ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠶᠢᠳᠪᠦᠷᠢᠯᠡᠭᠦᠯᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/19
     3 ᠰᠠᠷ᠎ᠠ ᠶᠢᠨ 18 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ᠂ ᠤᠯᠤᠰ ᠲᠦᠷᠦ ᠶᠢᠨ ᠵᠥᠪᠯᠡᠯᠭᠡᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠲᠤᠰᠢᠶᠠᠨ ᠰᠶᠢᠳᠪᠦᠷᠢᠯᠡᠭᠦᠯᠬᠦ ᠬᠤᠷᠠᠯ ᠬᠤᠷᠠᠯᠳᠤᠭᠤᠯᠵᠤ᠂ ᠰᠢᠯᠢ ᠶᠢᠨ ᠭᠤᠣᠯ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠬᠤᠭᠤᠴᠠᠭᠠᠨ ᠳᠤ ᠳᠠᠩᠰᠠᠯᠠᠭᠰᠠᠨ 166 ᠬᠤᠪᠢ ᠰᠠᠨᠠᠯ ᠳᠤᠷᠠᠳᠤᠯᠭ᠎ᠠ ᠶᠢ ᠠᠶᠢᠮᠠᠭ ᠤᠨ ᠨᠠᠮ ᠤᠨ ᠬᠤᠷᠢᠶ᠎ᠠ ᠶᠢᠨ ᠠᠯᠪᠠᠨ ᠭᠡᠷ᠂ ᠵᠠᠬᠢᠷᠭ᠎ᠠ ᠶᠢᠨ ᠠᠯᠪᠠᠨ ᠭᠡᠷ ᠲᠤ ᠲᠤᠰᠢᠶᠠᠵᠤ᠂ ᠬᠤᠷᠠᠯ ᠤᠨ ᠳᠠᠷᠠᠭ᠎ᠠ ᠠᠶᠢᠮᠠᠭ ᠤᠨ ᠨᠠᠮ ᠤᠨ ᠬᠤᠷᠢᠶ᠎ᠠ ᠶᠢᠨ ᠠᠯᠪᠠᠨ ᠭᠡᠷ᠂ ᠵᠠᠬᠢᠷᠭ᠎ᠠ ᠶᠢᠨ ᠠᠯᠪᠠᠨ ᠭᠡᠷ ᠠᠴᠠ ᠲᠠᠬᠢᠨ ᠡᠯ᠎ᠡ ᠳᠠᠭᠠᠭᠠᠨ ᠰᠶᠢᠳᠪᠦᠷᠢᠯᠡᠬᠦ ᠨᠢᠭᠡᠴᠢ ᠪᠣᠯᠣᠨ ᠰᠠᠯᠠᠭ᠎ᠠ ᠮᠥᠴᠢᠷ ᠲᠤ ᠲᠤᠰ ᠲᠤᠰ ᠲᠤᠰᠢᠶᠠᠪᠠ᠃      ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠳ᠋ᠧ ᠶᠦᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠪᠠᠶᠢᠩᠭᠤ ᠶᠢᠨ ᠲᠡᠳ᠋ ᠳᠠᠷᠤᠭ᠎ᠠ ᠵᠠᠩ ᠢ ᠬᠤᠷᠠᠯ ᠳᠤ ᠣᠷᠣᠯᠴᠠᠬᠰᠠᠨ ᠪᠦᠭᠡᠳ ᠶᠠᠷᠢᠶ᠎ᠠ ᠲᠠᠯᠪᠢᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠰᠪᠠᠶᠠᠷ ᠬᠤᠷᠠᠯ ᠢ ᠡᠷᠭᠢᠯᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠳᠠᠭᠠᠭᠠᠨ ᠰᠶᠢᠳᠪᠦᠷᠢᠯᠡᠬᠦ ᠰᠠᠯᠠᠭ᠎ᠠ ᠮᠥᠴᠢᠷ᠂ ᠨᠢᠭᠡᠴᠢ ᠶᠢᠨ ᠬᠢᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠦᠨ᠂ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠦ᠂ ᠠᠰᠠᠭᠤᠳᠠᠯ ᠢ ᠰᠶᠢᠳᠪᠦᠷᠢᠯᠡᠬᠦ ᠲᠠᠯ᠎ᠠ ᠪᠠᠷ ᠴᠢᠷᠮᠠᠶᠢᠨ ᠠᠷᠭ᠎ᠠ ᠪᠤᠳᠤᠵᠦ᠂ ᠭᠡᠰᠢᠭᠦᠳ ᠤᠨ ᠬᠦᠰᠡᠯ ᠱᠠᠭᠠᠷᠳᠠᠯᠭ᠎ᠠ ᠶᠢ ᠦᠨᠡᠨ ᠬᠦ ᠪᠣᠳᠠᠲᠠᠢ ᠨᠠᠶᠢᠳᠠᠪᠤᠷᠢᠵᠢᠭᠤᠯᠵᠤ᠂ ᠡᠨᠡ ᠵᠢᠯ ᠤᠨ ᠰᠠᠨᠠᠯ ᠲᠤᠷᠠᠳᠤᠯᠭ᠎ᠠ ᠶᠢ ᠰᠶᠢᠳᠪᠦᠷᠢᠯᠡᠬᠦ ᠠᠵᠢᠯ ᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠭᠦ ᠭᠡᠷᠡᠭᠳᠡᠢ᠃ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠶᠢᠳᠪᠦᠷᠢᠯᠡᠬᠦ ᠠᠵᠢᠯ ᠢ ᠴᠢᠬᠤᠯᠠᠴᠢᠯᠠᠵᠤ᠂ ᠰᠠᠨᠠᠯ ᠳᠤᠷᠠᠳᠤᠯᠭ᠎ᠠ ᠶᠢ ᠰᠶᠢᠳᠪᠦᠷᠢᠯᠡᠬᠦ ᠵᠥᠪᠯᠡᠯᠭᠡ ᠶᠢ ᠰᠠᠨᠠᠯ ᠳᠤᠷᠠᠳᠤᠯᠭ᠎ᠠ ᠶᠢ ᠲᠤᠰᠢᠶᠠᠨ ᠰᠶᠢᠳᠪᠦᠷᠢᠯᠡᠭᠦᠯᠬᠦ᠂ ᠱᠠᠯᠠᠪᠳᠠᠭᠤᠯᠤᠨ ᠰᠶᠢᠳᠪᠦᠷᠢᠯᠡᠭᠦᠯᠬᠦ ᠪᠦᠬᠦ ᠶᠠᠪᠤᠴᠠ ᠳᠤ ᠲᠤᠭᠤᠰᠢᠯᠠᠭᠤᠯᠵᠤ᠂ ᠰᠠᠨᠠᠯ ᠳᠤᠷᠠᠳᠤᠯᠭ᠎ᠠ ᠶᠢ ᠰᠶᠢᠳᠪᠦᠷᠢᠯᠡᠬᠦ ᠰᠢᠨᠵᠢᠯᠡᠬᠦ ᠤᠬᠠᠭᠠᠨᠴᠢ ᠭᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠠᠨᠠᠯ ᠲᠤᠷᠠᠳᠤᠯᠭ᠎ᠠ ᠶᠢ ᠰᠶᠢᠳᠪᠦᠷᠢᠯᠡᠬᠦ ᠠᠵᠢᠯ ᠢ ᠲᠤᠰ ᠰᠠᠯᠠᠭ᠎ᠠ ᠮᠥᠴᠢᠷ ᠤᠨ ᠢᠶᠠᠨ ᠲᠤᠬᠠᠶᠢᠯᠠᠭᠰᠠᠨ ᠠᠵᠢᠯ ᠲᠠᠢ ᠵᠡᠷᠭᠡ ᠪᠠᠷ ᠪᠠᠶᠢᠷᠢᠯᠠᠭᠤᠯᠬᠤ᠂ ᠵᠡᠷᠭᠡ ᠪᠠᠷ ᠠᠬᠢᠭᠤᠯᠬᠤ᠂ ᠵᠡᠷᠭᠡ  ᠪᠠᠷ  ᠨᠠᠶᠢᠳᠠᠪᠤᠷᠢᠵᠢᠭᠤᠯᠬᠤ  ᠶᠢ  ᠦᠨᠡᠨ  ᠬᠦ ᠪᠠᠲᠤᠯᠠᠵᠤ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠲᠤᠷᠠᠳᠤᠯᠭ᠎ᠠ ᠶᠢ ᠰᠶᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠰᠶᠢᠳᠪᠦᠷᠢᠯᠡᠬᠦ ᠬᠠᠷᠢᠭᠤᠴᠠᠯᠭ᠎ᠠ ᠶᠢ ᠴᠢᠩᠭᠠᠳᠬᠠᠨ᠂ ᠰᠶᠢᠳᠪᠦᠷᠢᠯᠡᠬᠦ ᠶᠢ ᠲᠦᠷᠢᠮᠵᠢᠭᠦᠯᠭᠦ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠠᠨᠠᠯ ᠳᠤᠷᠠᠳᠤᠯᠭ᠎ᠠ ᠶᠢ ᠰᠶᠢᠳᠪᠦᠷᠢᠯᠡᠬᠦ ᠠᠵᠢᠯ ᠢ ᠰᠠᠶᠢᠲᠤᠷ ᠬᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠪᠥᠬᠦ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠶᠢᠳᠪᠦᠷᠢᠯᠡᠬᠦ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠪᠡ᠃      ᠬᠤᠷᠠᠯ ᠳᠡᠭᠡᠷ᠎ᠡ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠲᠤᠬᠠᠢ ᠰᠠᠨᠠᠯ ᠢᠶᠠᠨ ᠰᠣᠯᠢᠯᠴᠠᠬᠤ ᠦᠭᠡ ᠭᠡᠯᠡᠪᠡ᠃                                                 ᠣᠷᠴᠢᠭᠤᠯᠣᠭᠴᠢ᠄ ᠣᠶᠣᠩᠬᠤᠸᠠᠷ  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号