ᠠᠮᠢ ᠠᠬᠤᠢ ᠣᠷᠴᠢᠨ ᠲᠣᠭᠤᠷᠢᠨ ᠤ ᠶᠠᠮᠤᠨ ᠲᠦᠷᠦᠭᠦᠬᠡᠨ ︽ᠣᠳᠣᠬᠢᠴᠢᠯᠠᠭᠰᠠᠨ ᠠᠮᠢ ᠠᠬᠤᠢ ᠣᠷᠴᠢᠨ | ᠲᠤᠭᠤᠷᠢᠨ ᠤ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢ ᠲᠦᠷᠭᠡᠪᠴᠢᠯᠡᠨ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ | ᠳᠠᠷᠤᠮᠠᠯᠯᠠᠨ ᠲᠠᠷᠬᠠᠭᠠᠵᠤ᠂ ︽ᠬᠤᠶᠠᠷ ᠠᠯᠬᠤᠮ ᠢᠶᠠᠷ ᠶᠠᠪᠤᠬᠤ︾ ᠪᠠᠶᠢᠭᠤᠯᠤᠯᠲᠠ ᠶᠢᠨ ᠬᠠᠷᠠᠯᠲᠠ ᠶᠢ ᠳᠤᠷᠠᠳᠤᠨ ᠭᠠᠷᠭᠠᠪᠠ᠄ | ᠢᠷᠡᠭᠡᠳᠦᠢ ᠶᠢᠨ ᠲᠠᠪᠤᠨ ᠵᠢᠯ ᠳᠤ᠂ ᠣᠳᠣᠬᠢᠴᠢᠯᠠᠭᠰᠠᠨ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢᠨ ᠪᠠᠶᠢᠭᠤᠯᠤᠯᠲᠠ | ᠴᠢᠬᠤᠯᠠ ᠠᠬᠢᠯᠲᠠ ᠲᠠᠢ ᠪᠣᠯᠣᠨ᠎ᠠ︔ 2035 ᠣᠨ ᠪᠣᠯᠬᠤ ᠳᠤ᠂ ᠣᠳᠣᠬᠢᠴᠢᠯᠠᠭᠰᠠᠨ ᠠᠮᠢ ᠠᠬᠤᠢ ᠣᠷᠴᠢᠨ | ᠲᠣᠭᠤᠷᠢᠨ ᠤ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠤᠨ᠎ᠠ᠃ | ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠯᠲᠡ ᠪᠣᠯ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠠᠭᠤᠷᠢ ᠮᠥᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠲᠦᠰᠢᠭ | ᠲᠤᠯᠭᠠᠭᠤᠷᠢ ᠮᠥᠨ᠃ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠠᠮᠢ ᠠᠬᠤᠢ ᠣᠷᠴᠢᠨ ᠲᠣᠭᠤᠷᠢᠨ ᠤ ᠬᠢᠨᠠᠨ | ᠬᠡᠮᠵᠢᠯᠲᠡ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ | ᠳᠠᠷᠤᠮᠠᠯᠯᠠᠨ ᠲᠠᠷᠬᠠᠭᠠᠭᠰᠠᠨ ᠰᠠᠨᠠᠯ ᠨᠢ ᠬᠢᠨᠠᠨ ᠬᠡᠮᠵᠢᠬᠦ ᠶᠢ ᠤᠷᠢᠳ ᠢᠶᠠᠷ ᠬᠡᠷᠡᠭᠵᠢᠭᠦᠯᠬᠦ᠂ ᠬᠤᠷᠴᠠ ᠰᠡᠷᠭᠡᠭ ᠢᠶᠠᠷ ᠬᠢᠨᠠᠨ | ᠬᠡᠮᠵᠢᠬᠦ᠂ ᠣᠨᠣᠪᠴᠢᠲᠠᠢ ᠪᠠᠷ ᠬᠢᠨᠠᠨ ᠬᠡᠮᠵᠢᠬᠦ ᠪᠠᠷ ᠤᠳᠤᠷᠢᠳᠤᠮᠵᠢ᠂ ᠨᠠᠩ ᠥᠨᠳᠥᠷ ᠪᠠᠷᠢᠮᠵᠢᠶ᠎ᠠ ᠪᠠᠷ ᠬᠢᠨᠠᠨ ᠬᠡᠮᠵᠢᠯᠲᠡ ᠶᠢᠨ | ᠳ᠋ᠠᠶᠢᠲ᠋ᠠ ᠶᠢᠨ ︽ᠵᠥᠪ᠂ ᠣᠨᠣᠪᠴᠢᠲᠠᠶ᠂ ᠪᠦᠷᠢᠨ᠂ ᠲᠦᠷᠭᠡᠨ᠂ ᠰᠢᠨ᠎ᠡ︾ ᠪᠠᠶᠢᠬᠤ ᠶᠢ ᠪᠠᠲᠤᠯᠠᠬᠤ ᠪᠠᠷ ᠬᠠᠷᠠᠯᠲᠠ᠂ ᠠᠮᠢ | ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠤᠰᠤᠳᠴᠢ ᠪᠥᠭᠡᠳ ᠡᠷᠬᠡ | ᠰᠦᠷ ᠲᠠᠢ ᠲᠤᠰᠬᠠᠬᠤ ᠪᠠᠷ ᠵᠣᠷᠢᠯᠲᠠ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ | ᠪᠣᠬᠢᠷᠲᠤᠯ ᠢ ᠵᠠᠰᠠᠬᠤ᠂ ᠠᠮᠢ ᠠᠬᠤᠢ ᠶᠢ ᠬᠠᠮᠠᠭᠠᠯᠠᠬᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠤ | ᠦᠵᠡᠭᠦᠯᠬᠦ ᠲᠤᠰᠠᠯᠠᠬᠤ᠂ ᠬᠥᠲᠥᠯᠥᠨ ᠳᠠᠭᠠᠭᠤᠯᠬᠤ ᠪᠠ ᠦᠢᠯᠡᠴᠢᠯᠡᠬᠦ ᠦᠢᠯᠡᠳᠦᠯ ᠢ ᠨᠢ ᠨᠠᠩ ᠰᠠᠶᠢᠨ ᠪᠠᠳᠠᠷᠠᠭᠤᠯᠪᠠ ᠭᠡᠵᠡᠢ᠃ | ᠲᠤᠰ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠰᠠᠨᠠᠯ ᠳᠤ ︽ᠬᠤᠶᠠᠷ ᠠᠯᠬᠤᠮ ᠢᠶᠠᠷ ᠶᠠᠪᠤᠬᠤ︾ ᠬᠠᠷᠠᠯᠲᠠ ᠶᠢ | ᠲᠣᠳᠣᠷᠬᠠᠶᠢᠯᠠᠪᠠ᠄ ᠨᠢᠭᠡᠳᠦᠭᠡᠷ ᠠᠯᠬᠤᠮ ᠳᠤ᠂ ᠢᠷᠡᠬᠦ ᠲᠠᠪᠤᠨ ᠵᠢᠯ ᠳᠤ ᠬᠦᠴᠦᠨ ᠢᠶᠠᠨ ᠲᠥᠪᠯᠡᠷᠡᠭᠦᠯᠦᠨ ᠣᠳᠣᠬᠢᠴᠢᠯᠠᠭᠰᠠᠨ | ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠬᠤᠯᠠ ᠠᠬᠢᠴᠠ ᠲᠠᠢ ᠪᠣᠯᠭᠠᠵᠤ᠂ ᠣᠭᠲᠠᠷᠭᠤᠢ ᠠᠭᠠᠷ | ᠬᠠᠭᠤᠷᠠᠢ ᠳᠠᠯᠠᠢ ᠶᠢ ᠨᠢᠭᠡ ᠴᠣᠭᠴᠠᠵᠢᠭᠤᠯᠤᠭᠰᠠᠨ ᠬᠢᠨᠠᠨ ᠬᠡᠮᠵᠢᠯᠲᠡ ᠶᠢᠨ ᠰᠦᠯᠵᠢᠶᠡᠨ ᠤ ᠪᠠᠶᠢᠭᠤᠯᠤᠯᠲᠠ ᠶᠢᠨ | ᠢᠨᠵᠧᠨᠧᠷᠢᠩ᠂ ᠬᠢᠨᠠᠨ ᠬᠡᠮᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ᠂ | ᠦᠨᠳᠦᠰᠦᠨ ᠱᠠᠲᠤ ᠶᠢ ᠬᠦᠴᠦᠷᠬᠡᠭᠵᠢᠭᠦᠯᠵᠦ ᠳᠤᠲᠠᠭᠳᠠᠯ ᠢ ᠨᠥᠬᠦᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠂ | ᠬᠢᠨᠠᠨ ᠬᠡᠮᠵᠢᠯᠲᠡ ᠶᠢᠨ ᠴᠢᠳᠠᠪᠤᠷᠢᠲᠠᠨ ᠢ ᠬᠥᠮᠥᠵᠢᠭᠦᠯᠬᠦ ᠢᠨᠵᠧᠨᠧᠷᠢᠩ ᠵᠡᠷᠭᠡ ︽ᠲᠦᠷᠪᠡᠨ ᠶᠡᠭᠡ ᠢᠨᠵᠧᠨᠧᠷᠢᠩ︾ ᠢ | ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠳ᠋ᠢᠭᠢᠲ᠋ᠠᠯᠴᠢᠯᠠᠭᠰᠠᠨ ᠤᠶᠤᠨᠴᠢᠯᠠᠭᠰᠠᠨ | ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠂ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ | ᠪᠦᠬᠦᠯᠢ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠳᠤᠭᠠᠷ ᠠᠯᠬᠤᠮ ᠳᠤ᠂ ᠲᠠᠬᠢᠭᠠᠳ ᠲᠠᠪᠤᠨ ᠵᠢᠯ | ᠣᠷᠴᠢᠮ ᠤᠨ ᠴᠠᠭ ᠵᠠᠷᠤᠴᠠᠭᠤᠯᠵᠤ᠂ 2035 ᠣᠨ ᠪᠣᠯᠬᠤ ᠳᠤ᠂ ᠣᠳᠣᠬᠢᠴᠢᠯᠠᠭᠰᠠᠨ ᠠᠮᠢ ᠠᠬᠤᠢ ᠣᠷᠴᠢᠨ ᠲᠣᠭᠤᠷᠢᠨ ᠤ | ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠢᠨᠠᠨ | ᠬᠡᠮᠵᠢᠯᠲᠡ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠭᠡᠨ᠎ᠡ ᠭᠡᠪᠡ᠃ | ᠰᠠᠨᠠᠯ ᠳᠤ ᠬᠢᠨᠠᠨ ᠬᠡᠮᠵᠢᠯᠲᠡ ᠶᠢᠨ ᠰᠦᠯᠵᠢᠶ᠎ᠡ᠂ ᠬᠢᠨᠠᠨ ᠬᠡᠮᠵᠢᠯᠲᠡ ᠶᠢᠨ ᠮᠡᠷᠭᠡᠵᠢᠯ᠂ ᠲᠤᠬᠠᠶᠢᠯᠠᠭᠰᠠᠨ ᠠᠵᠢᠯ ᠤᠨ | ᠲᠤᠰᠠᠯᠠᠮᠵᠢ᠂ ᠳ᠋ᠠᠶᠢᠲ᠋ᠠ ᠶᠢᠨ ᠴᠢᠨᠠᠷ᠂ ᠬᠢᠨᠠᠨ ᠬᠡᠮᠵᠢᠯᠲᠡ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠭᠤᠣᠯ ᠡᠭᠦᠷᠭᠡ | ᠳᠤᠷᠠᠳᠴᠤ᠂ ᠣᠭᠲᠠᠷᠭᠤᠢ ᠠᠭᠠᠷ ᠬᠠᠭᠤᠷᠠᠢ ᠳᠠᠯᠠᠢ ᠶᠢ ᠨᠢᠭᠡ ᠴᠣᠭᠴᠠᠵᠢᠭᠤᠯᠤᠭᠰᠠᠨ ᠬᠢᠨᠠᠨ ᠬᠡᠮᠵᠢᠯᠲᠡ ᠶᠢᠨ ᠰᠦᠯᠵᠢᠶ᠎ᠡ ᠶᠢ | ᠪᠦᠷᠢᠨᠰᠢᠭᠦᠯᠬᠦ᠂ ᠳ᠋ᠢᠭᠢᠲ᠋ᠠᠯᠴᠢᠯᠠᠭᠰᠠᠨ ᠤᠶᠤᠨᠴᠢᠯᠠᠭᠰᠠᠨ ᠬᠢᠨᠠᠨ ᠬᠡᠮᠵᠢᠯᠲᠡ ᠶᠢᠨ ᠮᠡᠷᠭᠡᠵᠢᠯ ᠤᠨ ᠰᠢᠨ᠎ᠡ ᠳᠠᠪᠠᠭᠤᠯᠢᠭ ᠢ ᠪᠤᠢ | ᠪᠣᠯᠭᠠᠬᠤ ᠬᠤᠶᠠᠷ ᠭᠤᠣᠯᠳᠠᠯᠭ᠎ᠠ ᠶᠢ ᠰᠠᠶᠢᠲᠤᠷ ᠠᠳᠬᠤᠵᠤ᠂ ᠬᠢᠨᠠᠨ ᠬᠡᠮᠵᠢᠯᠲᠡ ᠶᠢᠨ ᠳ᠋ᠠᠶᠢᠲ᠋ᠠ ᠶᠢᠨ ᠴᠢᠨᠠᠷ ᠰᠠᠶᠢᠲᠠᠢ᠂ | ᠬᠢᠨᠠᠨ ᠬᠡᠮᠵᠢᠯᠲᠡ ᠶᠢᠨ ᠬᠠᠮᠢᠶᠠᠷᠤᠯᠲᠠ ᠶᠢᠨ ᠥᠨᠳᠥᠷ ᠪᠦᠲᠦᠮᠵᠢᠲᠡᠢ᠂ ᠬᠢᠨᠠᠨ ᠬᠡᠮᠵᠢᠯᠲᠡ ᠶᠢᠨ ᠲᠤᠰᠠᠯᠠᠮᠵᠢ ᠶᠢᠨ ᠥᠨᠳᠥᠷ | ᠲᠦᠪᠰᠢᠨ ᠢ ᠠᠬᠢᠭᠤᠯᠤᠨ᠎ᠠ ᠭᠡᠵᠦ ᠴᠢᠬᠤᠯᠠᠴᠢᠯᠠᠪᠠ᠃ | ᠣᠶᠢᠯᠠᠭᠠᠭᠰᠠᠨ ᠢᠶᠠᠷ᠂ ᠰᠠᠨᠠᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ | ᠦᠨᠡᠨ ᠬᠦ ᠠᠬᠢᠭᠤᠯᠬᠤ ᠶᠢᠨ ᠲᠥᠯᠥᠭᠡ᠂ ᠠᠮᠢ ᠠᠬᠤᠢ ᠣᠷᠴᠢᠨ ᠲᠣᠭᠤᠷᠢᠨ ᠤ ᠶᠠᠮᠤᠨ ᠪᠠᠰᠠ ︽ᠣᠳᠣᠬᠢᠴᠢᠯᠠᠭᠰᠠᠨ ᠠᠮᠢ | ᠠᠬᠤᠢ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠭᠤᠣᠯᠳᠠᠯᠭ᠎ᠠ ︵ | ᠮᠤᠵᠢ ᠶᠢᠨ ᠬᠡᠪᠴᠢᠶ᠎ᠡ︶︾ ᠶᠢ ᠰᠤᠳᠤᠯᠤᠨ ᠲᠣᠭᠲᠠᠭᠠᠵᠤ᠂ ᠬᠦᠷᠢᠶ᠎ᠡ ᠬᠤᠪᠢᠶᠠᠨ ᠪᠣᠳᠠᠲᠠᠢ ᠪᠠᠶᠢᠭᠤᠯᠤᠯᠲᠠ ᠶᠢᠨ | ᠱᠠᠭᠠᠷᠳᠠᠯᠭ᠎ᠠ ᠶᠢ ᠲᠣᠳᠣᠷᠬᠠᠶᠢᠯᠠᠨ ᠨᠠᠷᠢᠯᠢᠭᠵᠢᠭᠤᠯᠵᠤ᠂ ᠣᠷᠣᠨ ᠨᠤᠲᠤᠭ ᠤᠨ ᠬᠢᠨᠠᠨ ᠬᠡᠮᠵᠢᠯᠲᠡ ᠶᠢᠨ ᠣᠳᠣᠬᠢᠴᠢᠯᠠᠯᠲᠠ ᠶᠢ | ᠠᠬᠢᠭᠤᠯᠬᠤ ᠳᠤ ᠬᠦᠴᠦᠲᠡᠢ ᠭᠠᠷᠳᠠᠴᠠ ᠬᠠᠩᠭᠠᠵᠤ᠂ ᠲᠡᠷᠢᠭᠦᠨ ᠤ ᠭᠠᠵᠠᠷ ᠣᠷᠣᠨ ᠤ ᠤᠷᠢᠳ ᠢᠶᠠᠷ ᠬᠡᠷᠡᠭᠵᠢᠭᠦᠯᠵᠦ | ᠤᠷᠢᠳ ᠢᠶᠠᠷ ᠲᠤᠷᠰᠢᠬᠤ ᠶᠢ ᠵᠣᠷᠢᠭᠵᠢᠭᠤᠯᠤᠨ᠂ ᠬᠤᠴᠣᠷᠤᠩᠭᠤᠢ ᠭᠠᠵᠠᠷ ᠣᠷᠣᠨ ᠤ ᠳᠤᠲᠠᠭᠳᠠᠯ ᠢᠶᠠᠨ ᠨᠥᠬᠦᠪᠦᠷᠢᠯᠡᠬᠦ᠂ | ᠣᠷᠣᠨ ᠨᠤᠲᠤᠭ ᠤᠨ ᠬᠢᠨᠠᠨ ᠬᠡᠮᠵᠢᠯᠲᠡ ᠶᠢᠨ ᠪᠦᠬᠦᠯᠢ ᠴᠣᠭᠴᠠ ᠶᠢᠨ ᠴᠢᠳᠠᠪᠤᠷᠢ ᠶᠢ ᠰᠢᠰᠲ᠋ᠧᠮ ᠲᠠᠢ᠂ ᠪᠦᠬᠦ ᠲᠠᠯ᠎ᠠ ᠪᠠᠷ | ᠳᠡᠭᠡᠭᠰᠢᠯᠡᠭᠦᠯᠬᠦ ᠶᠢ ᠬᠥᠲᠥᠯᠥᠨ ᠵᠢᠯᠣᠭᠤᠳᠪᠠ᠃ |