ᠠᠶᠢᠮᠠᠭ ᠤᠨ ᠨᠠᠮ ᠤᠨ ᠬᠤᠷᠢᠶ᠎ᠠ 2024 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠤᠯᠤᠰ ᠤᠨ ᠠᠮᠤᠷ ᠲᠦᠪᠰᠢᠨ ᠤ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2024 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠤᠯᠤᠰ ᠤᠨ ᠠᠮᠤᠷ ᠲᠦᠪᠰᠢᠨ ᠤ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠰᠢᠨ᠎ᠡ ᠴᠠᠭ ᠦᠶ᠎ᠡ ᠶᠢᠨ ᠳᠤᠮᠳᠠ ᠣᠷᠣᠨ ᠤ ᠭᠦᠭᠵᠢᠯ ᠮᠠᠨᠳᠤᠯ ᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠ ᠬᠡᠰᠡᠭ ᠤᠨ ᠮᠤᠵᠢ᠂ ᠪᠡᠭᠡᠵᠢᠩ ᠲᠢᠶᠠᠨᠵᠢᠨ ᠾᠧᠪᠧᠢ ᠵᠡᠷᠭᠡ ᠭᠠᠵᠠᠷ ᠣᠷᠣᠨ ᠯᠤᠭ᠎ᠠ ᠶᠢᠨ ᠭᠦᠨᠵᠡᠭᠡᠢ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠭᠦᠨ ᠲᠠᠰ ᠳᠠᠪᠬᠤᠷᠭ᠎ᠠ ᠶᠢᠨ ᠥᠭᠡᠷᠡᠴᠢᠯᠡᠯᠲᠡ ᠪᠠ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠤᠨ ᠬᠥᠭᠵᠢᠭᠦᠯᠵᠦ᠂ ᠬᠥᠳᠡᠭᠡ ᠲᠣᠰᠬᠤᠨ  ᠢ  ᠪᠥᠬᠦ  ᠲᠠᠯ᠎ᠠ  ᠪᠠᠷ  ᠭᠦᠭᠵᠢᠭᠦᠯᠦᠨ ᠮᠠᠨᠳᠤᠭᠤᠯᠬᠤ ᠶᠢ ᠯᠠᠪᠳᠠᠭᠤᠨ ᠠᠬᠢᠭᠤᠯᠵᠦ᠂ ᠰᠣᠶᠣᠯ ᠤᠨ ᠣᠨᠴᠠᠯᠢᠭᠲᠤ ᠵᠢᠭᠤᠯᠴᠢᠯᠠᠯ ᠢ ᠶᠡᠬᠡᠪᠡᠷ ᠬᠥᠭᠵᠢᠭᠦᠯᠦᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠭᠡᠷᠡᠭᠳᠡᠢ ᠭᠡᠪᠡ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 113 ᠳ᠋ᠤᠭᠠᠷ ᠤᠳᠠᠭ᠎ᠠ ᠶᠢᠨ ᠬᠤᠷᠠᠯ ᠵᠢᠴᠢ ᠤᠯᠤᠰ ᠤᠨ ᠠᠮᠤᠷ ᠲᠦᠪᠰᠢᠨ ᠤ ᠵᠥᠪᠯᠡᠯ ᠤᠨ 6 ᠳ᠋ᠤᠭᠠᠷ ᠤᠳᠠᠭ᠎ᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠦ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ᠂ ᠠᠮᠤᠭᠤᠯᠠᠩ ᠰᠢᠯᠢ ᠶᠢᠨ ᠭᠤᠣᠯ ᠠᠶᠢᠮᠠᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠵᠡᠷᠭᠡ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠪᠣᠳᠠᠲᠠᠢ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠡᠯ᠎ᠡ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ᠪᠦᠬᠦ ᠠᠶᠢᠮᠠᠭ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠥᠭᠡᠷᠡᠴᠢᠯᠡᠯᠲᠡ ᠪᠠ ᠬᠠᠮᠢᠶᠠᠷᠤᠯᠲᠠ ᠵᠡᠷᠭᠡ ᠠᠵᠢᠯ ᠪᠣᠯᠣᠨ ᠪᠦᠬᠦ ᠠᠶᠢᠮᠠᠭ ᠤᠨ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ   ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ  ᠶᠢᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ   ᠶᠢ ᠰᠣᠨᠣᠰᠴᠠᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠭᠤᠣᠯ ᠰᠢᠵᠢᠮ ᠢ ᠨᠠᠮ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠪᠦᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠵᠤ᠂ ︽ᠭᠤᠷᠪᠠᠨ ᠦᠭᠡᠷᠡᠴᠢᠯᠡᠯᠳᠡ᠂ ᠨᠢᠭᠡ ᠴᠢᠩᠭ᠎ᠠ ᠠᠳᠬᠤᠬᠤ︾ ᠱᠠᠭᠠᠷᠳᠠᠯᠭ᠎ᠠ ᠶᠣᠰᠣᠭᠠᠷ᠂ ᠡᠯ᠎ᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠮ ᠤᠨ ᠰᠤᠷᠭᠠᠭᠤᠯᠢ ᠶᠢᠨ ᠰᠤᠷᠭᠠᠨ ᠬᠥᠮᠦᠵᠢᠯ ᠬᠠᠮᠢᠶᠠᠷᠤᠯᠲᠠ ᠶᠢᠨ ᠠᠵᠢᠯ ᠤᠨ ᠶᠠᠰᠦ ᠴᠢᠨᠠᠷ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠤᠷᠳᠤ ᠬᠤᠭᠤᠴᠠᠭ᠎ᠠ ᠦᠷ᠎ᠡ ᠪᠦᠳᠦᠮᠵᠢᠳᠠᠢ ᠥᠷᠨᠢᠭᠦᠯᠵᠦ᠂ ︽ᠵᠢᠷᠭᠤᠭᠠᠨ ᠦᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾  ᠢ ᠨᠡᠩ ᠲᠣᠳᠣᠷᠬᠠᠢ ᠶᠠᠷᠢᠵᠤ᠂ ᠠᠷᠠᠳ ᠲᠤ ᠠᠰᠢᠭ ᠬᠦᠷᠲᠡᠭᠡᠬᠦ ᠳᠠᠩᠰᠠ᠂ ᠬᠥᠭᠵᠢᠯᠲᠡ ᠶᠢᠨ ᠳᠠᠩᠰᠠ ᠶᠢ ᠨᠡᠩ ᠲᠣᠳᠣᠷᠬᠠᠢ ᠪᠤᠳᠤᠵᠤ᠂ ᠥᠷᠭᠡᠨ ᠤᠯᠠᠨ ᠲᠦᠮᠡᠨ ᠢ ᠬᠥᠮᠥᠵᠢᠭᠦᠯᠦᠨ ᠳᠠᠭᠠᠭᠤᠯᠵᠤ ᠪᠠᠶᠢᠭᠠᠳ ᠶᠡᠷᠦᠩᠬᠡᠢ ᠱᠦᠵᠢ ᠳᠤ ᠡᠭᠦᠷᠢᠳᠡ ᠲᠠᠯᠠᠷᠬᠠᠨ᠂ ᠨᠠᠮ ᠤᠨ ᠲᠥᠪ ᠬᠤᠷᠢᠶ᠎ᠠ ᠲᠠᠢ ᠰᠡᠳᠬᠢᠯ ᠵᠢᠷᠥᠭᠡ ᠪᠠᠨ ᠬᠤᠯᠪᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                 ᠣᠷᠴᠢᠭᠤᠯᠣᠭᠴᠢ᠄ ᠣᠶᠣᠩᠬᠤᠸᠠᠷ      
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号