ᠡᠨᠡ ᠵᠢᠯ ᠮᠠᠨ ᠤ ᠠᠶᠢᠮᠠᠭ ᠬᠤᠲᠠ ᠪᠠᠯᠭᠠᠰᠤᠨ ᠤ ᠳᠤᠯᠠᠭᠠᠯᠠᠬᠤ ᠢᠨᠵᠧᠨᠧᠷᠢᠩ ᠳᠤ14.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠪᠡ
ᠨᠡᠶᠢᠲᠡᠯᠡᠭᠰᠡᠨ ᠴᠠᠭ᠄
2024/3/25
     ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠳᠤᠯᠠᠭᠠᠯᠠᠭ᠎ᠠ ᠶᠢᠨ ᠠᠰᠠᠭᠤᠳᠠᠯ ᠢ ᠲᠦᠢᠯᠪᠤᠷᠢᠲᠠᠢ ᠰᠶᠢᠳᠪᠦᠷᠢᠯᠡᠬᠦ ᠶᠢᠨ ᠲᠦᠯᠦᠭᠡ᠂ ᠡᠨᠡ ᠵᠢᠯ᠂ ᠮᠠᠨ ᠤ ᠠᠶᠢᠮᠠᠭ 14.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠬᠤᠳᠠ ᠪᠠᠯᠭᠠᠰᠤᠨ ᠤ ᠳᠤᠯᠠᠭᠠᠯᠠᠬᠤ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ ᠪᠤᠢ᠃      ᠪᠤᠳᠠᠳᠠᠢ ᠬᠡᠷᠡᠭᠵᠢᠭᠦᠯᠬᠦ ᠶᠠᠪᠤᠴᠠ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠢᠭᠰᠠᠭᠠᠨ ᠪᠠᠶᠢᠴᠠᠭᠠᠬᠤ᠂ ᠬᠡᠷᠡᠭᠵᠢᠭᠦᠯᠬᠦ᠂ ᠳᠤᠯᠠᠭᠠᠯᠠᠭ᠎ᠠ ᠬᠠᠩᠭᠠᠬᠤ᠂ ᠳᠡᠭᠡᠭᠰᠢᠯᠡᠭᠦᠯᠬᠦ ᠳᠥᠷᠪᠡᠨ ᠱᠠᠲᠤ ᠪᠠᠷ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠂ ᠲᠤᠬᠠᠶᠢᠯᠠᠪᠠᠯ ᠳᠤᠯᠠᠭᠠᠯᠠᠭ᠎ᠠ ᠬᠠᠩᠭᠠᠬᠤ ᠴᠢᠳᠠᠪᠤᠷᠢ ᠶᠢ 1270 ᠲᠦᠮᠡᠨ ᠬᠠᠪᠲᠠᠭᠠᠢ ᠳᠥᠷᠪᠡᠯᠵᠢᠨ ᠮᠧᠲᠷ ᠨᠡᠮᠡᠭᠳᠡᠬᠦᠯᠵᠦ᠂ ᠳᠤᠯᠠᠭᠠᠯᠠᠭ᠎ᠠ ᠬᠠᠩᠭᠠᠬᠤ ᠬᠤᠭᠤᠯᠠᠢ ᠲᠣᠣᠷ ᠢ 349.5 ᠺᠢᠯᠤᠮᠧᠲᠷ ᠰᠢᠨ᠎ᠡ ᠪᠠᠷ ᠪᠠᠶᠢᠭᠤᠯᠵᠤ ᠥᠭᠡᠷᠡᠴᠢᠯᠡᠨ᠂ ᠢᠯᠴᠢ ᠰᠣᠯᠢᠯᠴᠠᠬᠤ ᠥᠷᠲᠡᠭᠡ 114 ᠶᠢ ᠰᠢᠨ᠎ᠡ ᠪᠠᠷ ᠪᠠᠶᠢᠭᠤᠯᠵᠤ ᠥᠭᠡᠷᠡᠴᠢᠯᠡᠨ᠂ ᠣᠶᠤᠨᠴᠢ ᠪᠠᠷ ᠳᠤᠯᠠᠭᠠᠯᠠᠭ᠎ᠠ ᠬᠠᠩᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠭᠦᠨ ᠤ ᠵᠡᠷᠭᠡ ᠳᠤ᠂ ᠬᠤᠲᠠ ᠪᠠᠯᠭᠠᠰᠤᠨ ᠤ ᠳᠤᠯᠠᠭᠠᠯᠠᠭ᠎ᠠ ᠬᠠᠩᠭᠠᠬᠤ ᠲᠤᠨᠤᠭ ᠲᠦᠬᠦᠭᠡᠷᠦᠮᠵᠢ ᠶᠢ ᠪᠠᠶᠢᠴᠠᠭᠠᠨ ᠰᠡᠯᠪᠢᠨ ᠵᠠᠰᠠᠬᠤ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠥᠷᠨᠢᠭᠦᠯᠵᠦ᠂ ᠳᠤᠯᠠᠭᠠᠯᠠᠭ᠎ᠠ ᠬᠠᠩᠭᠠᠬᠤ ᠠᠴᠠ ᠡᠮᠦᠨ᠎ᠡ ᠲᠦᠷᠦᠭᠦᠤ ᠨᠢᠭᠡ ᠤᠯᠠᠷᠢᠯ ᠳᠤ ᠢᠯᠡᠷᠡᠭᠰᠡᠨ ᠨᠡᠯᠢᠶᠡᠳ ᠲᠣᠪᠤᠶᠢᠮ᠎ᠠ ᠠᠰᠠᠭᠤᠳᠠᠯ ᠢ ᠰᠶᠢᠳᠪᠦᠷᠢᠯᠡᠵᠤ᠂ ᠪᠥᠬᠦ ᠠᠶᠢᠮᠠᠭ ᠤᠨ ᠣᠯᠠᠨ ᠲᠦᠮᠡᠨ ᠢ ᠰᠠᠨᠠᠭ᠎ᠠ ᠠᠮᠤᠷ ᠳᠤᠯᠠᠭᠠᠨ ᠲᠠᠪᠠᠲᠠᠢ ᠡᠪᠦᠯᠵᠢᠭᠦᠯᠦᠨ᠎ᠠ᠃      ᠣᠶᠢᠯᠠᠭᠠᠭᠰᠠᠨ ᠢᠶᠠᠷ᠂ 2023 ᠣᠨ ᠳᠤ ᠪᠥᠬᠦ ᠠᠶᠢᠮᠠᠭ ᠤᠨ 13 ᠬᠤᠰᠢᠭᠤ ᠰᠢᠶᠠᠨ ᠬᠤᠲᠠ ︵ᠤᠷᠤᠨ︶ ᠶᠢᠨ ᠵᠠᠰᠠᠭ ᠤᠨ ᠣᠷᠳᠣᠨ ᠤ ᠪᠠᠶᠢᠭ᠎ᠠ ᠬᠤᠲᠠ ᠪᠠᠯᠭᠠᠰᠤᠨ ᠳᠤ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠶᠢ ᠪᠦᠬᠦᠨ ᠢ ᠪᠡᠶᠡᠯᠡᠭᠦᠯᠵᠦ᠂ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ 28᠂ ᠢᠯᠴᠢ ᠡᠭᠦᠰᠬᠡᠬᠦ ᠴᠡᠭ 28᠂ ᠢᠯᠴᠢ ᠰᠣᠯᠢᠯᠴᠠᠬᠤ ᠥᠷᠲᠡᠭᠡ 618 ᠪᠠᠶᠢᠵᠤ᠂ ᠳᠤᠯᠠᠭᠠᠯᠠᠭ᠎ᠠ ᠬᠠᠩᠭᠠᠬᠤ ᠬᠤᠭᠤᠯᠠᠢ ᠲᠣᠣᠷ ᠤᠨ ᠪᠥᠬᠦ ᠣᠷᠳᠣ ᠨᠢ 2340 ᠺᠢᠯᠤᠮᠧᠲᠷ ᠲᠤ ᠬᠦᠷᠴᠦ᠂ ᠳᠤᠯᠠᠭᠠᠯᠠᠭ᠎ᠠ ᠬᠠᠨᠭ᠍ᠭᠠᠬᠰᠠᠨ ᠪᠣᠳᠠᠲᠠᠢ ᠲᠠᠯᠠᠪᠠᠶ ᠨᠢ 5829 ᠲᠦᠮᠡᠨ ᠬᠠᠪᠲᠠᠭᠠᠢ ᠳᠥᠷᠪᠡᠯᠵᠢᠨ  ᠮᠧᠲᠷ ᠲᠤ ᠬᠦᠷᠴᠡᠢ᠃ ᠡᠭᠦᠨ ᠤ ᠬᠠᠮᠳᠦ 2023 ᠣᠨ ᠤ ᠳᠤᠯᠠᠭᠠᠯᠠᠭ᠎ᠠ ᠬᠠᠩᠭᠠᠬᠤ ᠢᠨᠵᠧᠨᠧᠷᠢᠩ ᠤᠨ ᠠᠷᠭ᠎ᠠ ᠬᠡᠮᠵᠢᠶ᠎ᠡ᠂ ᠳᠤᠯᠠᠭᠠᠯᠠᠭ᠎ᠠ ᠬᠠᠩᠭᠠᠬᠤ ᠲᠤᠨᠤᠭ ᠲᠦᠬᠦᠭᠡᠷᠦᠮᠵᠢ ᠶᠢ ᠪᠠᠶᠢᠴᠠᠭᠠᠨ ᠰᠡᠯᠪᠢᠨ ᠵᠠᠰᠠᠬᠤ ᠵᠡᠷᠭᠡ ᠠᠵᠢᠯ ᠢ ᠠᠶᠢᠮᠠᠭ ᠤᠨ ᠳᠠᠷᠤᠭ᠎ᠠ  ᠶᠢᠨ ᠱᠠᠯᠠᠪᠳᠠᠭᠤᠯᠤᠨ ᠰᠶᠢᠳᠪᠦᠷᠢᠯᠡᠭᠦᠯᠬᠦ ᠵᠦᠢᠯ ᠳᠤ ᠤᠷᠤᠭᠤᠯᠵᠦ᠂ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠢᠨ ︽2023 ᠣᠨ ᠤ ᠰᠢᠯᠢ ᠶᠢᠨ ᠭᠤᠣᠯ ᠠᠶᠢᠮᠠᠭ ᠤᠨ ᠬᠤᠲᠠ ᠪᠠᠯᠭᠠᠰᠤᠨ ᠤ ᠳᠤᠯᠠᠭᠠᠯᠠᠭ᠎ᠠ ᠬᠠᠩᠭᠠᠬᠤ ︿ᠡᠪᠦᠯ ᠤᠨ ᠡᠪᠡᠳᠴᠢᠨ ᠢ ᠵᠤᠨ ᠵᠠᠰᠠᠬᠤ﹀ ᠲᠤᠰᠬᠠᠢ ᠠᠵᠢᠯᠯᠠᠭ᠎ᠠ ᠶᠢᠨ ᠲᠥᠰᠥᠯ︾   ᠢ ᠳᠠᠷᠤᠮᠠᠯᠯᠠᠨ ᠲᠠᠷᠬᠠᠭᠠᠵᠤ᠂ ᠲᠤᠰᠬᠠᠢ ᠮᠡᠷᠭᠡᠵᠢᠯᠲᠡᠨ ᠢ ᠤᠷᠢᠵᠤ ᠮᠡᠷᠭᠡᠵᠢᠯ ᠤᠨ ᠵᠢᠯᠣᠭᠤᠳᠤᠯᠭ᠎ᠠ ᠬᠢᠯᠬᠡᠬᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠰᠠᠷ᠎ᠠ ᠪᠠᠷ ᠲᠣᠬᠢᠷᠠᠭᠤᠯᠤᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠭᠠᠵᠠᠷ ᠤᠨ ᠬᠢᠨ ᠢ ᠱᠠᠯᠠᠪᠳᠠᠭᠤᠯᠵᠦ᠂ ᠬᠤᠲᠠ ᠪᠠᠯᠭᠠᠰᠦᠨ ᠤ ᠳᠤᠯᠠᠭᠠᠯᠠᠭ᠎ᠠ ᠶᠢᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠳᠤᠯᠠᠭᠠᠯᠠᠭ᠎ᠠ ᠬᠠᠩᠭᠠᠬᠤ ᠬᠤᠭᠤᠯᠠᠢ ᠲᠣᠣᠷ᠂ ᠢᠯᠴᠢ ᠰᠣᠯᠢᠯᠴᠠᠬᠤ ᠥᠷᠲᠡᠭᠡ ᠵᠡᠷᠭᠡ ᠪᠦᠲᠦᠭᠡᠨ ᠪᠠᠶᠢᠭᠤᠯᠵᠤ ᠥᠭᠡᠷᠡᠴᠢᠯᠡᠬᠦ ᠲᠥᠷᠥᠯ ᠵᠦᠢᠯ ᠢ 30 ᠶᠢ ᠪᠡᠶᠡᠯᠡᠭᠦᠯᠵᠦ᠂ ᠢᠯᠴᠢ ᠡᠭᠦᠰᠬᠡᠬᠦ ᠴᠡᠭ 4᠂ ᠢᠯᠴᠢ ᠰᠣᠯᠢᠯᠴᠠᠬᠤ ᠥᠷᠲᠡᠭᠡ 8᠂ ᠬᠤᠭᠤᠯᠠᠢ ᠲᠣᠣᠷ ᠢ 86  ᠺᠢᠯᠤᠮᠧᠲᠷ᠂ ᠨᠡᠭᠦᠷᠡᠰᠦ ᠰᠢᠲᠠᠭᠠᠬᠤ ᠭᠦᠸᠧᠯᠦ ᠶᠢ 8 ᠶᠢ ᠰᠢᠨ᠎ᠡ ᠪᠠᠷ ᠪᠠᠶᠢᠭᠤᠯᠵᠤ ᠥᠭᠡᠷᠡᠴᠢᠯᠡᠵᠠᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号