ᠠᠶᠢᠮᠠᠭ ᠤᠨ ᠵᠠᠬᠢᠷᠭ᠎ᠠ ᠡᠪᠡᠰᠦ ᠪᠣᠷᠳᠣᠭᠠᠨ ᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 30 ᠤ ᠡᠳᠦᠷ᠂ ᠠᠶᠢᠮᠠᠭ ᠤᠨ ᠵᠠᠬᠢᠷᠭ᠎ᠠ ᠡᠪᠡᠰᠦ ᠪᠣᠷᠳᠣᠭᠠᠨ ᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠷᠠᠯ ᠠᠴᠠ ᠴᠢᠬᠤᠯᠠᠴᠢᠯᠠᠬᠤ ᠳᠠᠭᠠᠨ᠂ ᠡᠪᠡᠰᠦ ᠪᠣᠷᠳᠤᠭ᠎ᠠ ᠶᠢᠨ ᠵᠠᠬ᠎ᠠ ᠳᠡᠯᠭᠡᠭᠦᠷ ᠤᠨ ᠬᠤᠷᠸ᠎ᠠ ᠲᠣᠬᠢᠷᠠᠭᠤᠯᠭ᠎ᠠ ᠡᠵᠡᠮᠰᠢᠯ ᠢ ᠠᠬᠢᠭᠤᠯᠵᠤ᠂ ᠡᠪᠡᠰᠦ ᠪᠣᠷᠳᠤᠭ᠎ᠠ ᠶᠢᠨ ᠦᠨ᠎ᠡ ᠶᠢ ᠲᠣᠭᠲᠠᠭᠤᠨ ᠪᠠᠶᠢᠯᠭᠠᠨ ᠦᠨ᠎ᠡ ᠶᠢ ᠪᠠᠭᠤᠷᠠᠭᠤᠯᠬᠤ ᠶᠢ ᠠᠬᠢᠭᠤᠯᠬᠤ ᠨᠢ ᠮᠠᠯᠵᠢᠯ ᠤᠨ ᠥᠪᠡᠷ ᠤᠨ ᠦᠷᠳᠡᠭ ᠢ ᠪᠦᠲᠦᠮᠵᠢᠲᠡᠢ ᠪᠠᠭᠤᠷᠠᠭᠤᠯᠬᠤ᠂ ᠪᠡᠯᠴᠢᠭᠡᠷ ᠤᠨ ᠲᠠᠭᠠᠭᠠᠴᠠ ᠠᠴᠠ ᠭᠡᠳᠦᠷᠡᠳᠡᠯ᠎ᠠ ᠮᠠᠯᠵᠢᠬᠤ ᠠᠰᠠᠭᠤᠳᠠᠯ ᠢ ᠰᠶᠢᠳᠪᠦᠷᠢᠯᠡᠬᠦ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠭᠦ ᠴᠢᠬᠤᠯᠠ ᠠᠷᠭ᠎ᠠ ᠬᠡᠮᠵᠢᠶ᠎ᠡ ᠮᠦᠨ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠢᠶᠠᠷ ᠭᠤᠣᠯᠯᠠᠭᠤᠯᠤᠨ᠂ ᠵᠠᠰᠠᠭ ᠤᠨ ᠣᠷᠳᠣᠨ ᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠡᠪᠡᠰᠦ ᠪᠣᠷᠳᠣᠭᠠᠨ ᠤ ᠠᠵᠦ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠮᠠᠨ ᠤ ᠠᠶᠢᠮᠠᠭ ᠤᠨ ᠪᠠᠶᠢᠭᠠᠯᠢᠯᠢᠭ ᠬᠠᠳᠤᠯᠠᠩ ᠪᠡᠯᠴᠢᠭᠡᠷ ᠤᠨ ᠳᠠᠪᠠᠭᠤᠯᠢᠭ ᠪᠠ ᠰᠠᠭᠤᠷᠢ ᠳᠡᠭᠡᠷ᠎ᠠ ᠡᠪᠡᠰᠦ ᠪᠣᠷᠳᠤᠭ᠎ᠠ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠪᠠ ᠳᠣᠲᠣᠭᠠᠳᠤ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠦᠨ᠂ ᠱᠠᠲᠤ ᠬᠤᠪᠢᠶᠠᠨ ᠨᠥᠭᠡᠴᠡᠯᠡᠬᠦ ᠰᠢᠰᠲ᠋ᠧᠮ ᠪᠠ ᠦᠨ᠎ᠡ ᠬᠠᠩᠰᠢ ᠶᠢ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠪᠡᠰᠦ ᠪᠣᠷᠳᠤᠭ᠎ᠠ ᠶᠢᠨ ᠤᠯᠠᠨ ᠡᠰᠢᠵᠢᠭᠰᠡᠨ ᠦᠢᠯᠡᠳᠪᠦᠷᠢᠯᠡᠯ ᠤᠨ ᠰᠢᠰᠲ᠋ᠧᠮ ᠪᠠ ᠬᠠᠩᠭᠠᠯᠭ᠎ᠠ ᠶᠢᠨ ᠴᠢᠳᠠᠪᠤᠷᠢ ᠶᠢ ᠪᠠᠶᠢᠭᠤᠯᠵᠤ᠂ ᠪᠥᠬᠦ ᠠᠶᠢᠮᠠᠭ ᠤᠨ ᠡᠪᠡᠰᠦ ᠪᠣᠷᠳᠤᠭ᠎ᠠ ᠶᠢᠨ ᠦᠨ᠎ᠡ ᠬᠠᠩᠰᠢ ᠶᠢᠨ ᠲᠣᠭᠲᠠᠭᠤᠨ ᠪᠥᠭᠡᠳ ᠵᠦᠢ ᠵᠣᠬᠢᠰᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠠᠮᠢ ᠠᠬᠤᠢ ᠶᠢ ᠤᠷᠢᠳ ᠢᠶᠠᠷ ᠪᠤᠳᠤᠯᠭᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠮᠰᠢᠭ ᠢ ᠲᠤᠭᠤᠯᠬᠤ ᠭᠡᠯᠪᠡᠷᠢ ᠶᠢᠨ ᠮᠠᠯ ᠠᠵᠤ ᠠᠬᠤᠢ ᠪᠠ ᠲᠦᠭᠦᠭᠡᠷᠦᠮᠵᠢᠳᠦ ᠮᠠᠯ ᠠᠵᠤ ᠠᠬᠤᠢ ᠶᠢ ᠲᠦᠷᠭᠡᠨ ᠬᠥᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠢ ᠦᠨᠡᠨ ᠬᠦ ᠰᠠᠶᠢᠲᠤᠷ ᠬᠠᠮᠠᠭᠠᠯᠠᠵᠤ᠂ ᠨᠤᠲᠤᠭ ᠪᠡᠯᠴᠢᠭᠡᠷ ᠢ ᠥᠨᠢᠳᠡ ᠦᠷᠭᠦᠯᠵᠢᠯᠡᠨ ᠠᠰᠢᠭᠯᠠᠬᠤ ᠪᠠ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠠᠢ᠃      ᠠᠶᠢᠮᠠᠭ ᠤᠨ ᠳᠡᠳ᠋ ᠳᠠᠷᠤᠭ᠎ᠠ ᠰᠦᠨ ᠵᠧᠨ ᠵᠢᠶᠠᠩ ᠪᠣᠳᠠᠲᠠᠢ ᠠᠵᠢᠯ ᠢ ᠪᠠᠶᠢᠷᠢᠯᠠᠭᠤᠯᠪᠠ᠃ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠡᠰᠡᠭ ᠬᠤᠰᠢᠭᠤ ᠬᠤᠲᠠ ︵ᠤᠷᠤᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶  ᠤ ᠭᠤᠣᠯ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃                                                      ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号