ᠠᠶᠢᠮᠠᠭ ᠤᠨ ᠨᠠᠮ ᠤᠨ ᠬᠤᠷᠢᠶ᠎ᠠ 2024 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠳᠣᠯᠣᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/22
     3 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2024 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠳᠣᠯᠣᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ  ᠴᠧᠩ ᠤᠨ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠦᠶ᠎ᠠ ᠶᠢᠨ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ  ᠬᠤᠷᠢᠶ᠎ᠠ ᠪᠣᠯᠣᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠡᠲᠡᠭᠡᠳ᠂ ᠣᠷᠴᠢᠨ ᠲᠤᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠬᠤ ᠦᠶ᠎ᠡ  ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠢᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠴᠢᠨᠠᠷ ᠰᠠᠶᠢᠲᠠᠢ ᠬᠥᠭᠵᠢᠯᠲᠠ ᠭᠡᠭᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠮᠣᠩᠭᠤᠯ ᠯᠤᠭ᠎ᠠ ᠶᠢᠨ ᠨᠡᠭᠡᠭᠡᠯᠲᠡ ᠶᠢ ᠪᠤᠵᠠᠭᠠᠶᠢᠷᠠᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ᠪᠡᠭᠡᠵᠢᠩ ᠲᠢᠶᠠᠨᠵᠢᠨ ᠾᠧᠪᠧᠢ᠂ ᠵᠡᠭᠦᠨ ᠬᠤᠶᠢᠲᠤ ᠣᠷᠣᠨ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢ ᠠᠬᠢᠭᠤᠯᠵᠤ᠂ ᠮᠠᠨ ᠤ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠰᠢᠨ᠎ᠡ ᠠᠬᠢᠴᠠ ᠲᠠᠢ ᠪᠤᠯᠵᠦ ᠰᠢᠨ᠎ᠡ ᠦᠷ᠎ᠠ ᠪᠦᠲᠦᠮᠵᠢ ᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠠᠢ᠃ ᠰᠦᠨ ᠱᠤᠤ ᠴᠧᠩ ᠱᠦᠵᠢ ᠶᠢᠨ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠳᠤᠯᠤᠨ ᠲᠥᠯᠥᠪᠵᠢᠭᠦᠯᠬᠦ ᠪᠠᠨ ᠴᠢᠩᠭᠠᠳᠬᠠᠠ᠂ ᠬᠥᠭᠵᠢᠯᠲᠡ ᠶᠢᠨ ᠰᠡᠳᠬᠢᠮᠵᠢ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠤᠨ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠠᠢ᠃      ᠬᠤᠷᠠᠯ ᠠᠴᠠ ᠠᠶᠢᠮᠠᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠦ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠨᠠᠮ ᠤᠨ ᠲᠥᠪ ᠬᠤᠷᠢᠶᠠᠨ ᠤ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠬᠠᠮᠠᠭᠠᠯᠠᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢ ᠦᠨᠡᠨ ᠬᠦ ᠴᠢᠩᠭᠠᠳᠬᠠᠠ᠂ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢ ᠶᠡᠬᠡᠪᠡᠷ ᠠᠬᠢᠭᠤᠯᠵᠤ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃                                                   ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号