ᠪᠥᠬᠦ ᠠᠶᠢᠮᠠᠭ ᠤᠨ ᠨᠠᠮ ᠤᠨ ᠬᠤᠷᠢᠶ᠎ᠠ 2024 ᠣᠨ ᠤ ᠨᠠᠢᠮᠠᠳᠤᠭᠠᠷ ᠤᠳᠠᠭ᠎ᠠ ᠶᠢᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/9
     3 ᠰᠠᠷ᠎ᠠ ᠶᠢᠨ 8᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2024 ᠣᠨ ᠤ ᠨᠠᠢᠮᠠᠳᠤᠭᠠᠷ ᠤᠳᠠᠭ᠎ᠠ ᠶᠢᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠬᠤᠷᠠᠯ᠂ 2 ᠰᠠᠷ᠎ᠠ ᠶᠢᠨ 29᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠬᠢᠴᠢᠶᠡᠯ ᠡᠬᠢᠯᠡᠬᠦ ᠲᠠᠰᠢᠷᠠᠮ ᠢᠶᠠᠷ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠢᠭᠲᠠ ᠠᠩᠬᠠᠷᠴᠤ᠂ ᠮᠠᠨ ᠤ ᠠᠶᠢᠮᠠᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠡᠷᠲᠡᠬᠡᠨ ᠰᠦᠪᠡᠭᠴᠢᠯᠡᠨ ᠰᠤᠳᠤᠯᠬᠤ ᠬᠡᠷᠡᠭᠲᠡᠢ᠃ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠠ᠂ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠬᠡᠷᠡᠭᠲᠡᠢ᠃ ᠰᠢᠨ᠎ᠡ ᠡᠨᠧᠷᠭᠢ ᠶᠢᠨ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢ ᠠᠬᠢᠭᠤᠯᠵᠤ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ᠂ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠤᠨᠤᠯ ᠤᠨ ᠰᠤᠷᠤᠯᠴᠠᠯᠭ᠎ᠠ ᠶᠢ ᠲᠠᠰᠤᠷᠠᠯᠳᠡ ᠦᠭᠡᠢ ᠴᠢᠩᠭᠠᠳᠬᠠᠠ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠪᠠᠲᠤᠳᠬᠠᠵᠤ᠂ ᠢᠳᠡᠪᠬᠢᠲᠡᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠠ᠂ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠵᠤ᠂ ᠯᠠᠪᠳᠠᠭᠤᠨ ᠪᠠᠲᠤᠲᠠᠢ ᠨᠠᠷᠢᠨ ᠨᠢᠮᠪᠠᠢ ᠪᠣᠳᠠᠲᠠᠢ ᠠᠵᠢᠯ ᠢᠶᠠᠷ ᠦᠨᠡᠨᠴᠢ ᠰᠢᠳᠤᠷᠭᠤ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠳᠠ ᠲᠢᠩᠬᠢᠮ ᠲᠣᠪᠴᠢᠶ᠎ᠠ ᠶᠢᠨ ᠭᠤᠣᠯ ᠤᠳᠤᠷᠢᠳᠬᠤ ᠺᠠᠳ᠋ᠷ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠣᠯᠳᠠᠯᠭ᠎ᠠ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠎ ᠢ   ᠠᠳᠬᠤᠵᠦ᠂ ᠵᠣᠬᠢᠶᠠᠨ ᠪᠠᠶᠢᠭᠤᠯᠬᠤ ᠠᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ︽ᠵᠢᠷᠭᠤᠭᠠᠨ ᠢᠨᠵᠧᠨᠧᠷᠢᠩ︾ ᠎ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠬᠠᠩᠭᠠᠯᠭ᠎ᠠ ᠶᠢ ᠦᠨᠡᠨ ᠬᠦ ᠴᠢᠩᠭᠠᠳᠬᠠᠵᠤ᠂ ᠴᠢᠨᠠᠷ ᠰᠠᠶᠢᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠷ ︽ᠲᠠᠪᠤᠨ ᠶᠡᠭᠡ ᠡᠭᠦᠷᠭᠡ︾᠎ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠨᠢᠭᠡᠳᠦᠮᠡᠯ ᠹᠷᠣᠨᠲ ᠤᠨ ᠭᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠤᠬᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠠᠶᠢᠮᠠᠭ ᠤᠨ ᠨᠢᠭᠡᠳᠦᠮᠡᠯ ᠹᠷᠣᠨᠲ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠤᠨ᠂ ᠨᠢᠭᠡᠳᠦᠮᠡᠯ ᠹᠷᠣᠨᠲ ᠤᠨ ᠬᠦᠴᠦᠨ ᠢ ᠪᠠᠬᠢᠵᠢᠭᠦᠯᠦᠨ ᠬᠥᠭᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠥᠮᠥᠰ ᠤᠨ ᠰᠡᠳᠬᠢᠯ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠬᠢᠨᠠᠨ ᠵᠥᠪᠯᠡᠪᠡ᠃                                          ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号