ᠮᠠᠨ ᠤ ᠠᠶᠢᠮᠠᠭ ᠬᠠᠪᠤᠷ ᠤᠨ ᠤᠯᠠᠷᠢᠯ ᠤᠨ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠤᠨ ᠴᠢᠩᠭ᠎ᠠ ᠰᠡᠷᠭᠡᠶᠢᠯᠡᠯᠳᠡ ᠶᠢᠨ ᠬᠤᠭᠤᠴᠠᠭᠠᠨ ᠳᠤ ᠤᠷᠤᠪᠠ
ᠨᠡᠶᠢᠲᠡᠯᠡᠭᠰᠡᠨ ᠴᠠᠭ᠄
2024/3/25
     ᠤᠶᠢᠷ᠎ᠠ ᠳᠤ᠂ ᠠᠶᠢᠮᠠᠭ ᠤᠨ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠳᠠᠷᠠᠭᠠᠬᠤ ᠠᠵᠢᠯ ᠤᠨ ᠵᠢᠯᠤᠭᠤᠳᠬᠤ ᠭᠠᠵᠠᠷ ᠠᠴᠠ ︽2024 ᠤᠨ ᠤ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠳᠡ ᠶᠢᠨ ᠵᠠᠷᠯᠢᠭ︾ ᠨᠡᠶᠢᠳᠡᠯᠡᠵᠤ᠂ 3 ᠰᠠᠷ᠎ᠠ ᠶᠢᠨ 15᠎ ᠠᠴᠠ 6 ᠰᠠᠷ᠎ᠠ ᠶᠢᠨ 15᠎ ᠤ ᠡᠳᠦᠷ ᠪᠤᠯᠳᠠᠯᠠᠬᠢ ᠬᠤᠭᠤᠴᠠᠭ᠎ᠠ ᠶᠢ ᠬᠠᠪᠤᠷ ᠤᠨ ᠤᠯᠠᠷᠢᠯ ᠤᠨ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠳᠡ ᠶᠢᠨ ᠬᠤᠭᠤᠴᠠᠭ᠎ᠠ ᠪᠠᠷ ᠲᠤᠭᠳᠠᠭᠠᠪᠠ᠃      ᠬᠠᠪᠤᠷ ᠤᠨ ᠤᠯᠠᠷᠢᠯ ᠤᠨ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠳᠡ ᠶᠢᠨ ᠬᠤᠭᠤᠴᠠᠭᠠᠨ ᠳᠤ᠂ ᠤᠯᠤᠰ ᠤᠨ ᠦᠮᠴᠢᠯᠡᠯ᠂ ᠬᠠᠮᠳᠤ ᠨᠡᠶᠢᠳᠡ᠂ ᠬᠤᠪᠢ ᠶᠢᠨ ᠤᠢ ᠰᠢᠭᠤᠢ ︵ᠬᠠᠳᠤᠯᠠᠩ ᠪᠡᠯᠴᠢᠭᠡᠷ︶᠎ ᠶᠢᠨ ᠲᠠᠯᠠᠪᠠᠢ᠂ ᠵᠢᠭᠤᠯᠴᠢᠯᠠᠯ ᠤᠨ ᠦᠵᠡᠮᠵᠢ ᠶᠢᠨ ᠤᠷᠤᠨ᠂ ᠨᠤᠳᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠳᠠ ᠶᠢᠨ ᠢᠨᠵᠧᠨᠧᠷᠢᠩ ᠤᠨ ᠤᠷᠤᠨ᠂ ᠬᠤᠳᠠ ᠶᠢᠨ ᠲᠡᠭᠦᠷᠭᠡ ᠶᠢᠨ ᠨᠤᠭᠤᠭᠠᠷᠠᠭᠤᠯᠤᠯᠳᠠ ᠶᠢᠨ ᠤᠷᠤᠨ᠂ ᠤᠢ ᠰᠢᠭᠤᠢ ᠶᠢᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠨᠤᠭᠤᠭᠠᠷᠠᠭᠤᠯᠤᠯᠳᠠ ᠶᠢᠨ ᠪᠦᠰᠡ᠂ ᠡᠯ᠎ᠡ ᠬᠤᠰᠢᠭᠤ ᠰᠢᠶᠠᠨ ᠬᠤᠳᠠ ︵ᠤᠷᠤᠨ︶᠎ ᠶᠢᠨ ᠵᠠᠭᠠᠭᠯᠠᠨ ᠲᠤᠭᠳᠠᠭᠠᠭᠰᠠᠨ ᠬᠠᠮᠢᠶᠠᠷᠤᠯᠳᠠ ᠶᠢᠨ ᠤᠷᠤᠨ ᠵᠡᠷᠭᠡ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠤᠷᠤᠨ ᠳᠤ ᠲᠠᠮᠠᠬᠢ ᠲᠠᠳᠠᠬᠤ᠂ ᠫᠤᠤᠵᠢᠩ ᠲᠠᠯᠪᠢᠬᠤ᠂ ᠭᠠᠯ ᠨᠤᠴᠤᠭᠠᠬᠤ᠂ ᠡᠪᠡᠰᠤ ᠪᠡᠯᠴᠢᠭᠡᠷ ᠰᠢᠳᠠᠭᠠᠬᠤ᠂ ᠬᠡᠬᠡᠷ᠎ᠡ ᠬᠤᠭᠤᠯᠠᠯᠠᠬᠤ ᠵᠡᠷᠭᠡ ᠶᠢ ᠴᠢᠩᠭ᠎ᠠ ᠴᠠᠭᠠᠵᠠᠯᠠᠨ᠎ᠠ︔ ᠤᠢ ᠰᠢᠭᠤᠢ ᠡᠪᠡᠰᠤ ᠪᠡᠯᠴᠢᠭᠡᠷ ᠤᠨ ᠬᠦᠪᠡᠭᠡ ᠵᠠᠬ᠎ᠠ᠂ ᠤᠢ ᠮᠤᠳᠤ ︵ᠡᠪᠡᠰᠤ︶ ᠲᠠᠷᠢᠶᠠᠨ ᠤ ᠠᠭᠤᠯᠵᠠᠷ ᠬᠡᠰᠡᠭ ᠲᠤ ᠠᠳᠠᠷ ᠰᠢᠳᠠᠭᠠᠬᠤ ᠪᠠ ᠡᠰᠢ ᠰᠦᠷᠡᠯ᠂ ᠬᠤᠭ ᠨᠤᠪᠰᠢ ᠵᠡᠷᠭᠡ ᠵᠦᠢᠯᠡᠰ ᠢ ᠰᠢᠳᠠᠭᠠᠬᠤ ᠶᠢ ᠴᠢᠩᠭ᠎ᠠ ᠴᠠᠭᠠᠵᠠᠯᠠᠨ᠎ᠠ︔ ᠭᠠᠯ ᠤᠨ ᠴᠤᠭ ᠲᠠᠢ ᠦᠨᠡᠰᠤ ᠶᠢ ᠬᠡᠬᠡᠷ᠎ᠡ ᠭᠠᠳᠠᠨ᠎ᠠ ᠬᠠᠶᠠᠬᠤ ᠶᠢ ᠴᠢᠩᠭ᠎ᠠ ᠴᠠᠭᠠᠵᠠᠯᠠᠨ᠎ᠠ︔ ᠭᠡᠭᠡᠷ᠎ᠡ ᠭᠠᠳᠠᠨ᠎ᠠ ᠪᠠᠷᠢᠯᠭ᠎ᠠ ᠶᠢᠨ ᠠᠵᠢᠯ ᠬᠢᠬᠦ ᠳᠤ ᠭᠠᠯ ᠬᠡᠷᠡᠭᠯᠡᠬᠦ ᠪᠤᠶᠤ ᠲᠡᠯᠪᠡᠴᠢᠬᠦ ᠵᠡᠷᠭᠡ ᠠᠵᠢᠯᠯᠠᠭ᠎ᠠ ᠬᠢᠬᠦ ᠴᠢᠬᠤᠯᠠᠳᠠᠢ ᠪᠤᠯ ᠡᠷᠬᠡᠪᠰᠢ ᠲᠤᠬᠠᠢ ᠶᠢᠨ ᠭᠠᠵᠠᠷ ᠤᠨ ᠭᠠᠯ ᠲᠦᠢᠮᠡᠷ ᠢ ᠰᠡᠷᠭᠡᠶᠢᠯᠡᠨ ᠤᠨᠳᠠᠷᠠᠭᠠᠬᠤ ᠠᠵᠢᠯ ᠤᠨ ᠵᠢᠯᠤᠭᠤᠳᠬᠤ ᠭᠠᠵᠠᠷ ᠢᠶᠠᠷ ᠵᠦᠪᠰᠢᠶᠡᠷᠡᠬᠦᠯᠬᠦ ᠬᠡᠷᠡᠭᠳᠡᠢ᠃ ᠲᠦᠷᠪᠡᠨ ᠲᠡᠰ ᠠᠴᠠ ᠲᠡᠭᠡᠭᠰᠢᠬᠢ ᠰᠠᠯᠬᠢ ᠲᠠᠢ ᠴᠠᠭ ᠠᠭᠤᠷ ᠤᠨ ᠨᠦᠬᠦᠴᠡᠯ ᠲᠤᠤᠷ᠎ᠠ ᠬᠡᠬᠡᠷ᠎ᠡ ᠭᠠᠳᠠᠨ᠎ᠠ ᠭᠠᠯ ᠬᠡᠷᠡᠭᠯᠡᠬᠦ ᠶᠠᠮᠠᠷᠪᠠ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠪᠠ ᠭᠠᠯ ᠰᠡᠷᠭᠡᠶᠢᠯᠡᠬᠦ ᠪᠠᠭᠠᠵᠢ ᠬᠡᠷᠡᠭᠰᠡᠯ ᠲᠤᠬᠢᠷᠠᠭᠤᠯᠤᠭᠰᠠᠨ ᠦᠭᠡᠢ ᠲᠡᠷᠭᠡ ᠬᠦᠰᠭᠡ ᠴᠢᠩᠭ᠎ᠠ ᠰᠡᠷᠭᠡᠶᠢᠯᠡᠯᠳᠡ ᠶᠢᠨ ᠤᠷᠤᠨ ᠳᠤ ᠤᠷᠤᠬᠤ ᠶᠢ ᠴᠢᠩᠭ᠎ᠠ ᠴᠠᠭᠠᠵᠠᠯᠠᠵᠤ᠂ ᠵᠢᠯᠤᠭᠤᠴᠢ ᠪᠠ ᠲᠡᠷᠭᠡᠨ ᠳᠠᠬᠢ ᠬᠦᠮᠦᠰ ᠤᠨ ᠲᠠᠮᠠᠬᠢᠨ ᠶᠤᠵᠤᠭᠤᠷ ᠵᠡᠷᠭᠡ ᠨᠤᠴᠤᠮᠠᠳᠠᠭᠠᠢ ᠪᠤᠳᠠᠰ ᠢ ᠲᠤᠷ᠎ᠠ ᠪᠠᠷ ᠢᠶᠠᠨ ᠬᠠᠶᠠᠬᠤ ᠶᠢ ᠴᠢᠩᠭ᠎ᠠ ᠴᠠᠭᠠᠵᠠᠯᠠᠨ᠎ᠠ᠃      ᠡᠯ᠎ᠡ ᠬᠤᠰᠢᠭᠤ ᠰᠢᠶᠠᠨ ᠬᠤᠳᠠ ︵ᠤᠷᠤᠨ︶᠎ ᠶᠢᠨ ᠠᠷᠠᠳ ᠤᠨ ᠵᠠᠰᠠᠭ ᠤᠨ ᠤᠷᠳᠤᠨ ︵ᠬᠠᠮᠢᠶᠠᠷᠤᠯᠳᠠ ᠶᠢᠨ ᠵᠦᠪᠯᠡᠯ︶᠎ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠵᠠᠰᠠᠮᠠᠯ ᠵᠠᠮ᠂ ᠲᠡᠮᠦᠷ ᠵᠠᠮ ᠤᠨ ᠬᠤᠶᠠᠷ ᠬᠠᠵᠠᠭᠤ ᠪᠠ ᠴᠠᠬᠢᠯᠭᠠᠨ ᠬᠦᠷᠭᠡᠬᠦ ᠬᠦᠴᠦᠳᠡᠯ ᠦᠭᠡᠷᠡᠴᠢᠯᠡᠬᠦ ᠲᠦᠭᠦᠭᠡᠷᠦᠮᠵᠢ ᠵᠢᠴᠢ ᠵᠠᠮ ᠱᠤᠭᠤᠮ᠂ ᠲᠡᠮᠦᠷ ᠰᠤᠪᠤᠷᠭ᠎ᠠ᠂ ᠪᠠᠷᠢᠯᠭ᠎ᠠ ᠶᠢᠨ ᠡᠷᠬᠢᠨ ᠲᠤᠭᠤᠷᠢᠨ ᠳᠤ ᠬᠤᠷᠠᠮᠳᠤᠬᠰᠠᠨ ᠨᠡᠬᠦᠷᠡᠰᠦᠨ ᠰᠢᠭᠠᠷᠤ᠂ ᠰᠤᠯᠠ ᠡᠪᠡᠰᠤ ᠵᠡᠷᠭᠡ ᠨᠤᠴᠤᠮᠠᠳᠠᠭᠠᠢ ᠪᠤᠳᠠᠰ ᠢ ᠲᠦᠢᠯᠪᠤᠷᠢᠳᠠᠢ ᠴᠡᠪᠡᠷᠯᠡᠨ ᠠᠷᠢᠯᠭᠠᠬᠤ ᠬᠡᠷᠡᠭᠳᠡᠢ᠃ ᠤᠢ ᠰᠢᠭᠤᠢ ᠶᠢᠨ ᠲᠤᠳᠤᠭᠠᠳᠤ ᠶᠢ ᠬᠠᠮᠠᠭᠠᠯᠠᠬᠤ᠂ ᠠᠮᠢ ᠠᠬᠤᠢ ᠤᠷᠴᠢᠨ ᠲᠤᠭᠤᠷᠢᠨ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠦᠴᠢᠷ ᠤᠳ ᠡᠰᠢ ᠰᠦᠷᠡᠯ ᠰᠢᠳᠠᠭᠠᠬᠤ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ  ᠰᠶᠢᠳᠪᠦᠷᠢᠯᠡᠬᠦ  ᠡᠷᠴᠢᠮ  ᠢᠶᠠᠨ  ᠴᠢᠩᠭᠠᠷᠠᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠂ ᠲᠤᠳᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠳᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ ᠵᠡᠷᠭᠡ ᠡᠵᠡᠩᠨᠡᠯᠳᠡ ᠬᠠᠮᠢᠶᠠᠷᠤᠯᠳᠠ ᠶᠢᠨ ᠨᠢᠭᠡᠴᠢ ᠨᠠᠭᠠᠰᠢ ᠴᠠᠭᠠᠰᠢ ᠦᠩᠭᠡᠷᠡᠬᠦ ᠪᠤᠶᠤ ᠬᠠᠮᠢᠶᠠᠷᠴᠤ ᠪᠠᠶᠢᠭ᠎ᠠ ᠲᠡᠷᠭᠡ ᠬᠦᠰᠬᠡ ᠶᠢᠨ ᠬᠦᠮᠦᠰ ᠲᠤ ᠭᠠᠯ ᠰᠡᠷᠭᠡᠶᠢᠯᠡᠬᠦ ᠤᠬᠠᠭᠤᠯᠭ᠎ᠠ ᠶᠢᠨ ᠬᠦᠮᠦᠵᠢᠯ ᠬᠢᠬᠦ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠡᠷᠴᠢᠮ ᠢᠶᠠᠨ ᠴᠢᠩᠭᠠᠷᠠᠭᠤᠯᠵᠦ᠂ ᠲᠠᠮᠠᠬᠢᠨ ᠶᠤᠵᠤᠭᠤᠷ᠂ ᠨᠡᠭᠦᠷᠡᠰᠤ ᠵᠡᠷᠭᠡ ᠶᠢ ᠬᠠᠶᠠᠬᠤ ᠶᠢ ᠴᠢᠩᠭ᠎ᠠ ᠴᠠᠭᠠᠵᠠᠯᠠᠨ᠂ ᠲᠠᠭᠠᠭᠠᠴᠠ ᠠᠴᠠ ᠪᠠᠨ ᠬᠡᠳᠦᠷᠡᠳᠡᠯ᠎ᠡ ᠠᠴᠢᠶᠠᠯᠠᠭᠰᠠᠨ᠂ ᠪᠤᠭᠤᠳᠠᠯ ᠪᠠᠭᠯᠠᠭ᠎ᠠ ᠨᠢ ᠰᠤᠯᠠ ᠠᠴᠠ ᠪᠤᠯᠵᠤ ᠨᠡᠬᠦᠷᠡᠰᠦᠨ ᠰᠢᠭᠠᠷᠤ ᠶᠢ ᠠᠭᠤᠷᠬᠠᠢ ᠶᠢᠨ ᠤᠷᠤᠨ ᠠᠴᠠ ᠭᠠᠳᠠᠨᠠᠬᠢ ᠤᠷᠤᠨ ᠪᠦᠰᠡ ᠳᠤ ᠤᠨᠠᠭᠠᠬᠤ ᠶᠢ ᠴᠢᠩᠭ᠎ᠠ ᠴᠠᠭᠠᠵᠠᠯᠠᠨ᠎ᠠ᠃ ᠡᠯ᠎ᠡ ᠲᠦᠷᠦᠯ ᠤᠨ ᠭᠠᠯ ᠤᠨᠳᠠᠷᠠᠭᠠᠬᠤ ᠡᠩᠨᠡᠭᠡ ᠴᠠᠭ ᠢᠮᠠᠭᠳᠠ ᠲᠠᠶᠢᠯᠠᠯᠳᠤᠭᠠᠨ ᠤ ᠪᠡᠯᠡᠳᠭᠡᠯ ᠤᠨ ᠪᠠᠶᠢᠳᠠᠯ ᠢᠶᠠᠨ ᠪᠠᠳᠤᠯᠠᠵᠤ᠂ ᠭᠠᠯ ᠲᠦᠢᠮᠡᠷ ᠭᠠᠷᠬᠤ ᠳᠤ ᠬᠦᠷᠪᠡᠯ᠂ ᠬᠦᠴᠦᠨ ᠢᠶᠠᠨ ᠲᠦᠪᠯᠡᠷᠡᠬᠦᠯᠦᠨ ᠰᠢᠨᠵᠢᠯᠡᠬᠦ ᠤᠬᠠᠭᠠᠨᠴᠢ ᠪᠠᠷ ᠭᠠᠯ ᠤᠨᠳᠠᠷᠠᠭᠠᠵᠤ᠂ ᠬᠦᠮᠦᠨ ᠬᠠᠷ᠎ᠠ ᠦᠬᠦᠵᠤ ᠰᠢᠷᠬᠠᠳᠤᠬᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠳᠡᠢ᠃      ᠭᠠᠯ ᠲᠦᠢᠮᠡᠷ ᠢ ᠰᠡᠷᠭᠡᠶᠢᠯᠡᠬᠦ ᠬᠠᠷᠢᠭᠤᠴᠠᠯᠭ᠎ᠠ ᠪᠠᠨ ᠬᠦᠢᠴᠡᠳᠬᠡᠬᠦ ᠦᠭᠡᠢ᠂ ᠭᠠᠯ ᠰᠡᠷᠭᠡᠶᠢᠯᠡᠬᠦ ᠪᠠᠶᠢᠴᠠᠭᠠᠯᠳᠠ ᠶᠢ ᠬᠦᠯᠢᠶᠡᠬᠦ ᠦᠭᠡᠢ᠂ ᠭᠠᠯ ᠤᠨ ᠠᠶᠤᠯ ᠤᠨ ᠲᠠᠯᠳᠠ ᠭᠡᠮ ᠢ ᠠᠷᠢᠯᠭᠠᠭᠰᠠᠨ ᠦᠭᠡᠢ᠂ ᠵᠦᠪᠰᠢᠶᠡᠷᠡᠯ ᠦᠭᠡᠢ ᠪᠠᠷ ᠤᠢ ᠰᠢᠭᠤᠢ ᠨᠤᠳᠤᠭ ᠪᠡᠯᠴᠢᠭᠡᠷ ᠤᠨ ᠭᠠᠯ ᠰᠡᠷᠭᠡᠶᠢᠯᠡᠬᠦ ᠤᠷᠤᠨ ᠳᠤ ᠲᠤᠷ᠎ᠠ ᠪᠠᠷ ᠢᠶᠠᠨ ᠤᠷᠤᠵᠤ ᠭᠠᠯ ᠬᠡᠷᠡᠭᠯᠡᠨ᠂ ᠤᠰᠤᠯ ᠠᠳᠡᠯ ᠠᠴᠠ ᠪᠤᠶᠤ ᠵᠤᠷᠢᠭᠤᠳᠠ ᠪᠠᠷ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠠᠷ ᠡᠭᠦᠰᠭᠡᠭᠰᠡᠨ ᠪᠤᠯ᠂ ᠬᠤᠯᠪᠤᠭᠳᠠᠯ ᠪᠦᠬᠦᠢ ᠬᠠᠤᠯᠢ ᠴᠠᠭᠠᠵᠠ ᠲᠦᠷᠢᠮ ᠲᠤᠭᠳᠠᠭᠠᠯ ᠢ ᠦᠨᠳᠦᠰᠦᠯᠡᠨ᠂ ᠦᠢᠯᠡ ᠪᠠᠶᠢᠳᠠᠯ ᠤᠨ ᠬᠦᠨᠳᠤ ᠬᠦᠩᠭᠡᠨ ᠢ ᠦᠵᠡᠵᠤ᠂ ᠪᠠᠶᠢᠭᠤᠯᠭ᠎ᠠ ᠨᠢᠭᠡᠴᠢ ᠶᠢ 2000 ᠲᠦᠭᠦᠷᠢᠭ ᠠᠴᠠ 10 ᠲᠦᠮᠡᠨ ᠲᠦᠭᠦᠷᠢᠭ ᠢᠶᠠᠷ ᠲᠤᠷᠭᠠᠵᠤ᠂ ᠬᠤᠪᠢ ᠬᠦᠮᠦᠨ ᠢ 200 ᠲᠦᠭᠦᠷᠢᠭ ᠠᠴᠠ 5000 ᠲᠦᠭᠦᠷᠢᠭ ᠢᠶᠠᠷ ᠲᠤᠷᠭᠠᠨ᠎ᠠ᠃ ᠶᠠᠯ᠎ᠠ ᠪᠤᠯᠵᠤ ᠪᠦᠷᠢᠯᠳᠦᠭᠰᠡᠨ ᠪᠤᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                                                     ᠣᠷᠴᠢᠭᠤᠯᠣᠭᠴᠢ᠄ ᠣᠶᠣᠩᠬᠤᠸᠠᠷ        
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号