ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠨᠡᠶᠢᠰᠯᠡᠯ ᠤᠨ ᠦᠵᠡᠮᠵᠢᠲᠦ ᠰᠠᠶᠢᠬᠠᠨ ︽ᠠᠷᠤ ᠶᠢᠨ ᠴᠡᠴᠡᠷᠯᠢᠭ︾ ᠪᠤᠯᠭᠠᠨᠠᠮ
ᠨᠡᠶᠢᠲᠡᠯᠡᠭᠰᠡᠨ ᠴᠠᠭ᠄
2024/3/25
     ᠰᠢᠯᠤᠭᠤᠨ ᠬᠥᠬᠡ ᠬᠤᠰᠢᠭᠤᠨ ᠤ ᠰᠠᠩ ᠤᠨ ᠳᠠᠯᠠᠢ ᠪᠠᠯᠭᠠᠰᠤ ᠶᠢᠨ ᠡᠷᠳᠡᠨᠢᠳᠠᠯᠠᠢ ᠭᠠᠴᠠᠭ᠎ᠠ ᠶᠢᠨ ᠨᠤᠳᠤᠭ ᠲᠠᠬᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢᠨ ᠣᠷᠣᠨ ᠢ ᠬᠠᠷᠠᠬᠤᠶ᠎ᠠ ᠬᠠᠶᠢᠯᠠᠰᠤ᠂ ᠰᠢᠷ᠎ᠠ ᠪᠤᠷᠭᠠᠰᠤ ᠭᠡᠰᠡᠭ ᠭᠡᠰᠡᠭ ᠢᠶᠠᠷ ᠪᠠᠭᠰᠢᠷᠠᠨ ᠤᠷᠭᠤᠵᠦ᠂ ᠠᠮᠢᠵᠢᠷᠠᠯ ᠪᠢᠯᠬᠠᠨ᠎ᠠ᠃      ᠣᠶᠢᠷ᠎ᠠ ᠳᠤ᠂ ᠰᠤᠷᠪᠤᠯᠵᠢᠯᠠᠭᠴᠢ ᠪᠠᠲᠤᠪᠦ᠋ᠬᠡ ᠶᠢ ᠳᠠᠭᠠᠵᠤ ᠵᠠᠰᠠᠯᠲᠠ ᠶᠢᠨ ᠣᠷᠣᠨ ᠳᠤ ᠬᠦᠷᠭᠦ ᠳᠤ ᠲᠡᠷᠡ᠂ ᠠᠮᠢ ᠠᠬᠤᠢ ᠣᠷᠴᠢᠨ ᠲᠤᠭᠤᠷᠢᠨ ᠰᠠᠶᠢᠵᠢᠷᠠᠬᠰᠠᠨ ᠠᠴᠠ ᠥᠩᠭᠡᠷᠡᠭᠰᠡᠨ ᠤ ᠡᠯᠡᠰᠦᠨ ᠴᠦᠯ ᠨᠣᠭᠤᠭᠠᠨ ᠪᠦᠷᠢᠳᠦ ᠪᠤᠯᠵᠦ ᠬᠤᠪᠢᠷᠠᠭᠠᠳ᠂ ᠡᠪᠡᠰᠦᠨ ᠤ ᠤᠨᠠᠯᠲᠠ ᠶᠢ ᠴᠤ ᠮᠦ ᠪᠦᠷᠢ ᠳᠤ 300 ᠵᠢᠩ ᠣᠷᠴᠢᠮ ᠪᠣᠯᠲᠠᠯ᠎ᠠ ᠳᠡᠭᠡᠭᠰᠢᠯᠡᠭᠦᠯᠦᠭᠰᠡᠨ ᠪᠠᠶᠢᠨ᠎ᠠ ᠭᠡᠵᠦ ᠶᠠᠷᠢᠨ᠎ᠠ᠃ ᠪᠠᠲᠤᠪᠦ᠋ᠬᠡ ᠪᠣᠯ ᠰᠠᠩ ᠤᠨ ᠳᠠᠯᠠᠢ ᠪᠠᠯᠭᠠᠰᠤᠨ ᠤ ᠪᠡᠯᠴᠢᠭᠡᠷᠯᠡᠬᠦᠯᠬᠦ ᠶᠢ ᠵᠤᠬᠰᠤᠭᠠᠬᠤ ᠣᠷᠣᠨ ᠤ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠭᠴᠢ ᠶᠤᠮ᠂ 13 ᠵᠢᠯ ᠨᠤᠲᠤᠭ ᠪᠡᠯᠴᠢᠭᠡᠷ ᠢ ᠬᠠᠮᠢᠶᠠᠷᠴᠦ ᠬᠠᠮᠠᠭᠠᠯᠠᠬᠰᠠᠨ ᠠᠵᠢᠯ ᠤᠨ ᠲᠤᠷᠰᠢᠯᠭ᠎ᠠ ᠲᠠᠢ ᠲᠡᠷᠡ ᠪᠠᠷ ᠡᠨᠡ ᠬᠦ ᠨᠣᠭᠤᠭᠠᠨ ᠪᠦᠷᠢᠳᠦ ᠬᠢᠯᠪᠠᠷ ᠪᠤᠰᠤ ᠪᠠᠷ ᠢᠷᠡᠭᠰᠡᠨ ᠢ ᠰᠠᠶᠢᠨ ᠮᠡᠳᠡᠨ᠎ᠠ᠃      ᠡᠷᠳᠡᠨᠢᠳᠠᠯᠠᠢ ᠭᠠᠴᠠᠭᠠᠨ ᠳᠠᠬᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢᠨ ᠣᠷᠣᠨ ᠨᠢ ᠬᠠᠮᠠᠷ ᠬᠠᠳᠬᠤᠬᠤ ᠡᠪᠡᠰᠦ ᠦᠭᠡᠢ ᠡᠯᠡᠰᠦᠨ ᠴᠦᠯ ᠠᠴᠠ ᠲᠤᠷᠤᠭ ᠮᠣᠳᠣ ᠵᠠᠯᠭᠠᠯᠳᠤᠭᠰᠠᠨ ᠨᠣᠭᠤᠭᠠᠨ ᠪᠦᠷᠢᠳᠦ ᠪᠤᠯᠤᠬᠰᠠᠨ ᠨᠢ ᠮᠠᠨ ᠤ ᠠᠶᠢᠮᠠᠭ ᠤᠨ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠦᠭᠰᠡᠨ ᠤ ᠦᠷ᠎ᠠ ᠠᠰᠢᠭ ᠶᠤᠮ᠃ 2000 ᠣᠨ ᠠᠴᠠ ᠨᠠᠭᠠᠰᠢ᠂ ᠰᠢᠯᠤᠭᠤᠨ ᠬᠥᠬᠡ ᠬᠤᠰᠢᠭᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠲᠡ 10 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠵᠤ᠂ 535.14 ᠲᠦᠮᠡᠨ ᠮᠦ ᠲᠠᠯᠠᠪᠠᠢ ᠶᠢ ᠵᠠᠰᠠᠵᠠᠢ᠃ ︽ᠪᠢᠳᠡ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠᠷ ᠭᠤᠣᠯ ᠵᠠᠷᠴᠢᠮ ᠪᠤᠯᠭᠠᠵᠦ᠂ ᠪᠢᠲᠡᠭᠦᠮᠵᠢᠯᠡᠬᠦ ᠪᠠᠷ ᠭᠤᠣᠯ ᠪᠣᠯᠭᠠᠠ᠂ ᠪᠢᠲᠡᠭᠦᠮᠵᠢᠯᠡᠬᠦ ᠨᠢᠰᠭᠡᠯ ᠢᠶᠠᠷ ᠲᠠᠷᠢᠵᠦ ᠤᠶᠢᠵᠢᠭᠤᠯᠬᠤ᠂ ᠪᠣᠳᠠ ᠰᠥᠭᠡᠭ ᠡᠪᠡᠰᠦ ᠲᠠᠷᠢᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠤ᠂ ᠭᠠᠩ ᠬᠠᠭᠰᠠᠷᠠᠭᠠᠨ ᠳᠤ ᠳᠠᠭᠠᠭᠠᠴᠠᠲᠠᠢ ᠬᠠᠶᠢᠯᠠᠰᠤᠨ ᠮᠣᠳᠣ᠂ ᠰᠢᠷ᠎ᠠ ᠰᠢᠪᠠᠭ ᠵᠡᠷᠭᠡ ᠶᠢ ᠰᠣᠩᠭᠤᠵᠤ 5.2 ᠲᠦᠮᠡᠨ ᠮᠦ ᠭᠠᠵᠠᠷ ᠢ ᠨᠢᠰᠬᠡᠯ ᠢᠶᠠᠷ ᠳᠠᠷᠢᠵᠤ ᠣᠶᠢᠵᠢᠭᠤᠯᠤᠨ᠂ ᠨᠡᠭᠦᠳᠡᠯ ᠡᠯᠡᠰᠦᠷᠬᠡᠭ ᠭᠠᠵᠠᠷ ᠲᠤ ᠬᠠᠨᠳᠤᠭᠤᠯᠤᠨ 1.3 ᠲᠦᠮᠡᠨ ᠮᠦ ᠰᠢᠷ᠎ᠠ ᠪᠤᠷᠭᠠᠰᠤᠨ ᠡᠯᠡᠰᠦᠨ ᠬᠠᠯᠬᠠᠪᠴᠢ ᠢᠢ ᠪᠠᠶᠢᠭᠤᠯᠵᠤ᠂ 2600 ᠮᠦ ᠭᠠᠵᠠᠷ ᠲᠤ ᠪᠣᠳᠠ ᠰᠥᠭᠡᠭ ᠮᠣᠳᠣ ᠲᠠᠷᠢᠵᠦ᠂ ᠬᠠᠭᠠᠯᠪᠤᠷᠢᠯᠠᠬᠤ ᠦᠭᠡᠢ ᠪᠠᠷ 1000 ᠮᠦ ᠰᠢᠯᠢᠳᠡᠭ ᠲᠡᠵᠢᠭᠡᠯ ᠡᠪᠡᠰᠦ ᠢᠢ ᠨᠥᠬᠦᠵᠦ ᠳᠠᠷᠢᠨ᠂ 2009 ᠣᠨ ᠳᠤ ᠶᠡᠷᠦᠩᠬᠡᠶᠢᠯᠡᠨ ᠵᠠᠰᠠᠬᠤ ᠠᠵᠢᠯ ᠢ ᠬᠢᠭᠰᠡᠨ ᠠᠴᠠ ᠨᠠᠭᠠᠰᠢ᠂ ᠲᠣᠰ ᠲᠥᠷᠥᠯ ᠵᠦᠢᠯ ᠤᠨ ᠣᠷᠣᠨ ᠤ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠢᠢ 60% ᠳᠤ ᠬᠦᠷᠭᠡᠪᠡ︾ ᠭᠡᠵᠦ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠯᠢᠦ ᠰᠢᠶᠣᠣ ᠮᠢᠨ ᠲᠠᠨᠢᠯᠴᠠᠭᠤᠯᠪᠠ᠃      ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠪᠣᠯ ᠮᠠᠨ ᠤ ᠤᠯᠤᠰ ᠤᠨ ᠲᠠᠪᠤᠨ ᠶᠡᠭᠡ ᠡᠯᠡᠰᠦᠷᠬᠡᠭ ᠭᠠᠵᠠᠷ ᠤᠨ ᠨᠢᠭᠡ ᠪᠣᠯᠣᠨ᠎ᠠ᠃ ᠶᠡᠷᠦᠩᠬᠡᠢ ᠲᠠᠯᠠᠪᠠᠶ ᠨᠢ 3.84 ᠲᠦᠮᠡᠨ ᠬᠠᠪᠲᠠᠭᠠᠢ ᠳᠥᠷᠪᠡᠯᠵᠢᠨ ᠺᠢᠯᠤᠮᠧᠲᠷ ᠪᠠᠶᠢᠵᠤ᠂ ᠰᠢᠯᠢ ᠶᠢᠨ ᠭᠤᠣᠯ ᠠᠶᠢᠮᠠᠭ ᠲᠠᠬᠢ ᠲᠠᠯᠠᠪᠠᠶ ᠨᠢ 3.2 ᠲᠦᠮᠡᠨ ᠬᠠᠪᠲᠠᠭᠠᠢ ᠳᠥᠷᠪᠡᠯᠵᠢᠨ  ᠺᠢᠯᠤᠮᠧᠲᠷ ᠪᠠᠶᠢᠵᠤ᠂ ᠶᠡᠷᠦᠩᠬᠡᠢ ᠲᠠᠯᠠᠪᠠᠶ ᠶᠢᠨ 83.4% ᠶᠢ ᠡᠵᠡᠯᠡᠵᠦ᠂ ᠡᠷᠢᠶᠡᠨ ᠬᠤᠲᠠ᠂ ᠰᠢᠯᠢ ᠶᠢᠨ ᠬᠤᠲᠠ᠂ ᠠᠪᠠᠭ᠎ᠠ ᠬᠤᠰᠢᠭᠤ ᠵᠡᠷᠭᠡ 9 ᠬᠤᠰᠢᠭᠤ ᠰᠢᠶᠠᠨ ᠤ 24 ᠰᠤᠮᠤ ᠰᠢᠶᠠᠩ ᠪᠠᠯᠭᠠᠰᠤ ︵ᠲᠠᠯᠠᠪᠠᠶ︶ ᠪᠠᠷ ᠲᠠᠷᠬᠠᠵᠤ᠂ ᠪᠡᠭᠡᠵᠢᠩ ᠠᠴᠠ ᠰᠢᠯᠤᠭᠤᠨ ᠱᠤᠭᠤᠮ ᠢᠶᠠᠷ 180  ᠺᠢᠯᠤᠮᠧᠲᠷ ᠵᠠᠶᠢᠲᠠᠢ ᠪᠠᠶᠢᠵᠦ᠂ ᠨᠡᠶᠢᠰᠯᠡᠯ ᠪᠠ ᠤᠮᠠᠷᠠᠲᠤ ᠣᠷᠣᠨ ᠠᠴᠠ ᠬᠠᠮᠤᠭ ᠤᠨ ᠣᠶᠢᠷ᠎ᠠ ᠡᠯᠡᠰᠦᠨ ᠤ ᠡᠬᠢ ᠪᠤᠯᠤᠨ᠎ᠠ᠃ ᠰᠢᠯᠢ ᠶᠢᠨ ᠭᠤᠣᠯ ᠠᠶᠢᠮᠠᠭ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠪᠣᠯᠤᠭᠰᠠᠨ ᠤ ᠬᠤᠪᠢ ᠳᠤ᠂ ᠣᠶᠢᠷ᠎ᠠ ᠶᠢᠨ ᠠᠷᠪᠠᠨ ᠵᠢᠯ ᠤᠨ ᠲᠤᠷᠰᠢ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠡᠪᠡᠰᠦ ᠪᠡᠯᠴᠢᠭᠡᠷ ᠢ ᠰᠡᠷᠭᠦᠭᠡᠬᠦ᠂ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ  ᠂ ᠥᠪᠥᠷ ᠮᠣᠩᠭᠤᠯ ᠤᠨ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠳᠤ ᠲᠦᠰᠢᠭᠯᠡᠨ᠂ ᠣᠶ ᠰᠢᠭᠤᠢ ᠪᠠ ᠲᠠᠯ᠎ᠠ ᠨᠤᠲᠤᠭ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠨᠡᠶᠢᠲᠡ 2400 ᠭᠠᠷᠤᠢ ᠲᠦᠮᠡᠨ ᠮᠦ ᠬᠡᠷᠡᠭᠵᠢᠭᠦᠯᠦᠭᠰᠡᠨ ᠶᠤᠮ᠃      ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2010 ᠣᠨ ᠤ ᠬᠢ ᠲᠠᠢ ᠬᠠᠷᠢᠴᠠᠭᠤᠯᠪᠠᠯ᠂ ᠪᠥᠬᠦ ᠠᠶᠢᠮᠠᠭ ᠤᠨ ᠣᠶ ᠰᠢᠭᠤᠢ ᠶᠢᠨ ᠪᠦᠷᠬᠦᠴᠡ 7.14% ᠪᠠᠶᠢᠭᠰᠠᠨ ᠠᠴᠠ ᠪᠠᠨ 7.6% ᠪᠤᠯᠤᠨ ᠨᠡᠮᠡᠭᠳᠡᠵᠦ᠂ ᠣᠶᠢᠷ᠎ᠠ ᠶᠢᠨ ᠠᠷᠪᠠᠨ ᠵᠢᠯ ᠳᠤ  ᠨᠤᠲᠤᠭ  ᠪᠡᠯᠴᠢᠭᠡᠷ  ᠤᠨ  ᠲᠤᠮᠳᠠᠴᠢ  ᠤᠷᠭᠤᠮᠠᠯ  ᠤᠨ  ᠪᠦᠷᠬᠦᠴᠡ 46.21%  ᠬᠦᠷᠴᠦ᠂ ᠲᠦᠷᠦᠭᠦᠤ ᠠᠷᠪᠠᠨ ᠵᠢᠯ ᠤᠨ ᠬᠢ ᠠᠴᠠ 5.86 ᠵᠠᠭᠤᠨ ᠤ ᠨᠢᠭᠡᠴᠢ ᠳᠡᠭᠡᠭᠰᠢᠯᠡᠵᠡᠢ︔ ᠪᠥᠬᠦ ᠠᠶᠢᠮᠠᠭ ᠤᠨ ᠡᠯᠡᠰᠦᠷᠭᠡᠭᠵᠢᠭᠰᠡᠨ ᠭᠠᠵᠠᠷ ᠰᠢᠷᠣᠢ ᠶᠢᠨ ᠲᠠᠯᠠᠪᠠᠶ 8876 ᠲᠦᠮᠡᠨ ᠮᠦ ᠪᠠᠶᠢᠭᠰᠠᠨ ᠠᠴᠠ ᠪᠠᠨ 8645 ᠲᠦᠮᠡᠨ ᠮᠦ ᠪᠣᠯᠣᠨ ᠪᠠᠭᠠᠰᠴᠤ᠂ ᠡᠭᠦᠨ ᠳᠤ ᠨᠡᠭᠦᠳᠡᠯ᠂ ᠬᠠᠭᠠᠰ ᠲᠣᠭᠲᠠᠮᠠᠯ ᠡᠯᠡᠰᠦᠷᠬᠡᠭ ᠭᠠᠵᠠᠷ ᠤᠨ ᠲᠠᠯᠠᠪᠠᠶ 1044 ᠲᠦᠮᠡᠨ ᠮᠦ ᠪᠠᠶᠢᠭᠰᠠᠨ ᠠᠴᠠ ᠪᠠᠨ 597 ᠲᠦᠮᠡᠨ ᠮᠦ ᠪᠣᠯᠣᠨ ᠪᠠᠭᠠᠰᠴᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠬᠢᠭᠡᠳ ᠣᠶ ᠰᠢᠭᠤᠢ ᠶᠢᠨ ᠪᠦᠷᠬᠦᠴᠡ ᠶᠢᠨ ︽ᠬᠤᠣᠰ ᠨᠡᠮᠡᠭᠳᠡᠯ︾ ᠪᠠ ᠡᠯᠡᠰᠦᠷᠭᠡᠭᠵᠢᠭᠰᠡᠨ ᠭᠠᠵᠠᠷ ᠤᠨ ᠲᠠᠯᠠᠪᠠᠶ ᠬᠢᠭᠡᠳ ᠡᠯᠡᠰᠦᠷᠭᠡᠭᠵᠢᠭᠰᠡᠨ ᠬᠡᠮᠵᠢᠶ᠎ᠡ ᠶᠢᠨ ︽ᠬᠤᠣᠰ ᠬᠠᠰᠤᠭᠳᠠᠯ︾ ᠤᠨ ᠬᠠᠷᠠᠯᠲᠠ ᠶᠢ ᠪᠡᠶᠡᠯᠡᠭᠦᠯᠪᠡ᠃      ᠮᠠᠨ ᠤ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ ᠲᠠᠶᠢᠯᠠᠯᠳᠤᠭᠠᠨ ᠤ 2024 ᠣᠨ ᠤ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠲᠡᠭᠡᠷ᠎ᠠ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ ᠲᠠᠶᠢᠯᠠᠯᠳᠤᠭᠠᠨ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠪᠠᠶᠢᠷᠢᠯᠠᠭᠤᠯᠤᠭᠰᠠᠨ ︽ᠤᠮᠠᠷᠠᠲᠤ ᠶᠢᠨ ᠭᠤᠷᠪᠠᠨ ᠤᠷᠤᠨ︾  ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠨᠢᠭᠡ ᠪᠣᠯᠣᠨ᠎ᠠ᠂ ︽ᠤᠮᠠᠷᠠᠳᠦ  ᠶᠢᠨ  ᠭᠤᠷᠪᠠᠠ  ᠤᠷᠤᠨ ᠤ ᠵᠤᠷᠢᠭ ᠰᠠᠨᠠᠭ᠎ᠠ︾  ᠶᠢ ᠶᠡᠬᠡᠪᠡᠷ ᠪᠠᠳᠠᠷᠠᠭᠤᠯᠵᠤ᠂ ᠠᠮᠢ ᠠᠬᠤᠢ ᠶᠢ ᠬᠠᠮᠠᠭᠠᠯᠠᠵᠦ ᠰᠡᠷᠭᠦᠭᠡᠬᠦ ᠢᠨᠵᠧᠨᠧᠷᠢᠩ ᠤᠨ ᠲᠦᠷᠦᠯ ᠵᠦᠢᠯ ᠢ ᠦᠷᠭᠦᠯᠵᠢᠯᠡᠨ ᠠᠬᠢᠭᠤᠯᠵᠤ᠂ ︽ᠨᠤᠭᠤᠭᠠᠷᠠᠭᠤᠯᠤᠯᠳᠠ ᠶᠢ ᠠᠬᠢᠭᠤᠯᠵᠦ ᠡᠯᠡᠰᠦ ᠶᠢ ᠵᠠᠰᠠᠬᠤ︾ ᠰᠠᠶᠢᠨ ᠬᠠᠨᠳᠤᠰᠢ ᠶᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠠᠶᠢᠮᠠᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠥᠷᠭᠡᠨᠪᠠᠶᠠᠷ ᠢᠯᠡᠷᠬᠡᠶᠢᠯᠡᠬᠦ ᠳᠡᠭᠡᠨ᠂ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠶᠡᠷᠦᠩᠬᠡᠶᠢᠯᠡᠨ ᠵᠠᠰᠠᠯᠳᠠ ᠶᠢᠨ ᠣᠷᠣᠨ ᠪᠣᠯ ᠮᠠᠨ ᠤ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠨᠢᠭᠡᠨ ᠬᠤᠷᠢᠶᠠᠩᠭᠤᠢ ᠳᠦᠷᠬᠦ ᠪᠣᠯᠣᠨ᠎ᠠ᠃ ᠪᠢᠳᠡ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠢ  ᠠᠬᠢᠭᠤᠯᠵᠤ᠂ ᠠᠮᠢ  ᠠᠬᠤᠢ᠂ ᠠᠵᠤ ᠠᠬᠤᠢ ᠪᠠ ᠨᠡᠶᠢᠭᠡᠮ ᠤᠨ ᠦᠷ᠎ᠠ ᠠᠰᠢᠭ ᠭᠥᠷᠳᠡᠬᠦ ᠶᠢ ᠴᠢᠷᠮᠠᠶᠢᠨ ᠪᠡᠶᠡᠯᠡᠭᠦᠯᠵᠦ᠂ ᠡᠨᠡ ᠵᠢᠯ ᠵᠠᠭᠤᠨ ᠲᠦᠮᠡᠨ ᠮᠦ ᠰᠢᠬᠠᠮ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠪᠡᠶᠡᠯᠡᠭᠦᠯᠬᠦ ᠶᠢᠨ ᠬᠠᠮᠲᠤ ᠮᠠᠨ ᠤ ᠠᠶᠢᠮᠠᠭ ᠤᠨ ᠵᠢᠯᠤᠭᠤᠳᠬᠤ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠢ ᠡᠯᠡᠰᠦᠷᠭᠡᠭᠵᠢᠯ ᠢ ᠰᠡᠷᠭᠡᠶᠢᠯᠡᠬᠦ ᠠᠵᠢᠯ ᠳᠤ ᠣᠷᠣᠯᠴᠠᠭᠤᠯᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠠᠮᠢ ᠠᠬᠤᠢ ᠶᠢ ᠨᠣᠭᠤᠭᠠᠷᠠᠭᠤᠯᠬᠤ ᠬᠤᠤᠰ ᠠᠰᠢᠭ ᠤᠨ ᠬᠠᠷᠠᠯᠲᠠ ᠶᠢ ᠪᠡᠶᠡᠯᠡᠭᠦᠯᠦᠨ᠎ᠡ ᠭᠡᠪᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号