ᠡᠷᠳᠡᠨᠢᠳᠠᠯᠠᠢ᠄ ᠰᠢᠨ᠎ᠡ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠳᠤ ᠬᠤᠪᠢ ᠨᠡᠮᠡᠷᠢ ᠦᠵᠡᠭᠦᠯᠦᠨ᠎ᠠ
ᠨᠡᠶᠢᠲᠡᠯᠡᠭᠰᠡᠨ ᠴᠠᠭ᠄
2024/3/25
     ᠪᠡᠭᠡᠵᠢᠩ ᠬᠤᠳᠠ ᠳᠤ ᠬᠤᠷᠠᠯᠳᠤᠭᠰᠠᠨ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠤᠷᠤᠯᠴᠠᠭᠰᠠᠨ ᠵᠡᠬᠦᠨ ᠦᠵᠦᠮᠦᠴᠢᠨ ᠬᠤᠰᠢᠭᠤᠨ ᠤ ᠬᠠᠳᠠᠪᠴᠢ ᠪᠠᠯᠭᠠᠰᠤᠨ ᠤ ᠱᠠᠩᠳᠤ ᠭᠠᠴᠠᠭᠠᠨ ᠤ ᠮᠠᠯᠴᠢᠨ᠂ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢ ᠡᠷᠳᠡᠨᠢᠳᠠᠯᠠᠢ ᠲᠤᠰᠢᠶᠠᠯ ᠬᠠᠷᠢᠭᠤᠴᠠᠯᠭ᠎ᠠ ᠪᠠᠨ ᠠᠮᠵᠢᠯᠳᠠᠳᠠᠢ ᠬᠦᠢᠴᠡᠳᠭᠡᠵᠦ᠂ ᠰᠢᠯᠢ ᠶᠢᠨ ᠭᠤᠤᠯ ᠳᠠᠭᠠᠨ ᠪᠤᠴᠠᠨ ᠢᠷᠠᠯ᠎ᠠ᠃      ︽ᠲᠤᠰ ᠤᠳᠠᠭᠠᠨ ᠤ ᠬᠤᠷᠠᠯ ᠨᠢ ᠪᠦᠯᠬᠦᠮᠳᠡᠨ ᠲᠠᠪᠰᠢᠵᠤ᠂ ᠦᠨᠡᠨ ᠠᠴᠠ ᠵᠦᠪ ᠢ ᠡᠷᠢᠵᠤ᠂ ᠡᠷᠡᠯᠬᠡᠭᠯᠡᠨ ᠤᠷᠤᠭᠰᠢᠯᠠᠬᠤ ᠬᠦᠰᠡᠯ ᠵᠤᠷᠢᠭ ᠢ ᠬᠦᠪᠴᠢᠯᠡᠭᠰᠡᠨ ᠦᠪᠡᠳᠡᠭᠰᠢ ᠶᠡᠭᠡ ᠬᠤᠷᠠᠯ ᠪᠤᠯᠵᠦ᠂ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠳᠤ ᠲᠤᠷᠠᠳᠤᠭᠰᠠᠨ ᠬᠢᠯᠢ ᠬᠢᠵᠠᠭᠠᠷ ᠤᠷᠤᠨ ᠤ ᠬᠦᠳᠡᠭᠡ ᠲᠤᠰᠬᠤᠨ ᠤ ᠦᠭᠡᠷᠡᠴᠢᠯᠡᠯᠳᠡ ᠬᠦᠭᠵᠢᠯᠳᠡ ᠶᠢ ᠠᠬᠢᠭᠤᠯᠵᠤ᠂ ᠬᠦᠳᠡᠭᠡ ᠲᠤᠰᠬᠤᠨ ᠤ ᠠᠷᠠᠳ ᠢ ᠪᠠᠶᠠᠵᠢᠭᠤᠯᠤᠨ ᠠᠵᠤ ᠦᠢᠯᠡᠰ ᠢ ᠪᠤᠵᠠᠭᠠᠶᠢᠷᠠᠭᠤᠯᠬᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠰᠠᠶᠢᠲᠤᠷ ᠬᠥᠮᠦᠵᠢᠭᠦᠯᠵᠦ᠂ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢᠨ ᠠᠵᠢᠯᠯᠠᠭ᠎ᠠ ᠶᠢ ᠬᠦᠨᠵᠡᠭᠡᠢ ᠬᠡᠷᠡᠭᠵᠢᠬᠦᠯᠬᠦ᠂ ᠬᠦᠳᠡᠭᠡ ᠲᠤᠰᠬᠤᠨ ᠤ ᠤᠰᠤ ᠴᠠᠬᠢᠯᠭᠠᠨ ᠵᠠᠮ ᠨᠡᠪᠲᠡᠷᠡᠯᠭᠡ ᠬᠡᠢ ᠴᠢᠮᠡᠭᠡ ᠬᠤᠯᠪᠤᠭ᠎ᠠ ᠵᠡᠷᠭᠡ ᠰᠠᠭᠤᠷᠢ ᠪᠦᠳᠦᠭᠡᠨ ᠪᠠᠶᠢᠭᠤᠯᠤᠯᠳᠠ ᠶᠢ ᠰᠠᠶᠢᠵᠢᠷᠠᠭᠤᠯᠬᠤ᠂ ᠬᠦᠳᠡᠭᠡ ᠲᠤᠰᠬᠤᠨ ᠤ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ ᠦᠷᠬᠦᠯᠵᠢᠯᠡᠨ ᠰᠠᠶᠢᠵᠢᠷᠠᠭᠤᠯᠬᠤ ᠵᠡᠷᠭᠡ ᠲᠤᠷᠠᠳᠤᠯᠭ᠎ᠠ ᠶᠢ ᠰᠤᠨᠤᠰᠤᠭᠠᠳ ᠤᠷᠮ᠎ᠠ ᠵᠤᠷᠢᠭ ᠬᠦᠪᠴᠢᠯᠡᠭᠳᠡᠯ᠎ᠠ︾ ᠭᠡᠵᠤ ᠡᠷᠳᠡᠨᠢᠳᠠᠯᠠᠢ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠨ᠎ᠠ᠃      ᠦᠨᠳᠦᠰᠦᠨ ᠱᠠᠳᠤᠨ ᠤ ᠠᠷᠠᠳ ᠤᠨ ᠲᠦᠯᠦᠭᠡᠯᠡᠭᠴᠢ ᠪᠤᠯᠤᠭᠰᠠᠨ ᠤ ᠬᠤᠪᠢ ᠳᠤ᠂ ᠡᠷᠳᠡᠨᠢᠳᠠᠯᠠᠢ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠤᠷᠤᠯᠴᠠᠬᠰᠠᠨ ᠬᠤᠭᠤᠴᠠᠭᠠᠨ ᠳᠠᠭᠠᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠲᠥᠯᠥᠭᠡᠯᠡᠭᠴᠢ ᠶᠢᠨ ᠡᠷᠬᠡ ᠪᠠᠨ ᠬᠡᠷᠡᠭᠵᠢᠭᠦᠯᠵᠦ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠶᠡᠭᠡ ᠬᠤᠷᠠᠯ ᠤᠨ ᠡᠯ᠎ᠡ ᠵᠥᠪᠯᠡᠬᠦ ᠵᠦᠢᠯ ᠢ ᠨᠠᠷᠢᠨ ᠬᠢᠨᠠᠮᠠᠭᠠᠢ ᠬᠢᠨᠠᠨ ᠵᠦᠪᠯᠡᠵᠦ ᠂ ᠬᠢᠯᠢ ᠬᠢᠵᠠᠭᠠᠷ ᠣᠷᠣᠨ ᠤ ᠴᠢᠮᠡᠭᠡ ᠬᠤᠯᠪᠣᠭ᠎ᠠ ᠪᠠ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠪᠤᠯᠤᠨ ᠮᠠᠯ ᠠᠵᠤ ᠠᠬᠤᠢ ᠶᠢᠨ ᠮᠠᠰᠢᠨᠴᠢᠯᠠᠯᠲᠠ ᠤᠶᠤᠨᠴᠢᠯᠠᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ ᠮᠠᠯᠴᠢᠳ ᠤᠨ ᠣᠷᠣᠯᠭ᠎ᠠ ᠶᠢ ᠨᠡᠮᠡᠭᠳᠡᠬᠦᠯᠬᠦ ᠵᠡᠷᠭᠡ ᠮᠠᠯᠴᠢᠳ ᠤᠨ ᠠᠩᠬᠠᠷᠴᠦ ᠪᠠᠶᠢᠭ᠎ᠠ ᠠᠰᠠᠭᠤᠳᠠᠯ ᠤᠨ ᠲᠤᠭᠤᠷᠢᠨ ᠳᠤ ᠰᠠᠨᠠᠯ ᠰᠠᠨᠠᠭᠤᠯᠭ᠎ᠠ ᠳᠤᠷᠠᠳᠴᠤ᠂ ᠠᠷᠠᠳ ᠤᠨ ᠲᠦᠯᠦᠭᠡᠯᠡᠭᠴᠢ ᠶᠢᠨ ᠠᠷᠠᠳ ᠤᠯᠠᠨ ᠤ ᠪᠠᠨ ᠲᠦᠯᠦᠭᠡ ᠦᠭᠡ ᠬᠡᠯᠡᠵᠤ᠂ ᠤᠯᠤᠰ ᠤᠷᠤᠨ ᠤ ᠬᠦᠭᠵᠢᠯᠳᠡ ᠳᠤ ᠠᠷᠭ᠎ᠠ ᠪᠤᠳᠤᠯᠭ᠎ᠠ ᠰᠦᠪᠡᠭᠴᠢᠯᠡᠬᠦ ᠬᠠᠷᠢᠭᠤᠴᠠᠯᠭ᠎ᠠ ᠡᠭᠦᠷᠭᠡᠯᠡᠯ ᠢᠶᠠᠨ ᠭᠦᠢᠴᠡᠳ ᠢᠯᠡᠷᠡᠭᠦᠯᠦᠭᠰᠡᠨ ᠪᠠᠶᠢᠨ᠎ᠠ᠃      2023 ᠣᠨ ᠠᠴᠠ ᠨᠡᠭᠠᠰᠢ᠂ ᠡᠷᠳᠡᠨᠢᠳᠠᠯᠠᠢ ᠠᠷᠠᠳ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠭᠠᠴᠠᠭ᠎ᠠ᠂ ᠨᠡᠶᠢᠭᠡᠮ ᠲᠣᠭᠤᠷᠢᠭ᠂ ᠰᠤᠷᠭᠠᠭᠤᠯᠢ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠦᠷᠭᠦᠯᠵᠢ ᠭᠦᠨᠵᠡᠭᠡᠶᠢᠷᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠬᠤᠶᠠᠷ ᠬᠤᠷᠠᠯ ᠤᠨ ᠵᠣᠷᠢᠭ ᠰᠠᠨᠠᠭ᠎ᠠ ᠪᠠ ᠬᠠᠮᠢᠶ᠎ᠠ ᠪᠥᠬᠦᠢ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠵᠤ᠂ ᠠᠷᠠᠳ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠶᠢᠨ ᠬᠠᠮᠲᠤ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠠᠰᠠᠭᠤᠨ ᠰᠤᠷᠪᠤᠯᠵᠢᠯᠠᠵᠤ᠂ ᠲᠡᠳᠡᠨ ᠤ ᠰᠠᠨᠠᠯ ᠪᠤᠳᠤᠯ ᠪᠠ ᠬᠦᠰᠡᠯ ᠱᠠᠭᠠᠷᠳᠠᠯᠭ᠎ᠠ ᠶᠢ ᠰᠣᠨᠣᠰᠦᠨ᠂ ᠮᠠᠯᠴᠢᠳ ᠤᠨ ᠠᠩᠬᠠᠷᠤᠨ ᠬᠠᠯᠠᠮᠵᠢᠯᠠᠵᠤ ᠪᠠᠶᠢᠭ᠎ᠠ ᠪᠠ ᠰᠶᠢᠳᠪᠦᠷᠢᠯᠡᠬᠦ ᠴᠢᠬᠤᠯᠠᠲᠠᠢ ᠠᠰᠠᠭᠤᠳᠠᠯ ᠢ ᠨᠠᠷᠢᠨ ᠬᠢᠨᠠᠮᠠᠭᠠᠢ ᠡᠮᠬᠢᠳᠬᠡᠨ᠂ ᠰᠠᠨᠠᠯ ᠰᠠᠨᠠᠭᠤᠯᠭ᠎ᠠ ᠪᠢᠴᠢᠬᠦ ᠳᠡᠭᠡᠨ ᠭᠦᠢᠴᠡᠳ ᠪᠡᠯᠡᠳᠬᠡᠯ ᠬᠢᠵᠡᠢ᠃ ︽ᠪᠢ ᠨᠤᠳᠤᠭ ᠲᠠᠭᠠᠨ ᠬᠠᠷᠢᠭᠰᠠᠨ ᠤ ᠲᠠᠷᠠᠭ᠎ᠠ᠂ ᠬᠤᠷᠠᠯ ᠤᠨ ᠵᠤᠷᠢᠭ ᠰᠠᠨᠠᠭ᠎ᠠ ᠶᠢ ᠮᠠᠯᠴᠢᠨ ᠲᠦᠮᠡᠨ ᠳᠤ ᠰᠠᠶᠢᠳᠤᠷ ᠤᠬᠠᠭᠤᠯᠵᠤ᠂ ᠮᠠᠯᠴᠢᠨ ᠲᠦᠮᠡᠨ ᠢᠶᠠᠨ ᠲᠠᠶᠢᠴᠢᠯᠠᠵᠤ᠂ ᠰᠢᠨ᠎ᠡ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠳᠤ ᠬᠤᠪᠢ ᠨᠡᠮᠡᠷᠢ ᠪᠠᠨ ᠦᠵᠡᠭᠦᠯᠦᠨ᠎ᠠ︾ ᠭᠡᠵᠦ ᠡᠷᠳᠡᠨᠢᠳᠠᠯᠠᠢ ᠢᠳᠡᠭᠡᠯᠳᠡᠶᠢᠭᠡᠨ ᠶᠠᠷᠢᠯ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号