ᠠᠶᠢᠮᠠᠭ ᠤᠨ ᠵᠠᠬᠢᠷᠭ᠎ᠠ ᠠᠵᠤ ᠠᠬᠤᠢ ᠶᠢᠨ ᠡᠷᠬᠢᠯᠲᠡ ᠶᠢᠨ ᠵᠠᠳᠠᠯᠤᠯᠲᠠ ᠪᠠ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠵᠢᠴᠢ ᠭᠤᠣᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠲᠥᠪᠯᠡᠷᠡᠩᠭᠦᠢ ᠪᠤᠭᠤᠮᠲᠠ ᠰᠢᠪᠲᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/26
     3 ᠰᠠᠷ᠎ᠠ ᠶᠢᠨ 25᠎ ᠤ ᠡᠳᠦᠷ᠂ ᠠᠶᠢᠮᠠᠭ ᠤᠨ ᠵᠠᠬᠢᠷᠭ᠎ᠠ ᠠᠵᠤ ᠠᠬᠤᠢ ᠶᠢᠨ ᠡᠷᠬᠢᠯᠲᠡ ᠶᠢᠨ ᠵᠠᠳᠠᠯᠤᠯᠲᠠ ᠪᠠ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠵᠢᠴᠢ ᠭᠤᠣᠯᠳᠠᠯᠭ᠎ᠠ ᠲᠠᠢ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠲᠥ᠋ᠪᠯᠡᠷᠡᠩᠭᠦᠢ ᠪᠤᠭᠤᠮᠲᠠ ᠰᠢᠪᠲᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠨᠢᠭᠡᠳᠦᠭᠡᠷ ᠤᠯᠠᠷᠢᠯ ᠨᠢ ᠪᠦᠬᠦ ᠵᠢᠯ ᠤᠨ ᠠᠵᠤ ᠠᠬᠤᠢ  ᠶᠢᠨ ᠤᠷᠤᠬᠰᠢᠯᠠᠬᠤ ᠬᠠᠨᠳᠤᠰᠢ ᠴᠢᠭᠯᠡᠯ ᠢ ᠢᠯᠡᠷᠡᠭᠦᠯᠵᠦ᠂ ᠪᠠᠰᠠ ᠴᠤ ᠪᠦᠬᠦ ᠵᠢᠯ ᠤᠨ ᠬᠠᠷᠠᠯᠲᠠ ᠡᠭᠦᠷᠭᠡ  ᠶᠢ ᠪᠡᠶᠡᠯᠡᠭᠦᠯᠬᠦ ᠠᠩᠬᠠᠨ ᠤ ᠠᠯᠬᠤᠮ ᠮᠥᠨ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ 2024 ᠣᠨ ᠤ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ ᠲᠦᠷᠦᠯ ᠵᠦᠢᠯ ᠢ ᠴᠢᠷᠮᠠᠶᠢᠨ ᠣᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠨ ᠠᠷᠭ᠎ᠠ ᠶᠢ ᠵᠡᠷᠭᠡᠪᠡᠷ ᠬᠡᠷᠡᠭᠯᠡᠨ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠰᠠᠶᠢᠲᠤᠷ ᠬᠢᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠣᠭᠲᠠᠭᠤᠨ ᠨᠡᠮᠡᠭᠳᠡᠯ ᠢ ᠳ᠋ᠠᠶᠢᠴᠢᠯᠠᠠ᠂ ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠲᠠᠢ ᠪᠣᠯᠬᠤ ᠢᠢ ᠦᠨᠡᠨ ᠬᠦ ᠪᠠᠲᠤᠯᠠᠬᠤ ᠬᠡᠷᠡᠭᠲᠡᠢ᠃ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠭᠤᠣᠯᠳᠠᠯᠭ᠎ᠠ ᠪᠣᠯᠭᠠᠠ ᠠᠳᠬᠤᠵᠦ᠂ ᠴᠠᠭ ᠤᠨ ᠬᠦᠰᠦᠨᠦᠭᠲᠦ᠂ ᠠᠬᠢᠴᠠ ᠶᠢᠨ ᠵᠢᠷᠤᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠠ᠂ ᠲᠦᠷᠦᠭᠦᠴᠢ ᠶᠢᠨ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠠᠬᠢᠭᠤᠯᠵᠤ᠂ ᠪᠥᠬᠦ ᠶᠠᠪᠤᠴᠠ ᠶᠢᠨ ᠮᠥᠷᠳᠡᠨ ᠲᠣᠬᠢᠷᠠᠭᠤᠯᠤᠯᠳᠡ ᠪᠠ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠨ᠂ ᠬᠦᠴᠢᠷ ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠶ ᠰᠶᠢᠳᠪᠦᠷᠢᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ 4 ᠰᠠᠷ᠎ᠠ ᠶᠢᠨ ᠳᠤᠮᠳᠠᠴᠢ ᠪᠠᠷ ᠪᠦᠷᠢᠨ ᠭᠠᠷᠳᠠᠮ ᠢᠶᠠᠷ ᠠᠵᠢᠯ ᠢᠶᠠᠨ ᠡᠬᠢᠯᠡᠭᠦᠯᠵᠦ ᠰᠡᠷᠭᠦᠬᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠠᠢ᠃      ᠬᠤᠷᠠᠯ ᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ︵ᠤᠷᠤᠨ︶᠎ ᠳᠤ ᠬᠦᠷᠲᠠᠯ᠎ᠠ ᠬᠤᠷᠠᠯᠳᠤᠭᠤᠯᠪᠠ᠃                                           ᠣᠷᠴᠢᠭᠤᠯᠣᠭᠴᠢ᠄ ᠣᠶᠣᠩᠬᠤᠸᠠᠷ    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号