ᠠᠶᠢᠮᠠᠭ ᠤᠨ ᠨᠠᠮ ᠤᠨ ᠬᠤᠷᠢᠶ᠎ᠠ 2024 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠤᠯᠤᠰ ᠤᠨ ᠠᠮᠤᠷ ᠲᠦᠪᠰᠢᠨ ᠤ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 29᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2024 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠤᠯᠤᠰ ᠤᠨ ᠠᠮᠤᠷ ᠲᠦᠪᠰᠢᠨ ᠤ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠰᠢᠨ᠎ᠡ ᠴᠠᠭ ᠦᠶ᠎ᠡ ᠶᠢᠨ ᠳᠤᠮᠳᠠ ᠣᠷᠣᠨ ᠤ ᠭᠦᠭᠵᠢᠯ ᠮᠠᠨᠳᠤᠯ ᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠ ᠬᠡᠰᠡᠭ ᠤᠨ ᠮᠤᠵᠢ᠂ ᠪᠡᠭᠡᠵᠢᠩ ᠲᠢᠶᠠᠨᠵᠢᠨ ᠾᠧᠪᠧᠢ ᠵᠡᠷᠭᠡ ᠭᠠᠵᠠᠷ ᠣᠷᠣᠨ ᠯᠤᠭ᠎ᠠ ᠶᠢᠨ ᠭᠦᠨᠵᠡᠭᠡᠢ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠭᠦᠨ ᠲᠠᠰ ᠳᠠᠪᠬᠤᠷᠭ᠎ᠠ ᠶᠢᠨ ᠥᠭᠡᠷᠡᠴᠢᠯᠡᠯᠲᠡ ᠪᠠ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠤᠨ ᠬᠥᠭᠵᠢᠭᠦᠯᠵᠦ᠂ ᠬᠥᠳᠡᠭᠡ ᠲᠣᠰᠬᠤᠨ ᠎ ᠢ  ᠪᠥᠬᠦ  ᠲᠠᠯ᠎ᠠ ᠎ ᠪᠠᠷ  ᠭᠦᠭᠵᠢᠭᠦᠯᠦᠨ ᠮᠠᠨᠳᠤᠭᠤᠯᠬᠤ ᠶᠢ ᠯᠠᠪᠳᠠᠭᠤᠨ ᠠᠬᠢᠭᠤᠯᠵᠦ᠂ ᠰᠣᠶᠣᠯ ᠤᠨ ᠣᠨᠴᠠᠯᠢᠭᠲᠤ ᠵᠢᠭᠤᠯᠴᠢᠯᠠᠯ ᠢ ᠶᠡᠬᠡᠪᠡᠷ ᠬᠥᠭᠵᠢᠭᠦᠯᠦᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠭᠡᠷᠡᠭᠳᠡᠢ ᠭᠡᠪᠡ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 113 ᠳ᠋ᠤᠭᠠᠷ ᠤᠳᠠᠭ᠎ᠠ ᠶᠢᠨ ᠬᠤᠷᠠᠯ ᠵᠢᠴᠢ ᠤᠯᠤᠰ ᠤᠨ ᠠᠮᠤᠷ ᠲᠦᠪᠰᠢᠨ ᠤ ᠵᠥᠪᠯᠡᠯ ᠤᠨ 6 ᠳ᠋ᠤᠭᠠᠷ ᠤᠳᠠᠭ᠎ᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠦ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ᠂ ᠠᠮᠤᠭᠤᠯᠠᠩ ᠰᠢᠯᠢ ᠶᠢᠨ ᠭᠤᠣᠯ ᠠᠶᠢᠮᠠᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠵᠡᠷᠭᠡ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠪᠣᠳᠠᠲᠠᠢ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠡᠯ᠎ᠡ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ᠪᠦᠬᠦ ᠠᠶᠢᠮᠠᠭ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠶᠢᠨ ᠥᠭᠡᠷᠡᠴᠢᠯᠡᠯᠲᠡ ᠪᠠ ᠬᠠᠮᠢᠶᠠᠷᠤᠯᠲᠠ ᠵᠡᠷᠭᠡ ᠠᠵᠢᠯ ᠪᠣᠯᠣᠨ ᠪᠦᠬᠦ ᠠᠶᠢᠮᠠᠭ ᠤᠨ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ  ᠎ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠎ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ  ᠎ ᠶᠢ ᠰᠣᠨᠣᠰᠴᠠᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠭᠤᠣᠯ ᠰᠢᠵᠢᠮ ᠢ ᠨᠠᠮ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠪᠦᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠵᠤ᠂ ︽ᠭᠤᠷᠪᠠᠨ ᠦᠭᠡᠷᠡᠴᠢᠯᠡᠯᠳᠡ᠂ ᠨᠢᠭᠡ ᠴᠢᠩᠭ᠎ᠠ ᠠᠳᠬᠤᠬᠤ︾ ᠱᠠᠭᠠᠷᠳᠠᠯᠭ᠎ᠠ ᠶᠣᠰᠣᠭᠠᠷ᠂ ᠡᠯ᠎ᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠮ ᠤᠨ ᠰᠤᠷᠭᠠᠭᠤᠯᠢ ᠶᠢᠨ ᠰᠤᠷᠭᠠᠨ ᠬᠥᠮᠦᠵᠢᠯ ᠬᠠᠮᠢᠶᠠᠷᠤᠯᠲᠠ ᠶᠢᠨ ᠠᠵᠢᠯ ᠤᠨ ᠶᠠᠰᠦ ᠴᠢᠨᠠᠷ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠤᠷᠳᠤ ᠬᠤᠭᠤᠴᠠᠭ᠎ᠠ ᠦᠷ᠎ᠡ ᠪᠦᠳᠦᠮᠵᠢᠳᠠᠢ ᠥᠷᠨᠢᠭᠦᠯᠵᠦ᠂ ︽ᠵᠢᠷᠭᠤᠭᠠᠨ ᠦᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠎ ᠢ ᠨᠡᠩ ᠲᠣᠳᠣᠷᠬᠠᠢ ᠶᠠᠷᠢᠵᠤ᠂ ᠠᠷᠠᠳ ᠲᠤ ᠠᠰᠢᠭ ᠬᠦᠷᠲᠡᠭᠡᠬᠦ ᠳᠠᠩᠰᠠ᠂ ᠬᠥᠭᠵᠢᠯᠲᠡ ᠶᠢᠨ ᠳᠠᠩᠰᠠ ᠶᠢ ᠨᠡᠩ ᠲᠣᠳᠣᠷᠬᠠᠢ ᠪᠤᠳᠤᠵᠤ᠂ ᠥᠷᠭᠡᠨ ᠤᠯᠠᠨ ᠲᠦᠮᠡᠨ ᠢ ᠬᠥᠮᠥᠵᠢᠭᠦᠯᠦᠨ ᠳᠠᠭᠠᠭᠤᠯᠵᠤ ᠪᠠᠶᠢᠭᠠᠳ ᠶᠡᠷᠦᠩᠬᠡᠢ ᠱᠦᠵᠢ ᠳᠤ ᠡᠭᠦᠷᠢᠳᠡ ᠲᠠᠯᠠᠷᠬᠠᠨ᠂ ᠨᠠᠮ ᠤᠨ ᠲᠥᠪ ᠬᠤᠷᠢᠶ᠎ᠠ ᠲᠠᠢ ᠰᠡᠳᠬᠢᠯ ᠵᠢᠷᠥᠭᠡ ᠪᠠᠨ ᠬᠤᠯᠪᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                 ᠣᠷᠴᠢᠭᠤᠯᠣᠭᠴᠢ᠄ ᠣᠶᠣᠩᠬᠤᠸᠠᠷ      
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号