ᠵᠠᠩ ᠪᠠᠢ ᠴᠧᠩ ᠱᠠᠨ ᠰᠢ ᠶᠢᠨ ᠤᠯᠠᠨ ᠤᠯᠤᠰ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠢᠨ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/3/25
     3 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠱᠠᠨ ᠰᠢ ᠶᠢᠨ ᠤᠯᠠᠨ ᠤᠯᠤᠰ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠼᠤᠤ ᠶᠠᠩ ᠨᠠᠷ ᠲᠠᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠬᠦᠷᠢᠶᠡᠨ ᠤ ᠬᠠᠮᠲᠤᠷᠠᠯᠴᠠᠭ᠎ᠠ ᠶᠢ ᠬᠠᠮᠲᠤᠪᠠᠷ ᠠᠬᠢᠭᠤᠯᠬᠤ ᠶᠠᠪᠤᠳᠠᠯ ᠢ ᠡᠷᠲᠡᠬᠡᠨ ᠨᠠᠶᠢᠳᠠᠪᠤᠷᠢᠵᠢᠭᠤᠯᠬᠤ ᠲᠤᠬᠠᠢ ᠶᠠᠷᠢᠯᠴᠠᠵᠦ ᠰᠠᠨᠠᠯ ᠢᠶᠠᠨ ᠰᠣᠯᠢᠯᠴᠠᠪᠠ᠃     ᠵᠠᠩ ᠪᠠᠢ ᠴᠧᠩ ᠵᠢᠭᠠᠬᠤ ᠳᠠᠭᠠᠨ᠂ ᠱᠠᠨ ᠰᠢ ᠶᠢᠨ ᠤᠯᠠᠨ ᠤᠯᠤᠰ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠨᠢ ᠡᠨᠧᠷᠭᠢ ᠶᠢᠨ ᠠᠵᠤ ᠦᠢᠯᠡᠰ ᠤᠨ ᠬᠦᠷᠢᠶᠡᠨ ᠳᠤ ᠴᠢᠳᠠᠪᠤᠷᠢᠲᠠᠨ ᠤ ᠳᠠᠪᠠᠭᠤᠯᠢᠭ᠂ ᠮᠡᠷᠭᠡᠵᠢᠯ ᠤᠨ ᠳᠠᠪᠠᠭᠤᠯᠢᠭ᠂ ᠰᠢᠨ᠎ᠡ  ᠶᠢ  ᠡᠭᠦᠳᠬᠦ  ᠳᠠᠪᠠᠭᠤᠯᠢᠭ  ᠪᠣᠯᠣᠨ  ᠵᠠᠬ᠎ᠠ ᠳᠡᠯᠭᠡᠭᠦᠷ ᠤᠨ ᠳᠠᠪᠠᠭᠤᠯᠢᠭ ᠲᠠᠢ ᠶᠤᠮ᠂ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠵᠣᠯᠭᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠬᠦᠴᠦᠯᠡᠨ ᠭᠦᠨᠵᠡᠭᠡᠶᠢᠷᠡᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ᠃ ᠰᠢᠯᠢ ᠶᠢᠨ ᠭᠤᠣᠯ ᠠᠶᠢᠮᠠᠭ ᠤᠨ ᠬᠢᠨ ᠡᠯ᠎ᠡ ᠵᠦᠢᠯ ᠤᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠵᠠᠢ᠃      ᠼᠤᠤ ᠶᠠᠩ ᠢᠯᠡᠷᠭᠡᠶᠢᠯᠡᠬᠦ ᠳᠡᠭᠡᠨ᠂ ᠱᠠᠨ ᠰᠢ ᠶᠢᠨ ᠤᠯᠠᠨ ᠤᠯᠤᠰ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠰᠢᠯᠢ ᠶᠢᠨ ᠭᠤᠣᠯ ᠠᠶᠢᠮᠠᠭ ᠯᠤᠭ᠎ᠠ ᠶᠢᠨ ᠬᠠᠮᠲᠤᠷᠠᠯᠴᠠᠭ᠎ᠠ ᠵᠣᠯᠭᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠦᠷᠢᠶᠡᠨ ᠳᠤ ᠨᠡᠩ ᠤᠯᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠨᠢᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠲᠠᠰᠤᠷᠠᠯᠳᠡ ᠦᠭᠡᠢ ᠪᠡᠶᠡᠯᠡᠭᠦᠯᠦᠨ᠎ᠡ ᠭᠡᠵᠠᠢ᠃      ᠠᠶᠢᠮᠠᠭ ᠤᠨ ᠳᠡᠳ᠋ ᠳᠠᠷᠤᠭ᠎ᠠ ᠶᠠᠩ ᠯᠢ ᠶᠠᠷᠢᠯᠴᠠᠬᠤ ᠬᠤᠷᠠᠯ ᠳᠤ ᠣᠷᠣᠯᠴᠠᠪᠠ᠃                                              ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号