ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠠᠶᠤᠯᠭᠦᠢ ᠦᠢᠯᠡᠳᠪᠦᠷᠢᠯᠡᠯ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠪᠠ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/3/17
     3 ᠰᠠᠷ᠎ᠠ ᠶᠢᠨ 16᠎ ᠤ ᠡᠳᠦᠷ᠂ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠪᠦᠬᠦ ᠠᠶᠢᠮᠠᠭ ᠤᠨ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠠᠶᠤᠯᠭᠦᠢ ᠦᠢᠯᠡᠳᠪᠦᠷᠢᠯᠡᠯ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠪᠠ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠣᠳᠣᠬᠠᠨ ᠳᠤ ᠶᠠᠭ ᠬᠠᠪᠤᠷ ᠤᠨ ᠤᠯᠠᠷᠢᠯ ᠤᠨ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠪᠠ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠬᠤᠭᠤᠴᠠᠭᠠᠨ ᠳᠤ ᠤᠷᠤᠰᠢᠵᠦ ᠪᠤᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠬᠤᠷᠢᠭ᠎ᠠ ᠱᠤᠭᠤᠮ ᠤᠨ ᠰᠡᠳᠬᠢᠬᠦᠢ ᠪᠠ ᠠᠶᠤᠯ ᠲᠦᠭᠰᠢᠭᠦᠷᠢ ᠶᠢᠨ ᠤᠬᠠᠮᠰᠠᠷ ᠢᠶᠠᠨ ᠪᠠᠲᠤᠳᠬᠠᠵᠤ᠂ ︽ᠴᠠᠭ ᠢᠮᠠᠭᠲᠠ ᠰᠠᠨᠠᠭ᠎ᠠ ᠲᠠᠯᠪᠢᠬᠤ︾ ᠬᠠᠷᠢᠭᠤᠴᠠᠯᠭᠠᠲᠤ ᠰᠡᠳᠬᠢᠯᠭᠡ᠂ ︽ᠥᠴᠥᠬᠡᠨ ᠴᠦ ᠠᠯᠳᠠᠰᠢ ᠭᠠᠷᠭᠠᠬᠤ ᠦᠭᠡᠢ︾ ᠬᠠᠲᠠᠭᠤ ᠠᠷᠭ᠎ᠠ ᠬᠡᠮᠵᠢᠶ᠎ᠡ ᠪᠠᠷ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠴᠠ ᠡᠮᠦᠨᠡᠬᠢ ᠲᠤᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠭᠡᠮ ᠰᠣᠭᠤᠭ ᠢ ᠵᠢᠬᠰᠠᠭᠠᠨ ᠪᠠᠶᠢᠴᠠᠭᠠᠬᠤ᠂ ᠠᠵᠢᠯᠲᠠᠨ ᠤ ᠪᠣᠯᠪᠠᠰᠤᠷᠠᠯ ᠪᠠ ᠰᠡᠷᠡᠮᠵᠢᠯᠡᠭᠦᠯᠬᠦ ᠬᠥᠮᠦᠵᠢᠯ ᠢ ᠭᠦᠨᠵᠡᠭᠡᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ  ᠰᠠᠶᠢᠲᠤᠷ  ᠰᠠᠬᠢᠵᠤ  ᠪᠠᠲᠤ  ᠰᠠᠬᠢᠬᠤ  ᠬᠡᠷᠡᠭᠲᠡᠢ᠃ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠬᠠᠷᠢᠭᠤᠴᠠᠯᠭ᠎ᠠ ᠶᠢ ᠴᠢᠩᠭ᠎ᠠ ᠪᠤᠳᠠᠲᠠᠶᠢᠵᠢᠭᠤᠯᠵᠦ᠂ ᠤᠬᠠᠭᠤᠯᠭ᠎ᠠ ᠬᠥᠮᠦᠵᠢᠯ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠪᠠ ᠵᠢᠵᠢᠭᠦᠷᠯᠡᠨ ᠰᠠᠬᠢᠬᠤ ᠶᠢ ᠰᠠᠶᠢᠲᠤᠷ ᠠᠳᠬᠤᠵᠤ᠂ ᠠᠮᠢ ᠠᠬᠤᠢ ᠶᠢᠨ ᠡᠬᠢ ᠪᠠᠶᠠᠯᠢᠭ ᠪᠣᠯᠣᠨ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠨᠠᠢᠮᠠᠨ ᠶᠡᠭᠡ ᠠᠵᠢᠯᠯᠠᠭ᠎ᠠ᠂ 20 ᠵᠤᠷᠪᠤᠰ ᠪᠣᠳᠠᠲᠠᠢ ᠠᠷᠭ᠎ᠠ ᠬᠡᠮᠵᠢᠶ᠎ᠡ ᠪᠣᠯᠣᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ  ᠰᠠᠶᠢᠲᠤᠷ  ᠨᠠᠶᠢᠳᠠᠪᠤᠷᠢᠵᠢᠭᠤᠯᠵᠤ᠂ ᠳᠤᠲᠠᠭᠤᠳᠠᠯ ᠎ ᠢ  ᠨᠥᠬᠦᠪᠦᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ᠂ ᠲᠣᠭᠲᠠᠴᠠ ᠶᠢ ᠪᠦᠷᠢᠨᠰᠢᠬᠦᠯᠬᠦ᠂ ᠴᠢᠳᠠᠪᠤᠷᠢ ᠶᠢ ᠴᠢᠩᠭᠠᠳᠬᠠᠬᠤ ᠪᠠᠷ ᠬᠦᠴᠦᠯᠡᠵᠦ᠂ ᠪᠦᠬᠦ ᠠᠶᠢᠮᠠᠭ ᠤᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠠᠢ᠃      ᠠᠶᠢᠮᠠᠭ ᠤᠨ ᠤᠳᠤᠷᠢᠳᠤᠯᠭ᠎ᠠ ᠵᠠᠩ ᠢ᠂ ᠦ᠋ ᠴᠢᠩ ᠬᠤᠸᠠ᠂ ᠵᠢᠶᠠ ᠸᠧᠨ ᠽᠥᠩ᠂ ᠼᠤᠤ  ᠸᠧᠨ ᠴᠢᠩ᠂ ᠶᠠᠩ ᠯᠢ᠂ ᠰᠦᠨ ᠵᠧᠨ ᠵᠢᠶᠠᠩ ᠪᠣᠳᠠᠲᠠᠢ ᠠᠵᠢᠯ ᠪᠠᠶᠢᠷᠢᠯᠠᠭᠤᠯᠪᠠ᠃ ᠬᠤᠷᠠᠯ ᠳᠤ ᠣᠷᠣᠯᠴᠠᠭᠰᠠᠳ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃      ᠬᠤᠷᠠᠯ ᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ︵ᠤᠷᠤᠨ︶᠎ ᠳᠤ ᠬᠦᠷᠲᠡᠯ᠎ᠠ ᠬᠤᠷᠠᠯᠳᠤᠭᠤᠯᠪᠠ᠃                                                        ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号