ᠣᠶᠢᠷ᠎ᠠ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ︽ᠰᠢᠨ᠎ᠡ | ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠠᠮᠠᠷᠠᠯᠲᠠ ᠪᠠ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ | ᠠᠰᠢᠭ ᠢ ᠪᠠᠲᠤᠯᠠᠬᠤ ᠵᠢᠯᠣᠭᠤᠳᠤᠮᠵᠢ︾ ︽ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ | ᠬᠥᠳᠡᠯᠮᠦᠷᠢ ᠶᠢᠨ ᠳᠦᠷᠢᠮ ᠢ ᠵᠠᠷᠯᠠᠨ ᠨᠡᠶᠢᠲᠡᠯᠡᠬᠦ ᠵᠢᠯᠣᠭᠤᠳᠤᠮᠵᠢ︾ ︽ᠰᠢᠨ᠎ᠡ ᠬᠡᠯᠪᠡᠷᠢ ᠪᠠᠷ ᠠᠵᠢᠯ ᠣᠯᠣᠭᠰᠠᠨ | ᠬᠥᠳᠡᠯᠮᠦᠷᠢᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠵᠦᠭᠯᠡᠭᠦᠷ︾ ᠢ ᠨᠡᠶᠢᠲᠡᠯᠡᠪᠡ᠃ ᠰᠢᠤᠳᠠᠨ | ᠬᠦᠷᠭᠡᠭᠴᠢ᠂ ᠰᠦᠯᠵᠢᠶ᠎ᠡ ᠪᠠᠷ ᠪᠣᠯᠵᠣᠬᠤ ᠮᠠᠰᠢᠨ ᠤ ᠵᠢᠯᠣᠭᠤᠴᠢ᠂ ᠭᠡᠷ ᠠᠬᠤᠢ ᠶᠢᠨ ᠦᠢᠯᠡᠴᠢᠯᠡᠭᠴᠢ ᠵᠡᠷᠭᠡ ᠠᠵᠢᠯ ᠤᠨ | ᠬᠥᠯᠥᠰᠦ ᠣᠯᠭᠤᠮᠵᠢ ᠥᠭᠬᠦ᠂ ᠠᠵᠢᠯᠯᠠᠵᠤ ᠠᠮᠠᠷᠠᠬᠤ᠂ ᠬᠥᠳᠡᠯᠮᠦᠷᠢ ᠶᠢᠨ ᠵᠢᠭᠤᠷᠠᠯᠳᠤᠭᠠᠨ ᠵᠡᠷᠭᠡ ᠠᠰᠠᠭᠤᠳᠠᠯ ᠤᠳ ᠢ | ᠪᠣᠳᠠᠲᠠᠢ ᠵᠢᠯᠣᠭᠤᠳᠤᠨ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ ᠠᠵᠢᠯᠴᠢᠨ ᠬᠡᠷᠡᠭᠯᠡᠬᠦ ᠶᠢ ᠨᠠᠩ ᠰᠠᠶᠢᠲᠤᠷ | ᠬᠠᠪᠰᠤᠷᠴᠤ᠂ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠡᠷᠬᠡ ᠠᠰᠢᠭ ᠢ ᠦᠨᠡᠨ ᠬᠦ ᠰᠠᠶᠢᠲᠤᠷ | ᠬᠠᠮᠠᠭᠠᠯᠠᠬᠤ ᠪᠣᠯᠣᠨ᠎ᠠ᠃ | ᠣᠶᠢᠷ᠎ᠠ ᠶᠢᠨ ᠬᠡᠳᠦᠨ ᠵᠢᠯ ᠤᠳ ᠲᠤ᠂ ᠲᠠᠪᠴᠠᠩ ᠤᠨ ᠠᠵᠤ ᠠᠬᠤᠢ ᠦᠳᠲᠡᠷ ᠲᠦᠷᠭᠡᠨ ᠬᠥᠭᠵᠢᠵᠦ᠂ ᠶᠡᠭᠡ | ᠬᠡᠮᠵᠢᠶᠡᠨ ᠤ ᠠᠵᠢᠯ ᠣᠯᠬᠤ ᠲᠣᠬᠢᠶᠠᠯ ᠢ ᠡᠭᠦᠳᠴᠦ᠂ ᠢᠨᠲ᠋ᠧᠷ ᠰᠦᠯᠵᠢᠶᠡᠨ ᠲᠠᠪᠴᠠᠩ ᠳᠤ ᠨᠡᠶᠢᠲᠡᠯᠡᠭᠰᠡᠨ ᠲᠣᠬᠢᠷᠠᠭᠤᠯᠤᠨ | ᠬᠦᠷᠭᠡᠬᠦ᠂ ᠶᠠᠪᠤᠵᠤ ᠰᠠᠭᠤᠬᠤ᠂ ᠲᠡᠭᠡᠭᠡᠪᠦᠷᠢᠯᠡᠬᠦ᠂ ᠭᠡᠷ ᠠᠬᠤᠢ ᠶᠢᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠠᠴᠠ | ᠭᠥᠯᠢᠶᠡᠨ ᠠᠪᠤᠭᠰᠠᠨ ᠬᠥᠳᠡᠯᠮᠦᠷᠢᠴᠢᠳ ᠤᠨ ᠡᠷᠬᠡ ᠠᠰᠢᠭ ᠨᠢ ᠨᠡᠶᠢᠭᠡᠮ ᠨᠡᠶᠢᠲᠡ ᠶᠢᠨ ᠠᠩᠬᠠᠷᠤᠯ ᠢ ᠶᠡᠬᠡᠳᠡ ᠲᠠᠲᠠᠵᠤ | ᠪᠠᠶᠢᠨ᠎ᠠ᠃ ᠲᠠᠪᠴᠠᠩ ᠤᠨ ᠠᠵᠤ ᠠᠬᠤᠶᠢᠯᠠᠯ ᠤᠳ ᠨᠢ ᠡᠶᠢᠮᠦᠷᠬᠦᠦ ᠰᠢᠨ᠎ᠡ ᠬᠡᠯᠪᠡᠷᠢ ᠪᠠᠷ ᠠᠵᠢᠯ ᠣᠯᠣᠭᠰᠠᠨ | ᠬᠥᠳᠡᠯᠮᠦᠷᠢᠴᠢᠳ ᠲᠤ ᠤᠯᠠᠨ ᠵᠦᠢᠯ ᠤᠨ ᠵᠣᠬᠢᠶᠠᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠵᠠᠭᠪᠤᠷ ᠲᠠᠢ ᠪᠠᠶᠢᠳᠠᠭ᠃ | ᠵᠢᠱᠢᠶᠡᠯᠡᠪᠡᠯ᠂ ᠵᠠᠬᠢᠶᠠᠯᠠᠭ᠎ᠠ ᠬᠦᠷᠭᠡᠬᠦ ᠠᠵᠢᠯᠴᠢᠨ ᠬᠡᠷᠡᠭᠯᠡᠬᠦ ᠵᠠᠭᠪᠤᠷ ᠲᠤ ᠲᠤᠰᠬᠠᠢ ᠤᠨᠤᠭᠠᠴᠢᠨ᠂ ᠨᠡᠶᠢᠲᠡ ᠶᠢᠨ | ᠳᠠᠭᠠᠭᠠᠴᠢᠯᠠᠯᠲᠠ ᠶᠢᠨ ᠤᠨᠤᠭᠠᠴᠢᠨ ᠭᠡᠵᠦ ᠪᠣᠶ᠂ ᠰᠦᠯᠵᠢᠶ᠎ᠡ ᠪᠠᠷ ᠮᠠᠰᠢᠨ ᠪᠣᠯᠵᠣᠬᠤ ᠠᠵᠢᠯᠴᠢᠨ ᠬᠡᠷᠡᠭᠯᠡᠬᠦ ᠵᠠᠭᠪᠤᠷ ᠲᠤ | C2C ᠵᠠᠭᠪᠤᠷ᠂ B2C ᠵᠠᠭᠪᠤᠷ ᠪᠠ ᠴᠤᠭᠯᠠᠷᠠᠯ ᠤᠨ ᠵᠠᠭᠪᠤᠷ ᠭᠡᠵᠦ ᠪᠣᠶ᠃ ᠠᠵᠢᠯᠴᠢᠨ ᠬᠡᠷᠡᠭᠯᠡᠬᠦ ᠠᠳᠠᠯᠢ ᠪᠤᠰᠤ | ᠵᠠᠭᠪᠤᠷ ᠨᠢ ᠤᠯᠠᠮᠵᠢᠯᠠᠯᠲᠤ ᠠᠵᠢᠯᠴᠢᠨ ᠬᠡᠷᠡᠭᠯᠡᠬᠦ ᠬᠠᠮᠢᠶᠠᠷᠤᠯᠲᠠ᠂ ᠠᠵᠢᠯ ᠣᠯᠣᠯᠲᠠ ᠶᠢᠨ ᠦᠢᠯᠡᠴᠢᠯᠡᠭᠡ᠂ ᠬᠥᠳᠡᠯᠮᠦᠷᠢ ᠶᠢᠨ | ᠪᠠᠲᠤᠯᠠᠭ᠎ᠠ ᠶᠢᠨ ᠡᠷᠬᠡ ᠠᠰᠢᠭ ᠲᠤ ᠰᠢᠨ᠎ᠡ ᠥᠷᠢᠰᠦᠯᠳᠦᠭᠡᠨ ᠢ ᠳᠤᠷᠠᠳᠤᠭᠰᠠᠨ ᠪᠠᠶᠢᠨ᠎ᠠ᠃ ᠡᠭᠦᠨ ᠳᠤ᠂ ᠠᠵᠢᠯᠯᠠᠬᠤ | ᠴᠠᠭ ᠨᠢ ᠬᠡᠲᠦ ᠣᠷᠳᠣ᠂ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠬᠡᠷᠡᠭᠯᠡᠭᠰᠡᠨ ᠨᠢ ᠲᠣᠳᠣ ᠦᠭᠡᠢ᠂ ᠲᠠᠪᠴᠠᠩ ᠤᠨ | ᠳᠦᠷᠢᠮ ᠢ ᠲᠣᠭᠲᠠᠭᠠᠭᠰᠠᠨ ᠨᠢ ᠢᠯᠡ ᠪᠤᠰᠤ᠂ ᠡᠷᠬᠡ ᠪᠠᠨ ᠬᠠᠮᠠᠭᠠᠯᠠᠬᠤ ᠳᠤ ᠬᠦᠴᠢᠷᠳᠡᠯ ᠶᠡᠭᠡ ᠵᠡᠷᠭᠡ ᠰᠢᠨ᠎ᠡ ᠪᠠᠶᠢᠳᠠᠯ | ᠰᠢᠨ᠎ᠡ ᠠᠰᠠᠭᠤᠳᠠᠯ ᠤᠨ ᠲᠤᠰᠬᠠᠯ ᠨᠡᠯᠢᠶᠡᠳ ᠲᠣᠪᠤᠶᠢᠮ᠎ᠠ ᠪᠠᠶᠢᠨ᠎ᠠ᠃ | 2021 ᠣᠨ ᠳᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ︽ᠰᠢᠨ᠎ᠡ | ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ | ᠲᠤᠬᠠᠢ ᠵᠢᠯᠤᠭᠤᠳᠬᠤ ᠰᠠᠨᠠᠯ︾ ᠢ ᠨᠡᠶᠢᠲᠡᠯᠡᠭᠰᠡᠨ ᠤ ᠳᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠰᠠ | ᠵᠠᠬᠢᠶᠠᠯᠠᠭ᠎ᠠ ᠬᠦᠷᠭᠡᠭᠴᠢ᠂ ᠰᠦᠯᠵᠢᠶ᠎ᠡ ᠪᠠᠷ ᠪᠣᠯᠵᠣᠬᠤ ᠮᠠᠰᠢᠨ ᠤ ᠵᠢᠯᠣᠭᠤᠴᠢ ᠵᠡᠷᠭᠡ ᠭᠤᠣᠯᠳᠠᠯᠭ᠎ᠠ ᠲᠠᠢ ᠬᠥᠮᠥᠰ ᠲᠤ | ᠬᠠᠨᠳᠤᠭᠤᠯᠤᠭᠰᠠᠨ ᠲᠤᠰᠬᠠᠢ ᠡᠷᠬᠡ ᠠᠰᠢᠭ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠣᠯᠠᠨᠲᠠ ᠨᠡᠶᠢᠲᠡᠯᠡᠭᠰᠡᠨ ᠪᠠᠶᠢᠨ᠎ᠠ᠃ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠥᠳᠡᠯᠮᠦᠷᠢ ᠶᠢᠨ ᠬᠠᠷᠢᠴᠠᠭᠠᠨ ᠤ | ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠡᠲᠡᠭᠡᠷ ᠠᠷᠭ᠎ᠠ ᠬᠡᠮᠵᠢᠶ᠎ᠡ ᠨᠢ ᠠᠵᠤ | ᠠᠬᠤᠶᠢᠯᠠᠯ ᠤᠨ ᠬᠥᠳᠡᠯᠮᠦᠷᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠵᠦᠢ ᠵᠣᠬᠢᠰᠲᠠᠢ ᠵᠠᠭᠠᠭᠯᠠᠵᠤ᠂ ᠰᠢᠨ᠎ᠡ | ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ ᠳᠦᠷᠢᠮ ᠤᠨ ᠲᠣᠭᠲᠠᠴᠠ ᠳᠤ | ᠰᠢᠨ᠎ᠡ ᠶᠢ ᠡᠭᠦᠳᠪᠡ᠃ ᠭᠡᠲᠡᠯ᠎ᠡ᠂ ᠠᠵᠤ ᠠᠬᠤᠶᠢᠯᠠᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ | ᠨᠠᠶᠢᠳᠠᠪᠤᠷᠢᠵᠢᠭᠤᠯᠬᠤ ᠶᠢ ᠵᠢᠯᠣᠭᠤᠳᠤᠨ ᠠᠬᠢᠭᠤᠯᠬᠤ ᠶᠠᠪᠤᠴᠠ ᠳᠤ᠂ ᠠᠵᠤ ᠠᠬᠤᠶᠢᠯᠠᠯ ᠤᠳ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢᠨ ᠲᠣᠭᠲᠠᠭᠠᠯ ᠨᠢ ᠬᠡᠷᠡᠭᠵᠢᠭᠦᠯᠬᠦ᠋ᠢᠴᠡ ᠴᠢᠨᠠᠷ ᠢᠶᠠᠷ ᠳᠤᠲᠠᠮᠠᠭ ᠪᠠᠶᠢᠵᠤ᠂ ᠨᠠᠩ ᠪᠣᠳᠠᠲᠠᠢ | ᠬᠡᠷᠡᠭᠵᠢᠭᠦᠯᠬᠦ ᠠᠷᠭ᠎ᠠ ᠲᠣᠭᠲᠠᠭᠠᠵᠤ᠂ ᠣᠨᠣᠪᠴᠢᠲᠠᠶ ᠣᠶᠢᠯᠠᠭᠠᠬᠤ ᠪᠠ ᠪᠥᠬᠦ ᠲᠠᠯ᠎ᠠ ᠪᠠᠷ ᠬᠡᠷᠡᠭᠵᠢᠭᠦᠯᠬᠦ ᠳᠤ ᠳᠥᠭᠦᠮᠯᠡᠬᠦ ᠶᠢ | ᠬᠦᠰᠡᠵᠦ ᠪᠠᠶᠢᠨ᠎ᠠ ᠭᠡᠵᠦ ᠲᠤᠰᠬᠠᠵᠠᠢ ᠭᠡᠪᠡ᠃ | ᠰᠢᠨ᠎ᠡ ᠲᠣᠭᠲᠠᠭᠠᠯ ᠳᠤ ᠬᠥᠮᠥᠰ ᠤᠨ ᠠᠩᠬᠠᠷᠤᠯ ᠢ ᠲᠠᠲᠠᠭᠰᠠᠨ ᠨᠢᠭᠡ ᠬᠤᠪᠢᠷᠠᠯᠲᠠ ᠭᠡᠪᠡᠯ᠂ ᠰᠢᠨ᠎ᠡ ᠬᠡᠯᠪᠡᠷᠢ ᠪᠠᠷ | ᠠᠵᠢᠯ ᠣᠯᠣᠭᠰᠠᠨ ᠬᠥᠳᠡᠯᠮᠦᠷᠢᠴᠢᠳ ᠤᠨ ᠠᠵᠢᠯᠯᠠᠬᠤ ᠴᠠᠭ ᠢ ᠪᠤᠳᠤᠬᠤ ᠠᠷᠭ᠎ᠠ ᠪᠠ ᠠᠮᠠᠷᠠᠬᠤ ᠠᠷᠭ᠎ᠠ ᠶᠢ ᠳᠤᠷᠠᠳᠴᠠᠢ᠃ | ᠲᠤᠬᠠᠶᠢᠯᠠᠪᠠᠯ ᠠᠵᠢᠯᠯᠠᠬᠤ ᠴᠠᠭ ᠨᠢ ᠳᠡᠭᠡᠳᠦ ᠬᠢᠵᠠᠭᠠᠷ ᠲᠤ ᠪᠠᠨ ᠬᠥᠷᠪᠡᠯ᠂ ᠲᠠᠪᠴᠠᠩ ᠠᠴᠠ ᠵᠠᠬᠢᠶᠠᠯᠠᠭ᠎ᠠ | ᠳᠠᠭᠠᠭᠠᠯᠭᠠᠬᠤ ᠪᠠᠨ ᠵᠣᠭᠰᠣᠬᠤ ᠬᠡᠷᠡᠭᠲᠡᠢ᠃ ︽ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠠᠮᠠᠷᠠᠯᠲᠠ | ᠪᠠ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ ᠠᠰᠢᠭ ᠢ ᠪᠠᠲᠤᠯᠠᠬᠤ ᠵᠢᠯᠣᠭᠤᠳᠤᠮᠵᠢ︾ ᠳᠤ᠂ ᠲᠠᠪᠴᠠᠩ ᠤᠨ ᠠᠵᠤ | ᠠᠬᠤᠶᠢᠯᠠᠯ ᠨᠢ ᠠᠵᠢᠯᠴᠢᠨ ᠤ ᠡᠪᠯᠡᠯ ᠪᠤᠶᠤ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ | ᠲᠥᠯᠥᠭᠡᠯᠡᠭᠴᠢ ᠲᠠᠢ ᠵᠥᠪᠳᠡᠯᠴᠡᠵᠦ᠂ ᠬᠥᠳᠡᠯᠮᠦᠷᠢᠴᠢᠳ ᠤᠨ ᠵᠠᠯᠭᠠᠭ᠎ᠠ ᠪᠠᠷ ᠵᠠᠬᠢᠶᠠᠯᠠᠭ᠎ᠠ ᠭᠥᠯᠢᠶᠡᠨ ᠠᠪᠬᠤ ᠬᠠᠮᠤᠭ ᠤᠷᠲᠤ | ᠴᠠᠭ ᠪᠠ ᠡᠳᠦᠷ ᠪᠦᠷᠢ ᠶᠢᠨ ᠬᠠᠮᠤᠭ ᠣᠷᠳᠣ ᠠᠵᠢᠯᠯᠠᠬᠤ ᠴᠠᠭ ᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ | ᠬᠥᠳᠡᠯᠮᠦᠷᠢᠴᠢᠳ ᠤᠨ ᠠᠵᠢᠯᠯᠠᠬᠤ ᠴᠠᠭ ᠨᠢ ᠳᠡᠭᠡᠳᠦ ᠬᠢᠵᠠᠭᠠᠷ ᠲᠤ ᠪᠠᠨ ᠬᠥᠷᠪᠡᠯ᠂ ᠰᠢᠰᠲ᠋ᠧᠮ ᠠᠴᠠ ᠠᠮᠠᠷᠠᠬᠤ | ᠰᠠᠨᠠᠭᠤᠯᠤᠮᠵᠢ ᠥᠭᠬᠦ ᠶᠢᠨ ᠬᠠᠮᠲᠤ ᠵᠠᠬᠢᠶᠠᠯᠠᠭ᠎ᠠ ᠥᠭᠬᠦ ᠪᠠᠨ ᠬᠡᠰᠡᠭ ᠬᠤᠭᠤᠴᠠᠭ᠎ᠠ ᠵᠣᠭᠰᠣᠵᠤ᠂ ᠬᠥᠳᠡᠯᠮᠦᠷᠢᠴᠢᠳ ᠤᠨ | ᠴᠢᠬᠤᠯᠠ ᠪᠦᠬᠦᠢ ᠠᠮᠠᠷᠠᠬᠤ ᠴᠠᠭ ᠣᠯᠬᠤ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠵᠠᠢ᠃ | ᠨᠥᠭᠦᠭᠡ ᠨᠢᠭᠡ ᠡᠷᠬᠡ ᠠᠰᠢᠭ ᠨᠢ ᠭᠡᠪᠡᠯ᠂ ᠵᠠᠬᠢᠶᠠᠯᠠᠭ᠎ᠠ ᠬᠦᠷᠭᠡᠭᠴᠢ ᠵᠡᠷᠭᠡ ᠰᠢᠨ᠎ᠡ ᠬᠡᠯᠪᠡᠷᠢ ᠪᠠᠷ ᠠᠵᠢᠯ ᠣᠯᠣᠭᠰᠠᠨ | ᠬᠥᠳᠡᠯᠮᠦᠷᠢᠴᠢᠨ ᠳᠤ ᠲᠡᠭᠦᠨ ᠤ ᠪᠣᠳᠠᠲᠠᠢ ᠠᠵᠢᠯᠯᠠᠵᠤ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ | ᠲᠣᠭᠲᠠᠭᠠᠭᠰᠠᠨ ᠴᠠᠭ ᠪᠦᠷᠢ ᠶᠢᠨ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠬᠡᠷᠡᠭᠯᠡᠨ᠎ᠡ᠃ ᠡᠭᠦᠨ ᠤ ᠬᠠᠮᠲᠤ᠂ ᠮᠠᠰᠢ | ᠣᠯᠠᠨ ᠬᠦᠷᠭᠡᠭᠴᠢ ᠶᠢᠨ ᠳᠤᠷᠠᠳᠤᠭᠰᠠᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ | ᠦᠷᠭᠦᠯᠵᠢᠯᠡᠨ ᠠᠵᠢᠯᠯᠠᠪᠠᠯ ᠨᠡᠮᠡᠵᠦ ᠠᠵᠢᠯᠯᠠᠭᠰᠠᠨ ᠮᠥᠩᠭᠦ ᠣᠯᠵᠤ ᠳᠡᠶᠢᠯᠬᠦ ᠡᠰᠡᠬᠦ ᠠᠰᠠᠭᠤᠳᠠᠯ ᠳᠤ ᠴᠢᠭᠯᠡᠭᠦᠯᠦᠨ᠂ | ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠠᠵᠢᠯᠯᠠᠵᠤ ᠪᠠᠶᠢᠭ᠎ᠠ ᠰᠢᠨ᠎ᠡ ᠬᠡᠯᠪᠡᠷᠢ ᠪᠠᠷ | ᠠᠵᠢᠯ ᠣᠯᠣᠭᠰᠠᠨ ᠬᠥᠳᠡᠯᠮᠦᠷᠢᠴᠢᠳ ᠤᠨ ᠬᠥᠳᠡᠯᠮᠦᠷᠢ ᠶᠢᠨ ᠬᠥᠯᠥᠰᠦ ᠣᠯᠭᠤᠮᠵᠢ ᠨᠢ ᠬᠡᠪ ᠤᠨ ᠠᠵᠢᠯᠯᠠᠬᠤ ᠴᠠᠭ ᠤᠨ | ᠬᠥᠳᠡᠯᠮᠦᠷᠢ ᠶᠢᠨ ᠬᠥᠯᠥᠰᠦ ᠣᠯᠭᠤᠮᠵᠢ ᠠᠴᠠ ᠥᠨᠳᠥᠷ ᠪᠠᠶᠢᠬᠤ ᠬᠡᠷᠡᠭᠲᠡᠢ᠂ ᠠᠵᠤ ᠠᠬᠤᠶᠢᠯᠠᠯ ᠨᠢ ᠰᠢᠨ᠎ᠡ ᠬᠡᠯᠪᠡᠷᠢ ᠪᠠᠷ | ᠠᠵᠢᠯ ᠣᠯᠣᠭᠰᠠᠨ ᠬᠥᠳᠡᠯᠮᠦᠷᠢᠴᠢᠨ ᠬᠤᠪᠢ ᠬᠥᠮᠥᠨ ᠳᠤ ᠴᠠᠭ ᠲᠤᠬᠠᠢ ᠳᠤ ᠨᠢ ᠲᠤᠭ᠎ᠠ ᠶᠣᠰᠣᠭᠠᠷ ᠥᠭᠬᠦ ᠬᠡᠷᠡᠭᠲᠡᠢ ᠭᠡᠵᠦ | ᠰᠢᠨ᠎ᠡ ᠲᠣᠭᠲᠠᠭᠠᠯ ᠳᠤ ᠲᠣᠳᠣᠷᠬᠠᠶᠢᠯᠠᠵᠠᠢ᠃ | ᠨᠡᠶᠢᠰᠯᠡᠯ ᠤᠨ ᠠᠵᠤ ᠠᠬᠤᠢ ᠠᠷᠠᠯᠵᠢᠶᠠᠨ ᠤ ᠶᠡᠭᠡ ᠰᠤᠷᠭᠠᠭᠤᠯᠢ ᠶᠢᠨ ᠬᠥᠳᠡᠯᠮᠦᠷᠢ ᠶᠢᠨ ᠠᠵᠤ ᠠᠬᠤᠢ ᠶᠢᠨ ᠳᠡᠭᠡᠳᠦ | ᠰᠤᠷᠭᠠᠭᠤᠯᠢ ᠶᠢᠨ ᠳᠡᠳ᠋ ᠫᠷᠤᠹᠧᠰᠰᠤᠷ᠂ ᠳᠤᠮᠳᠠᠳᠤ ᠤᠯᠤᠰ ᠤᠨ ᠰᠢᠨ᠎ᠡ ᠬᠡᠯᠪᠡᠷᠢ ᠪᠠᠷ ᠠᠵᠢᠯ ᠣᠯᠭᠤᠬᠤ ᠰᠤᠳᠤᠯᠭᠠᠨ ᠤ | ᠲᠥᠪ ᠤᠨ ᠡᠷᠬᠢᠯᠡᠭᠴᠢ ᠵᠠᠩ ᠴᠧᠩ ᠭᠠᠩ᠄ ︽︿ᠬᠤᠶᠠᠷ ᠵᠢᠯᠣᠭᠤᠳᠤᠮᠵᠢ ᠨᠢᠭᠡ ᠵᠦᠭᠯᠡᠭᠦᠷ﹀ ᠢ ᠨᠡᠶᠢᠲᠡᠯᠡᠭᠰᠡᠨ ᠨᠢ ᠰᠢᠨ᠎ᠡ | ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ᠂ | ᠬᠥᠳᠡᠯᠮᠦᠷᠢ ᠶᠢᠨ ᠨᠥᠬᠦᠴᠡᠯ ᠤᠨ ᠡᠷᠬᠡ᠂ ᠬᠥᠳᠡᠯᠮᠦᠷᠢ ᠶᠢᠨ ᠲᠡᠳᠬᠦᠮᠵᠢ ᠶᠢᠨ ᠡᠷᠬᠡ ᠵᠡᠷᠭᠡ ᠬᠥᠳᠡᠯᠮᠦᠷᠢ ᠶᠢᠨ ᠡᠷᠬᠡ | ᠠᠰᠢᠭ ᠤᠨ ᠪᠠᠲᠤᠯᠠᠭ᠎ᠠ ᠶᠢ ᠴᠢᠨᠠᠭᠰᠢᠳᠠ ᠤᠯᠠᠮ ᠨᠠᠷᠢᠯᠢᠭᠵᠢᠭᠤᠯᠤᠭᠰᠠᠨ ᠶᠠᠪᠤᠳᠠᠯ ᠪᠣᠯᠣᠨ᠎ᠠ᠃ ᠬᠥᠳᠡᠯᠮᠦᠷᠢ ᠶᠢᠨ ᠬᠥᠯᠥᠰᠦ | ᠣᠯᠭᠤᠮᠵᠢ ᠶᠢᠨ ᠡᠷᠬᠡ ᠶᠢᠨ ᠪᠠᠲᠤᠯᠠᠭ᠎ᠠ ᠳᠤ ᠨᠠᠭᠠᠲᠤ ᠵᠠᠬ᠎ᠠ ᠶᠢᠨ ᠴᠠᠯᠢᠩ ᠤᠨ ᠪᠠᠲᠤᠯᠠᠭ᠎ᠠ ᠵᠢᠴᠢ ᠬᠠᠤᠯᠢ ᠪᠠᠷ | ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠥᠨᠳᠥᠷ ᠬᠥᠯᠥᠰᠦ ᠣᠯᠭᠤᠮᠵᠢ ᠶᠢᠨ ᠪᠠᠷᠢᠮᠵᠢᠶ᠎ᠠ ᠶᠢ | ᠴᠢᠬᠤᠯᠠᠴᠢᠯᠠᠪᠠ︔ ᠠᠮᠠᠷᠠᠯᠲᠠ ᠪᠠ ᠴᠢᠯᠦᠭᠡᠨ ᠤ ᠡᠷᠬᠡ ᠶᠢᠨ ᠪᠠᠲᠤᠯᠠᠭ᠎ᠠ ᠨᠢ ᠵᠠᠬᠢᠶᠠᠯᠠᠭ᠎ᠠ ᠭᠥᠯᠢᠶᠡᠨ ᠠᠪᠬᠤ ᠬᠠᠮᠤᠭ ᠤᠷᠲᠤ | ᠴᠠᠭ ᠪᠠ ᠬᠠᠮᠤᠭ ᠣᠷᠳᠣ ᠠᠵᠢᠯᠯᠠᠭᠰᠠᠨ ᠴᠠᠭ ᠢ ᠴᠢᠬᠤᠯᠠᠴᠢᠯᠠᠬᠤ ᠶᠢᠨ ᠬᠠᠮᠲᠤ ᠠᠵᠢᠯᠯᠠᠭᠰᠠᠨ ᠴᠠᠭ ᠢ ᠪᠤᠳᠤᠬᠤ ᠠᠷᠭ᠎ᠠ ᠶᠢ | ᠳᠤᠷᠠᠳᠪᠠ︔ ᠬᠥᠳᠡᠯᠮᠦᠷᠢ ᠶᠢᠨ ᠲᠡᠳᠬᠦᠮᠵᠢ ᠶᠢᠨ ᠡᠷᠬᠡ ᠶᠢ ᠭᠤᠣᠯᠳᠠᠭᠤ ᠠᠵᠤ ᠠᠬᠤᠶᠢᠯᠠᠯ ᠤᠨ ᠳᠣᠲᠣᠭᠠᠳᠤ ᠶᠢᠨ | ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ᠂ ᠠᠵᠢᠯᠲᠠᠨ ᠤ ᠡᠪᠯᠡᠯ ᠢᠶᠠᠷ ᠡᠷᠬᠡ ᠪᠠᠨ ᠬᠠᠮᠠᠭᠠᠯᠠᠬᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠢᠶᠠᠷ ᠡᠷᠬᠡ ᠪᠠᠨ ᠬᠠᠮᠠᠭᠠᠯᠠᠬᠤ ᠵᠡᠷᠭᠡ ᠠᠷᠭ᠎ᠠ ᠵᠠᠮ ᠢᠶᠠᠷ ᠪᠠᠲᠤᠯᠠᠨ᠎ᠠ᠃︾ ᠭᠡᠵᠦ ᠢᠯᠡᠷᠬᠡᠶᠢᠯᠡᠪᠡ᠃ | ᠡᠭᠦᠨ ᠠᠴᠠ ᠡᠮᠦᠨ᠎ᠡ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ | ᠬᠤᠯᠪᠣᠭᠳᠠᠯ ᠪᠦᠬᠦᠢ ᠪᠠᠶᠢᠴᠠᠭᠠᠨ ᠰᠤᠳᠤᠯᠤᠯᠲᠠ ᠪᠠ ᠰᠤᠳᠤᠯᠤᠨ ᠶᠠᠷᠢᠯᠴᠠᠬᠤ ᠬᠤᠷᠠᠯ ᠢ ᠣᠯᠠᠨᠲᠠ ᠡᠷᠭᠢᠯᠡᠭᠰᠡᠨ ᠪᠥᠭᠡᠳ | ᠬᠤᠯᠪᠣᠭᠳᠠᠯ ᠪᠦᠬᠦᠢ ᠠᠵᠤ ᠠᠬᠤᠶᠢᠯᠠᠯ ᠳᠤ ᠵᠠᠰᠠᠭ ᠵᠠᠬᠢᠷᠭᠠᠨ ᠤ ᠬᠠᠮᠲᠤᠷᠠᠭᠰᠠᠨ ᠵᠢᠯᠣᠭᠤᠳᠤᠯᠭ᠎ᠠ ᠥᠷᠨᠢᠭᠦᠯᠦᠭᠰᠡᠨ | ᠪᠠᠶᠢᠨ᠎ᠠ᠃ ᠵᠢᠯᠣᠭᠤᠳᠤᠮᠵᠢ᠂ ᠵᠦᠭᠯᠡᠭᠦᠷ ᠤᠨ ᠪᠣᠳᠠᠲᠠᠢ ᠠᠭᠤᠯᠭ᠎ᠠ ᠶᠢᠨ ᠪᠦᠷᠢᠯᠳᠦᠯ ᠨᠢ ᠠᠵᠤ ᠠᠬᠤᠶᠢᠯᠠᠯ᠂ | ᠬᠥᠳᠡᠯᠮᠦᠷᠢᠴᠢᠨ᠂ ᠮᠡᠷᠭᠡᠵᠢᠯᠲᠡᠨ᠂ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ ᠪᠠ ᠭᠠᠵᠠᠷ ᠣᠷᠣᠨ ᠤ ᠰᠠᠨᠠᠯ | ᠰᠠᠨᠠᠭᠤᠯᠭ᠎ᠠ ᠶᠢ ᠭᠦᠢᠴᠡᠳ ᠰᠣᠨᠣᠰᠴᠤ᠂ ︽ᠬᠤᠶᠠᠷ ᠢ ᠬᠠᠮᠠᠭᠠᠯᠠᠬᠤ︾ ᠣᠶᠢᠯᠠᠭᠠᠭᠳᠠᠬᠤᠨ ᠢ ᠢᠯᠡᠷᠡᠭᠦᠯᠦᠭᠰᠡᠨ ᠪᠠᠶᠢᠨ᠎ᠠ᠃ | ᠵᠠᠩ ᠴᠧᠩ ᠭᠠᠩ ᠤᠨ ᠦᠵᠡᠬᠦ ᠪᠠᠷ᠂ ︽ᠬᠤᠶᠠᠷ ᠵᠢᠯᠣᠭᠤᠳᠤᠮᠵᠢ ᠨᠢᠭᠡ ᠵᠦᠭᠯᠡᠭᠦᠷ︾ ᠢ ᠨᠡᠶᠢᠲᠡᠯᠡᠭᠰᠡᠨ ᠨᠢ ᠰᠢᠨ᠎ᠡ | ᠬᠡᠯᠪᠡᠷᠢ ᠪᠠᠷ ᠠᠵᠢᠯ ᠣᠯᠣᠭᠰᠠᠨ ᠠᠵᠢᠯᠯᠠᠭᠰᠠᠳ ᠪᠠ ᠲᠠᠪᠴᠠᠩ ᠤᠨ ᠠᠵᠤ ᠠᠬᠤᠶᠢᠯᠠᠯ ᠤᠳ ᠤᠨ ᠬᠤᠯᠪᠣᠭᠳᠠᠯ ᠪᠦᠬᠦᠢ | ᠬᠥᠳᠡᠯᠮᠦᠷᠢ ᠶᠢᠨ ᠡᠷᠬᠡ ᠠᠰᠢᠭ ᠤᠨ ᠳᠤᠮᠳᠠᠬᠢ ᠡᠷᠬᠡ ᠡᠭᠦᠷᠭᠡ ᠶᠢᠨ ᠬᠠᠷᠢᠴᠠᠭ᠎ᠠ ᠶᠢ ᠵᠣᠬᠢᠴᠠᠭᠤᠯᠬᠤ ᠳᠤ ᠠᠰᠢᠭᠲᠠᠢ | ᠪᠠᠶᠢᠵᠤ᠂ ᠨᠢᠭᠡ ᠲᠠᠯ᠎ᠠ ᠪᠠᠷ ᠲᠠᠪᠴᠠᠩ ᠤᠨ ᠠᠵᠤ ᠠᠬᠤᠶᠢᠯᠠᠯ ᠤᠳ ᠤᠨ ᠠᠵᠢᠯᠴᠢᠨ ᠬᠡᠷᠡᠭᠯᠡᠬᠦ ᠳᠦᠷᠢᠮ ᠢ ᠲᠣᠭᠲᠠᠭᠠᠬᠤ ᠳᠤ | ᠵᠢᠯᠣᠭᠤᠳᠤᠯᠭ᠎ᠠ ᠪᠣᠯᠵᠤ᠂ ᠨᠥᠭᠦᠭᠡ ᠲᠠᠯ᠎ᠠ ᠪᠠᠷ ᠪᠠᠰᠠ ᠠᠵᠢᠯᠯᠠᠭᠰᠠᠳ ᠤᠨ ᠵᠢᠱᠢᠯᠲᠡ ᠶᠢ ᠬᠥᠲᠥᠯᠥᠨ ᠵᠢᠯᠤᠭᠤᠳᠬᠤ ᠶᠢᠨ | ᠬᠠᠮᠲᠤ ᠬᠥᠳᠡᠯᠮᠦᠷᠢ ᠶᠢᠨ ᠵᠢᠭᠤᠷᠠᠯᠳᠤᠭᠠᠨ ᠤ ᠲᠣᠭᠲᠠᠭᠠᠯᠲᠠ ᠳᠤ ᠪᠠᠷᠢᠮᠵᠢᠶ᠎ᠠ ᠬᠠᠩᠭᠠᠨ ᠥᠭᠴᠡᠢ᠃ ᠡᠲᠡᠭᠡᠷ ᠨᠢ ᠴᠥᠮ | ᠠᠵᠢᠯᠯᠠᠭᠴᠢ ᠪᠠ ᠲᠠᠪᠴᠠᠩ ᠤᠨ ᠠᠵᠤ ᠠᠬᠤᠶᠢᠯᠠᠯ ᠤᠨ ᠬᠤᠭᠤᠷᠣᠨᠳᠣᠬᠢ ᠨᠠᠩ ᠡᠶ᠎ᠡ ᠵᠣᠬᠢᠴᠠᠯ ᠲᠠᠢ ᠠᠵᠢᠯᠴᠢᠨ ᠬᠡᠷᠡᠭᠯᠡᠬᠦ | ᠬᠠᠷᠢᠴᠠᠭ᠎ᠠ ᠶᠢ ᠪᠦᠷᠢᠯᠳᠦᠭᠦᠯᠬᠦ ᠳᠤ ᠠᠰᠢᠭᠲᠠᠢ ᠶᠤᠮ᠃ |