ᠵᠠᠩ ᠪᠠᠢ ᠴᠧᠩ ᠰᠢᠯᠤᠭᠤᠨ ᠬᠥᠬᠡ ᠬᠤᠰᠢᠭᠤᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠪᠠ ᠰᠣᠶᠣᠯ ᠤᠨ ᠥᠪ ᠢ ᠬᠠᠮᠠᠭᠠᠯᠠᠵᠦ ᠤᠯᠠᠮᠵᠢᠯᠠᠨ ᠵᠠᠯᠭᠠᠮᠵᠢᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/5
     3 ᠰᠠᠷ᠎ᠠ ᠶᠢᠨ 4᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠰᠢᠯᠤᠭᠤᠨ ᠬᠥᠬᠡ ᠬᠤᠰᠢᠭᠤᠨ ᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠰᠣᠶᠣᠯ ᠤᠨ ᠥᠪ ᠤᠨ ᠮᠦᠽᠧᠢ ᠳᠤ ᠭᠦᠨᠵᠡᠭᠡᠶᠢᠷᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠬᠠᠤ ᠪᠠ ᠰᠣᠶᠣᠯ ᠤᠨ ᠥᠪ ᠢ ᠬᠠᠮᠠᠭᠠᠯᠠᠵᠦ ᠤᠯᠠᠮᠵᠢᠯᠠᠨ ᠵᠠᠯᠭᠠᠮᠵᠢᠯᠠᠬᠤ ᠠᠵᠢᠯ ᠢ ᠪᠠᠶᠢᠴᠠᠭᠠᠨ ᠰᠤᠳᠤᠯᠤᠬᠰᠠᠨ ᠪᠦᠭᠡᠳ ᠬᠤᠯᠪᠣᠭᠳᠠᠯ ᠪᠦᠬᠦᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ᠰᠣᠶᠣᠯ ᠤᠨ ᠥᠪ ᠪᠤᠯ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠬᠤᠯᠪᠤᠬᠰᠠᠨ᠂ ᠲᠠᠬᠢᠨ ᠪᠤᠢ ᠪᠤᠯᠵᠦ ᠪᠣᠯᠣᠰᠢ ᠦᠭᠡᠢ᠂ ᠣᠷᠣᠯᠠᠭᠤᠯᠵᠤ ᠪᠣᠯᠣᠰᠢ ᠦᠭᠡᠢ ᠬᠤᠪᠣᠷ ᠨᠠᠨᠳᠢᠨ ᠡᠬᠢ ᠪᠠᠶᠠᠯᠢᠭ ᠮᠥᠨ᠂ ᠡᠷᠬᠡᠪᠰᠢ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠰᠠᠶᠢᠲᠤᠷ ᠬᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠡᠭᠦᠨ ᠳᠤ ᠠᠭᠤᠯᠤᠭᠳᠠᠵᠤ ᠪᠠᠶᠢᠭ᠎ᠠ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠰᠣᠶᠣᠯ ᠤᠨ ᠥᠪ ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠰᠢᠭᠯᠠᠬᠤ᠂ ᠬᠠᠮᠠᠭᠠᠯᠠᠬᠤ ᠪᠠ ᠬᠥᠭᠵᠢᠭᠦᠯᠬᠦ᠂ ᠬᠠᠮᠠᠭᠠᠯᠠᠬᠤ ᠪᠠ ᠨᠡᠭᠡᠭᠡᠨ ᠠᠰᠢᠭᠯᠠᠬᠤ ᠶᠢᠨ ᠬᠠᠷᠢᠴᠠᠭ᠎ᠠ ᠶᠢ ᠵᠥᠪ ᠰᠠᠶᠢᠲᠤᠷ ᠰᠶᠢᠳᠪᠦᠷᠢᠯᠡᠵᠦ᠂ ᠬᠠᠮᠠᠭᠠᠯᠠᠬᠤ᠂ ᠬᠠᠮᠢᠶᠠᠷᠬᠤ᠂ ᠰᠤᠳᠤᠯᠬᠤ᠂ ᠠᠰᠢᠭᠯᠠᠬᠤ ᠡᠯ᠎ᠡ ᠵᠦᠢᠯ ᠤᠨ ᠠᠵᠢᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠬᠦ ᠬᠡᠷᠡᠭᠲᠡᠢ ᠭᠡᠪᠡ᠃      ᠠᠶᠢᠮᠠᠭ ᠤᠨ ᠤᠳᠤᠷᠢᠳᠤᠯᠭ᠎ᠠ ᠪᠦᠦ ᠯᠢ ᠬᠤᠸᠠ᠂ ᠶᠠᠩ ᠯᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号