ᠠᠶᠢᠮᠠᠭ ᠤᠨ ᠵᠠᠬᠢᠷᠭ᠎ᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ ᠲᠠᠶᠢᠯᠠᠯᠳᠤᠭᠠᠨ ᠤ 2024 ᠣᠨ ᠤ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/17
     3 ᠰᠠᠷ᠎ᠠ ᠶᠢᠨ 16᠎ ᠤ ᠡᠳᠦᠷ᠂ ᠠᠶᠢᠮᠠᠭ ᠤᠨ ᠵᠠᠬᠢᠷᠭ᠎ᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ ᠲᠠᠶᠢᠯᠠᠯᠳᠤᠭᠠᠨ ᠤ 2024 ᠣᠨ ᠤ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠤᠨ  ᠲᠤᠬᠢᠷᠠᠭᠤᠯᠤᠯᠳᠠ  ᠶᠢᠨ  ᠬᠤᠷᠠᠯ ᠬᠤᠷᠠᠯᠳᠤᠭᠤᠯᠪᠠ᠃ ᠠᠶᠢᠮᠠᠭ  ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ ᠲᠠᠶᠢᠯᠠᠯᠳᠤᠭᠠᠨ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠪᠠᠶᠢᠷᠢᠯᠠᠭᠤᠯᠤᠭᠰᠠᠨ ︽ᠤᠮᠠᠷᠠᠲᠤ ᠶᠢᠨ ᠭᠤᠷᠪᠠᠨ ᠣᠷᠣᠨ︾ ᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠨᠢᠭᠡ ᠪᠣᠯᠣᠨ᠎ᠠ᠃ ᠪᠢᠳᠡ ᠡᠷᠭᠡᠪᠰᠢ ᠶᠡᠷᠦᠩᠬᠡᠢ ᠱᠦᠵᠢ ᠰᠢ ᠶᠢᠨ ᠫᠢᠡᠭ ᠤᠨ ︽ᠤᠮᠠᠷᠠᠲᠤ ᠶᠢᠨ ᠭᠤᠷᠪᠠᠨ ᠤᠷᠤᠨ︾ ᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠢ ᠴᠢᠬᠤᠯᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠳᠡ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠢ᠃ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠢᠨᠵᠧᠨᠧᠷᠢᠩ ᠤᠨ ᠳᠦᠷᠦᠯ ᠵᠦᠢᠯ ᠢ ᠬᠦᠴᠦᠨ ᠢᠶᠠᠨ ᠲᠥᠪᠯᠡᠷᠡᠭᠦᠯᠦᠨ ᠪᠦᠲᠦᠭᠡᠨ ᠪᠠᠶᠢᠭᠤᠯᠵᠤ᠂ ᠴᠡᠭ᠂ ᠱᠤᠭᠤᠮ᠂ ᠨᠡᠶᠢᠳᠡᠮ ᠢ ᠤᠶᠠᠯᠳᠤᠭᠤᠯᠬᠤ ᠵᠢᠴᠢ ᠭᠠᠵᠠᠷ ᠣᠷᠣᠨ ᠰᠠᠯᠠᠭ᠎ᠠ ᠮᠥᠴᠢᠷ ᠬᠤᠯᠪᠤᠭᠠᠯᠠᠨ ᠭᠦᠳᠡᠯᠦᠯᠴᠡᠭᠦ ᠶᠢ ᠪᠠᠷᠢᠮᠲᠠᠯᠠᠵᠤ᠂ ᠠᠮᠢᠳᠤ ᠪᠣᠳᠠᠰ ᠤᠨ ᠠᠷᠭ᠎ᠠ ᠬᠡᠮᠵᠢᠶ᠎ᠡ ᠪᠣᠯᠣᠨ ᠢᠨᠵᠧᠨᠧᠷᠢᠩ ᠤᠨ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠵᠦ᠂ ᠠᠮᠢ ᠠᠬᠤᠢ ᠶᠢᠨ ᠠᠰᠠᠭᠤᠳᠠᠯ ᠪᠣᠯᠣᠨ ᠠᠷᠠᠳ ᠤᠨ ᠠᠮᠢᠳᠤᠷᠠᠯ ᠤᠨ ᠠᠰᠠᠭᠤᠳᠠᠯ ᠢ ᠵᠡᠷᠭᠡᠪᠡᠷ ᠰᠶᠢᠳᠪᠦᠷᠢᠯᠡᠵᠦ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠠᠭᠪᠤᠷ ᠢ ᠲᠠᠰᠤᠷᠠᠯᠳᠠ ᠦᠭᠡᠢ ᠰᠢᠨ᠎ᠡ ᠶᠢ ᠡᠭᠦᠳᠦᠨ ᠲᠡᠭᠦᠯᠳᠡᠷᠵᠢᠭᠦᠯᠬᠦ ᠬᠡᠷᠡᠭᠲᠡᠢ᠃ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠬᠦ ᠳᠤᠮᠳᠠ ᠨᠡᠶᠢᠭᠡᠮ ᠤᠨ ᠬᠦᠴᠦᠨ ᠢ ᠨᠢᠭᠲᠠᠷᠠᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠨ᠂ ᠡᠯᠡᠰᠤᠷᠭᠡᠭ ᠭᠠᠵᠠᠷ ᠤᠨ ᠤᠯᠠᠨ ᠲᠦᠮᠡᠨ ᠤ ᠣᠷᠣᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠲᠦᠷᠦᠯ ᠵᠦᠢᠯ ᠢᠶᠠᠷ ᠳᠠᠶᠢᠴᠢᠯᠠᠭᠰᠠᠨ᠂ ᠨᠡᠶᠢᠭᠡᠮ ᠤᠨ ᠬᠢᠨ ᠣᠷᠣᠯᠴᠠᠭᠰᠠᠨ᠂ ᠤᠯᠠᠨ ᠲᠦᠮᠡᠨ ᠠᠰᠢᠭ ᠭᠥᠷᠳᠡᠭᠰᠡᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠭᠦᠴᠦᠨ ᠤ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠭᠦᠴᠦᠨ ᠤ ᠴᠠᠬᠢᠯᠭᠠᠨ ᠬᠡᠷᠡᠯᠴᠢ ᠴᠡᠨᠡᠭ ᠢ ᠨᠡᠭᠡᠭᠡᠨ ᠬᠥᠭᠵᠢᠭᠦᠯᠬᠦ ᠶᠢ ᠣᠷᠭᠠᠨᠢᠭ ᠢᠶᠠᠷ ᠠᠭᠤᠰᠤᠯᠴᠠᠭᠤᠯᠬᠤ᠂ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠭᠦ᠋ᠷᠳᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠡᠢ᠃      ᠠᠶᠢᠮᠠᠭ ᠤᠨ ᠳᠡᠳ᠋ ᠳᠠᠷᠤᠭ᠎ᠠ ᠰᠦᠨ ᠵᠧᠨ ᠵᠢᠶᠠᠩ ᠪᠣᠳᠠᠲᠠᠢ ᠠᠵᠢᠯ ᠪᠠᠶᠢᠷᠢᠯᠠᠭᠤᠯᠪᠠ᠃ ᠬᠤᠷᠠᠯ ᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ︵ᠤᠷᠤᠨ︶᠎ ᠳᠤ ᠭᠦᠷᠳᠡᠯ᠎ᠠ ᠬᠤᠷᠠᠯᠳᠤᠭᠤᠯᠪᠠ᠃                                                         ᠣᠷᠴᠢᠭᠤᠯᠣᠭᠴᠢ᠄ ᠣᠶᠣᠩᠬᠤᠸᠠᠷ  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号