ᠵᠠᠩ ᠪᠠᠢ ᠴᠧᠩ ᠤᠯᠠᠨ ᠤᠯᠤᠰ ᠤᠨ ᠡᠸᠦ᠋ᠷᠦᠫᠡ ᠠᠽᠢᠶ᠎ᠠ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠵᠦ ᠯᠢᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠤᠯᠠᠨ ᠤᠯᠤᠰ ᠤᠨ ᠡᠸᠦ᠋ᠷᠦᠫᠡ ᠠᠽᠢᠶ᠎ᠠ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠵᠦ ᠯᠢᠩ᠂ ᠵᠦᠩ ᠺᠠᠩ ᠬᠤᠸᠠ ᠰᠢᠶᠠ ᠶᠢᠨ ᠶᠡᠷᠦᠩᠬᠡᠢ ᠵᠠᠬᠢᠷᠤᠯ᠂ ᠵᠦᠩ ᠺᠠᠩ ᠬᠤᠸᠠ ᠰᠢᠶᠠ ︵ᠥᠪᠥᠷ ᠮᠣᠩᠭᠤᠯ︶ ᠬᠤᠪᠢ ᠤᠷᠤᠭᠤᠯᠤᠯᠲᠠ ᠶᠢ ᠡᠷᠭᠡᠰᠢᠶᠡᠬᠦ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠨᠢ ᠴᠤᠸᠠᠨ ᠯᠢᠦ ᠨᠠᠷ ᠲᠠᠢ ᠠᠭᠤᠯᠵᠠᠵᠤ᠂ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠰᠠᠨᠠᠯ ᠪᠤᠳᠤᠯ ᠢᠶᠠᠨ ᠭᠦᠨᠵᠡᠭᠡᠢ ᠰᠣᠯᠢᠯᠴᠠᠪᠠ᠃      ᠵᠠᠩ ᠪᠠᠢ ᠴᠧᠩ ᠠᠴᠠ ᠵᠦ ᠯᠢᠩ᠂ ᠨᠢ  ᠴᠤᠸᠠᠨ  ᠯᠢᠦ  ᠨᠠᠷ  ᠢ  ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠰᠢᠯᠢ ᠶᠢᠨ ᠭᠤᠣᠯ ᠠᠶᠢᠮᠠᠭ ᠤᠨ ᠭᠠᠵᠠᠷ ᠨᠤᠲᠤᠭ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠵᠤ᠂ ᠬᠤᠶᠠᠷ ᠬᠠᠭᠤᠷᠠᠢ ᠵᠠᠮ ᠤᠨ ᠪᠣᠭᠤᠮᠲᠠ ᠲᠠᠢ᠂ ᠢᠷᠡᠭᠡᠳᠦᠢ  ᠶᠢᠨ  ᠬᠥᠭᠵᠢᠯᠲᠡ  ᠶᠢᠨ ᠤᠷᠤᠨ ᠵᠠᠢ ᠶᠡᠭᠡ ᠶᠤᠮ᠃ ᠣᠳᠣᠬᠠᠨ ᠳᠤ᠂ ᠪᠥᠬᠦ ᠠᠶᠢᠮᠠᠭ ᠳᠠᠶᠠᠭᠠᠷ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠪᠠᠶᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ︾ ᠶᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠠ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃ ᠤᠯᠠᠨ ᠤᠯᠤᠰ ᠤᠨ ᠡᠸᠦ᠋ᠷᠦᠫᠡ ᠠᠽᠢᠶ᠎ᠠ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠪᠣᠯᠣᠨ ᠵᠦᠩ ᠺᠠᠩ ᠬᠤᠸᠠ ᠰᠢᠶᠠ ᠠᠵᠠ ᠲᠣᠬᠢᠶᠠᠯ ᠢ ᠠᠮᠵᠢᠨ᠂ ᠳᠠᠪᠠᠭᠤᠯᠢᠭ ᠢᠶᠠᠨ ᠪᠠᠳᠠᠷᠠᠭᠤᠯᠵᠦ᠂ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠮᠠᠨ ᠤ ᠠᠶᠢᠮᠠᠭ ᠤᠨ ᠪᠣᠭᠤᠮᠲᠠ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠰᠢᠯᠢ ᠶᠢᠨ ᠭᠤᠣᠯ ᠠᠶᠢᠮᠠᠭ ᠤᠨ ᠬᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠵᠠᠢ᠃      ᠵᠦ ᠯᠢᠩ᠂ ᠨᠢ ᠴᠤᠸᠠᠨ ᠯᠢᠦ ᠵᠡᠭᠦᠨ ᠬᠠᠲᠠᠪᠴᠢ ᠪᠣᠭᠤᠮᠲᠠ ᠶᠢᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠲᠥᠯᠥᠪᠯᠡᠭᠡ ᠶᠢ ᠲᠠᠨᠢᠯᠴᠠᠭᠤᠯᠵᠤ᠂ ᠲᠤᠰ  ᠪᠡᠶ᠎ᠡ  ᠶᠢᠨ  ᠳᠠᠪᠠᠭᠤᠯᠢᠭ  ᠢᠶᠠᠨ ᠭᠦᠢᠴᠡᠳ ᠪᠠᠳᠠᠷᠠᠭᠤᠯᠤᠨ᠂ ᠪᠣᠭᠤᠮᠲᠠ ᠶᠢᠨ ᠬᠢᠯᠢ ᠠᠯᠤᠰᠯᠠᠭᠰᠠᠨ ᠠᠷᠠᠯᠵᠢᠶ᠎ᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠬᠠᠮᠲᠤᠪᠠᠷ ᠠᠬᠢᠭᠤᠯᠤᠨ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠭᠡᠶᠢᠯᠡᠪᠡ᠃      ᠵᠢᠶᠠ ᠸᠧᠨ ᠽᠥᠩ ᠠᠭᠤᠯᠵᠠᠯᠲᠠ ᠳᠤ ᠣᠷᠣᠯᠴᠠᠪᠠ᠃                                                 ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号