ᠵᠠᠩ ᠪᠠᠢ ᠴᠧᠩ ᠯᠥᠸᠧ ᠴᠢᠩ ᠵᠢᠩ ᠨᠧᠩ ᠪᠦᠯᠦᠭᠯᠡᠯ ᠳᠤ ᠬᠦᠷᠴᠦ ᠲᠦᠷᠦᠯ ᠵᠦᠢᠯ ᠢ ᠵᠣᠯᠭᠠᠭᠤᠯᠤᠨ ᠬᠥᠭᠵᠢᠯᠲᠡ ᠶᠢ ᠬᠠᠮᠲᠤᠪᠠᠷ ᠰᠦᠪᠡᠭᠴᠢᠯᠡᠪᠡ
ᠨᠡᠶᠢᠲᠡᠯᠡᠭᠰᠡᠨ ᠴᠠᠭ᠄
2024/3/24
     3 ᠰᠠᠷ᠎ᠠ ᠶᠢᠨ 23᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠎ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠪᠦᠯᠬᠦᠮ ᠳᠠᠭᠠᠭᠤᠯᠤᠨ ᠵᠢᠩ ᠨᠧᠩ ᠪᠦᠯᠦᠭᠯᠡᠯ ᠳᠤ ᠬᠦᠷᠴᠦ ᠲᠦᠷᠦᠯ ᠵᠦᠢᠯ ᠢ ᠵᠣᠯᠭᠠᠭᠤᠯᠬᠤ ᠶᠢᠨ ᠬᠠᠮᠲᠤ ᠵᠢᠩ ᠨᠧᠩ ᠪᠦᠯᠦᠭᠯᠡᠯ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠶᠡᠷᠦᠩᠬᠡᠢ ᠳᠠᠭᠠᠭᠠᠮᠠᠯ ᠺᠠᠨ ᠰᠢᠩ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠬᠥᠭᠵᠢᠯᠲᠡ ᠶᠢ ᠬᠠᠮᠲᠤᠪᠠᠷ ᠰᠦᠪᠡᠭᠴᠢᠯᠡᠪᠡ᠃      ᠵᠠᠩ ᠪᠠᠢ ᠴᠧᠩ ᠡᠩ ᠲᠡᠷᠢᠭᠦᠨ ᠳᠤ ᠵᠢᠩ ᠨᠧᠩ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠰᠢᠯᠢ ᠶᠢᠨ ᠭᠤᠣᠯ ᠠᠶᠢᠮᠠᠭ ᠲᠤ ᠬᠦᠴᠦᠲᠡᠢ ᠳᠡᠮᠵᠢᠯᠭᠡ   ᠦᠵᠡᠭᠦᠯᠦᠭᠰᠡᠨ  ᠳᠤ  ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠵᠢᠩ  ᠨᠧᠩ ᠪᠦᠯᠦᠭᠯᠡᠯ ᠤᠨ ᠬᠢᠨ ᠡᠨᠧᠷᠭᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠵᠡᠷᠭᠡ ᠬᠦᠷᠢᠶᠡᠨ ᠳᠤ ᠰᠢᠯᠢ ᠶᠢᠨ ᠭᠤᠣᠯ ᠠᠶᠢᠮᠠᠭ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠠᠮᠵᠢᠯᠠᠯᠲᠤ ᠡᠨᠧᠷᠭᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠬᠠᠮᠲᠤᠪᠠᠷ ᠠᠬᠢᠭᠤᠯᠵᠤ᠂ ᠠᠮᠢ ᠠᠬᠤᠢ ᠶᠢᠨ ᠵᠠᠰᠠᠯᠲᠠ ᠪᠣᠯᠣᠨ ᠡᠨᠧᠷᠭᠢ ᠶᠢᠨ ᠠᠵᠤ ᠠᠬᠤᠢ ᠶᠢᠨ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠬᠦᠰᠡᠪᠡ᠃ ᠡᠭᠦᠨ ᠤ ᠵᠡᠷᠭᠡᠪᠡᠷ᠂ ᠵᠢᠩ  ᠨᠧᠩ ᠪᠦᠯᠦᠭᠯᠡᠯ ᠤᠨ ᠰᠢᠯᠢ ᠶᠢᠨ ᠭᠤᠣᠯ ᠳᠤ ᠢᠷᠡᠵᠦ ᠵᠢᠭᠤᠯᠴᠢᠯᠠᠯ ᠪᠣᠯᠣᠨ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠢ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠢ ᠤᠯᠠᠮ ᠴᠢᠨᠠᠭᠰᠢᠳᠠ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠪᠠᠶᠠᠷᠯᠠᠨ ᠤᠭᠲᠤᠪᠠ᠃ ᠰᠢᠯᠢ ᠶᠢᠨ ᠭᠤᠣᠯ ᠠᠶᠢᠮᠠᠭ ᠤᠨ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠯᠢᠳᠡᠭ ᠦᠢᠯᠡᠴᠢᠯᠡᠭᠡ ᠪᠠᠲᠤᠯᠠᠭ᠎ᠠ ᠶᠢ ᠦᠷᠭᠦᠯᠵᠢᠯᠡᠨ ᠬᠠᠩᠭᠠᠨ᠎ᠠ ᠭᠡᠵᠠᠢ᠃      ᠺᠠᠨ ᠰᠢᠩ ᠰᠢᠯᠢ ᠶᠢᠨ ᠭᠤᠣᠯ ᠠᠶᠢᠮᠠᠭ ᠤᠨ ᠬᠢᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠤ ᠠᠬᠤᠶᠢᠯᠠᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠪᠠ᠃ ᠲᠡᠷᠡ ᠠᠵᠤ ᠠᠬᠤᠶᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ ᠪᠠ ᠬᠡᠷᠡᠭᠴᠡᠭᠡ ᠶᠢ ᠲᠠᠨᠢᠯᠴᠠᠭᠤᠯᠵᠤ᠂ ᠵᠢᠩ ᠨᠧᠩ ᠪᠦᠯᠦᠭᠯᠡᠯ ᠲᠤᠰ ᠪᠡᠶ᠎ᠡ ᠶᠢᠨ ᠪᠡᠯᠡ ᠮᠥᠩᠭᠦ᠂ ᠮᠡᠷᠭᠡᠵᠢᠯ ᠪᠣᠯᠣᠨ ᠵᠠᠬ᠎ᠠ ᠳᠡᠯᠭᠡᠭᠦᠷ ᠤᠨ ᠳᠠᠪᠠᠭᠤᠯᠢᠭ ᠲᠠᠭᠠᠨ ᠰᠠᠭᠤᠷᠢᠯᠠᠵᠤ᠂ ᠰᠢᠯᠢ ᠶᠢᠨ ᠭᠤᠣᠯ ᠠᠶᠢᠮᠠᠭ ᠤᠨ ᠰᠢᠨ᠎ᠡ ᠡᠨᠧᠷᠭᠢ ᠶᠢ ᠶᠡᠬᠡᠪᠡᠷ ᠨᠡᠭᠡᠭᠡᠨ ᠠᠰᠢᠭᠯᠠᠬᠤ ᠠᠵᠠ ᠲᠣᠬᠢᠶᠠᠯ ᠢ ᠴᠢᠩᠭ᠎ᠠ ᠠᠳᠬᠤᠵᠤ᠂ ᠰᠢᠨ᠎ᠡ ᠡᠨᠧᠷᠭᠢ ᠶᠢᠨ ᠭᠤᠣᠯᠳᠠᠯᠭ᠎ᠠ ᠲᠠᠢ ᠲᠦᠷᠦᠯ ᠵᠦᠢᠯ ᠪᠣᠯᠣᠨ ᠲᠤᠨᠤᠬᠯᠠᠯ ᠦᠢᠯᠡᠳᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ᠂ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠵᠠᠮ ᠵᠡᠷᠭᠡ ᠲᠦᠷᠦᠯ ᠵᠦᠢᠯ ᠳᠤ ᠢᠳᠡᠪᠬᠢᠲᠡᠢ ᠣᠷᠣᠯᠴᠠᠵᠤ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠯᠦᠭᠵᠢᠯ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠡᠭᠦᠨ ᠤ ᠬᠠᠮᠲᠤ᠂ ᠬᠠᠮᠲᠤᠷᠠᠯᠴᠠᠭᠠᠨ ᠤ ᠬᠦᠷᠢᠶ᠎ᠡ ᠪᠠᠨ ᠢᠳᠡᠪᠬᠢᠲᠡᠢ ᠥᠷᠭᠡᠳᠬᠡᠵᠦ᠂ ᠡᠷᠡᠭᠦᠯᠵᠢᠯ ᠰᠤᠪᠢᠯᠠᠯᠲᠠ ᠰᠣᠶᠣᠯ ᠵᠢᠭᠤᠯᠴᠢᠯᠠᠯ᠂ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ  ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠠᠵᠤ ᠠᠬᠤᠶᠢᠯᠠᠯ ᠪᠠ ᠣᠷᠣᠨ ᠨᠤᠲᠤᠭ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃                                                  ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号