠨ ᠵᠡᠭᠦᠨ ᠬᠡᠰᠡᠭ ᠪᠠ ᠵᠡᠭᠦᠨ ᠬᠤᠶᠢᠲᠤ ᠣᠷᠣᠨ ᠵᠡᠷᠭᠡ ᠭᠠᠵᠠᠷ ᠤᠨ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠬᠠᠩᠭᠠᠬᠤ᠂ ᠴᠠᠬᠢᠯᠭᠠᠨ ᠬᠠᠩᠭᠠᠬᠤ ᠪᠠ ᠭᠤᠣᠯᠳᠠᠯᠭ᠎ᠠ ᠲᠠᠢ ᠠᠵᠤ ᠦᠢᠯᠡᠳᠪᠦᠷᠢ ᠳᠤ ᠬᠡᠷᠡᠭᠯᠡᠬᠦ ᠨᠡᠭᠦᠷᠡᠰᠦ ᠶᠢ ᠪᠦᠲᠦᠮᠵᠢᠲᠡᠶ ᠪᠠᠲᠤᠯᠠᠵᠤ᠂ ᠤᠯᠤᠰ ᠤᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠵᠦ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠵᠠᠢ᠃      ᠣᠶᠢᠷ᠎ᠠ ᠶᠢᠨ ᠵᠢᠯ ᠤᠳ ᠲᠤ᠂ ᠮᠠᠨ ᠤ ᠠᠶᠢᠮᠠᠭ ᠨᠡᠭᠦᠷᠡᠰᠦᠨ ᠤ ᠡᠬᠢ ᠪᠠᠶᠠᠯᠢᠭ ᠤᠨ ᠰᠠᠭᠤᠷᠢ ᠴᠢᠨᠠᠷᠲᠠᠢ ᠳᠠᠪᠠᠭᠤᠯᠢᠭ ᠲᠤ ᠲᠦᠰᠢᠭᠯᠡᠨ᠂ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠵᠠᠮ ᠤᠨ ᠪᠦᠲᠦᠭᠡᠨ  ᠪᠠᠶᠢᠭᠤᠯᠤᠯᠲᠠ  ᠶᠢᠨ  ᠠᠰᠢᠭᠲᠠᠢ  ᠨᠥᠬᠦᠴᠡᠯ  ᠢ  ᠵᠠᠪᠳᠤᠨ᠂ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠬᠦ᠂ ᠥᠨᠳᠥᠷ ᠬᠢᠷᠢ ᠲᠦᠪᠰᠢᠨ ᠢᠶᠠᠷ ᠪᠦᠲᠦᠭᠡᠨ ᠪᠠᠶᠢᠭᠤᠯᠬᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠢᠭᠡ ᠪᠦᠯᠦᠭ ᠤᠰᠤ ᠶᠢ ᠶᠡᠬᠡᠪᠡᠷ ᠠᠷᠪᠢᠯᠠᠬᠤ᠂ ᠡᠨᠧᠷᠭᠢ ᠶᠢᠨ ᠬᠤᠷᠣᠭᠳᠠᠯ ᠪᠠᠭ᠎ᠠ᠂ ᠭᠠᠳᠠᠭᠰᠢᠯᠠᠭᠤᠯᠤᠯᠲᠠ ᠪᠠᠭ᠎ᠠ ᠴᠡᠪᠡᠷ ᠥᠨᠳᠥᠷ ᠪᠦᠲᠦᠮᠵᠢᠲᠠᠢ ᠨᠡᠭᠦᠷᠡᠰᠦ ᠴᠠᠬᠢᠯᠭᠠᠨ ᠤ ᠲᠥᠷᠥᠯ ᠵᠦᠢᠯ ᠢ ᠪᠦᠲᠦᠭᠡᠨ ᠪᠠᠶᠢᠭᠤᠯᠪᠠ᠃      2023 ᠣᠨ ᠤ ᠪᠦᠬᠦ ᠵᠢᠯ ᠳᠤ ᠪᠥᠬᠦ ᠠᠶᠢᠮᠠᠭ ᠤᠨ ᠢᠯᠴᠢ ᠶᠢᠨ ᠴᠠᠬᠢᠯᠭᠠᠨ ᠤ ᠴᠠᠬᠢᠯᠭᠠᠨ ᠭᠠᠷᠭᠠᠬᠰᠠᠨ ᠬᠡᠮᠵᠢᠶ᠎ᠡ 620 ᠳ᠋ᠦᠩᠰᠢᠭᠤᠷ ᠭᠷᠡᠳᠦ᠋ᠰ ᠣᠷᠴᠢᠮ ᠳᠤ ᠬᠦᠷᠴᠦ᠂ ᠡᠭᠦᠨ ᠳᠤ 90% ᠰᠢᠬᠠᠮ ᠢ ᠤᠮᠠᠷᠠᠲᠤ ᠣᠷᠣᠨ᠂ ᠳᠣᠷᠣᠨᠠᠲᠤ ᠣᠷᠣᠨ᠂ ᠵᠡᠭᠦᠨ ᠬᠤᠶᠢᠲᠤ ᠣᠷᠣᠨ ᠵᠡᠷᠭᠡ ᠭᠠᠵᠠᠷ ᠣᠷᠣᠨ ᠳᠤ ᠬᠦᠷᠭᠡᠵᠦ᠂ ᠤᠯᠤᠰ ᠤᠨ ᠴᠠᠬᠢᠯᠭᠠᠨ ᠬᠦᠴᠦᠨ ᠤ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠦᠢᠯᠡᠳᠦᠯ ᠦᠵᠡᠭᠦᠯᠪᠡ᠃      2023 ᠣᠨ ᠤ ᠪᠦᠬᠦ ᠵᠢᠯ ᠳᠤ ᠮᠠᠨ ᠤ ᠠᠶᠢᠮᠠᠭ ᠤᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠰᠠᠨ ᠬᠡᠮᠵᠢᠶ᠎ᠡ 370 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠡᠭᠦᠨ ᠳᠤ 67% ᠰᠢᠬᠠᠮ ᠤᠨ ᠪᠤᠬᠢᠷᠳᠤᠯ ᠦᠬᠡᠢ ᠴᠠᠬᠢᠯᠭᠠᠨ ᠢ ᠣᠨᠴᠠ ᠥᠨᠳᠥᠷ ᠬᠦᠴᠦᠳᠡᠯ ᠤᠨ ᠨᠡᠪᠲᠡᠷᠡᠬᠦ ᠵᠠᠮ ᠢᠶᠠᠷ ᠪᠡᠭᠡᠵᠢᠩ᠂ ᠤᠮᠠᠷᠠᠲᠤ ᠣᠷᠣᠨ ᠪᠣᠯᠣᠨ ᠳᠣᠷᠣᠨᠠᠲᠤ ᠣᠷᠣᠨ ᠵᠡᠷᠭᠡ ᠭᠠᠵᠠᠷ ᠣᠷᠣᠨ ᠳᠤ ᠬᠦᠷᠭᠡᠵᠦ᠂ ᠪᠠᠷᠢᠮᠵᠢᠶᠠᠲᠤ ᠨᠡᠭᠦᠷᠡᠰᠦ ᠶᠢ 1000 ᠭᠠᠷᠤᠢ ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ 2600 ᠲᠦᠮᠡᠨ ᠲᠣᠨ ᠣᠷᠴᠢᠮ ᠪᠠᠭᠠᠰᠬᠠᠵᠠᠢ᠃      ᠴᠠᠬᠢᠯᠭᠠᠨ ᠢ ᠭᠠᠳᠠᠭᠰᠢ ᠬᠦᠷᠭᠡᠬᠦ ᠵᠠᠮ ᠤᠨ ᠪᠦᠳᠦᠭᠡᠨ ᠪᠠᠶᠢᠭᠤᠯᠤᠯᠳᠡ ᠶᠢ ᠢᠳᠡᠪᠬᠢᠳᠠᠢ ᠠᠬᠢᠭᠤᠯᠵᠦ᠂ ᠰᠢᠯᠢ ᠶᠢᠨ ᠭᠤᠣᠯ ᠠᠶᠢᠮᠠᠭ ᠠᠴᠠ ᠱᠠᠨᠳᠦ᠋ᠩ ᠬᠦᠷᠬᠦ᠂ ᠰᠢᠯᠢ ᠶᠢᠨ ᠭᠤᠣᠯ ᠠᠶᠢᠮᠠᠭ ᠠᠴᠠ ᠵᠢᠶᠠᠩᠰᠤ ᠶᠢᠨ ᠲᠠᠶᠢᠵᠧᠦ ᠬᠦᠷᠬᠦ 2 ᠵᠤᠷᠪᠤᠰ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠵᠠᠮ᠂ ᠵᠢᠨᠱᠠᠨ ᠠᠴᠠ ᠯᠢᠶᠣᠤᠨᠢᠩ ᠬᠦᠷᠬᠦ᠂ ᠱᠠᠩᠳᠤ  ᠠᠴᠠ ᠴᠧᠩᠳᠧ ᠬᠦᠷᠬᠦ 2 ᠵᠤᠷᠪᠤᠰ 500 ᠺᠢᠯᠣᠸᠤᠯᠲ ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠵᠠᠮ ᠢ ᠨᠢᠭᠡᠨᠲᠡ ᠪᠠᠶᠢᠭᠤᠯᠵᠤ ᠳᠠᠭᠤᠰᠬᠠᠪᠠ᠃      2023 ᠣᠨ ᠳᠤ᠂ ᠢᠯᠠᠯᠳᠡ ᠠᠴᠠ ᠵᠠᠩᠪᠧᠢ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠵᠠᠮ ᠨᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢᠨ ᠮᠤᠵᠢ ᠣᠷᠣᠨ ᠠᠯᠤᠰᠯᠠᠭᠰᠠᠨ ᠴᠠᠬᠢᠯᠭᠠᠨ ᠬᠦᠷᠭᠡᠬᠦ ᠢᠨᠵᠧᠨᠧᠷᠢᠩ ᠳᠠᠬᠢ ᠠᠩᠬᠠᠳᠠᠭᠴᠢ ᠬᠢᠨᠠᠨ ᠵᠥᠪᠰᠢᠶᠡᠷᠡᠯ ᠤᠯᠤᠬᠰᠠᠨ ᠲᠦᠷᠦᠯ ᠵᠦᠢᠯ ᠪᠣᠯᠵᠤ᠂ ᠪᠦᠬᠦ ᠲᠠᠯ᠎ᠠ ᠪᠠᠷ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠮᠠᠨ ᠤ ᠠᠶᠢᠮᠠᠭ ᠤᠨ ᠴᠠᠬᠢᠯᠭᠠᠨ ᠢ ᠭᠠᠳᠠᠭᠰᠢ ᠬᠦᠷᠭᠡᠬᠦ ᠨᠡᠪᠳᠡᠷᠡᠬᠦ ᠵᠠᠮ ᠤᠨ ᠰᠢᠨ᠎ᠡ ᠪᠠᠶᠢᠷᠢᠰᠢᠯ ᠢ ᠪᠦᠷᠢᠯᠳᠦᠭᠦᠯᠬᠦ ᠪᠤᠯᠤᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号