ᠮᠠᠨ ᠤ ᠤᠷᠤᠨ ᠵᠢᠷᠭᠤᠭᠠᠨ ᠲᠠᠯ᠎ᠠ ᠪᠠᠷ ᠬᠦᠴᠦᠯᠡᠵᠦ ᠪᠡᠶ᠎ᠡ ᠶᠢᠨ ᠲᠠᠮᠢᠷ ᠤᠨ ᠦᠢᠯᠡᠰ ᠤᠨ ᠰᠢᠨ᠎ᠡ ᠬᠦᠭᠵᠢᠯᠳᠡ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2024/4/10
     2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠤᠨ᠎ᠠ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ᠂ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠃ ᠮᠠᠨ ᠤ ᠤᠷᠤᠨ ᠤ ᠪᠡᠶ᠎ᠡ ᠶᠢᠨ ᠲᠠᠮᠢᠷ ᠤᠨ ᠠᠵᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠡᠶ᠎ᠡ ᠶᠢᠨ ᠲᠠᠮᠢᠷ ᠤᠨ ᠬᠦᠴᠦᠨ ᠴᠢᠳᠠᠯ ᠢ ᠡᠷᠭᠦᠨ᠎ᠡ᠃      ᠲᠦᠷᠦᠭᠦᠬᠡᠨ᠂ 2024 ᠣᠨ ᠤ ᠪᠥᠬᠦ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠳᠠᠷᠤᠭ᠎ᠠ ᠨᠠᠷ ᠤᠨ ᠬᠤᠷᠠᠯ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠤᠷᠠᠯᠳᠤᠵᠦ᠂ 2023 ᠣᠨ ᠤ ᠮᠠᠨ ᠤ ᠤᠷᠤᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠡᠯᠪᠡᠭ ᠦᠷ᠎ᠡ ᠪᠦᠲᠦᠭᠡᠯ ᠢ ᠪᠥᠬᠦ ᠲᠠᠯ᠎ᠠ ᠪᠠᠷ ᠳ᠋ᠦᠩᠨᠡᠨ ᠡᠷᠭᠢᠴᠡᠭᠦᠯᠵᠦ᠂ 2024 ᠣᠨ ᠤ ᠪᠡᠶ᠎ᠡ ᠶᠢᠨ ᠲᠠᠮᠢᠷ ᠤᠨ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠷᠢᠨ ᠪᠠᠶᠢᠷᠢᠯᠠᠭᠤᠯᠤᠭᠰᠠᠨ ᠪᠠᠶᠢᠨ᠎ᠠ᠃ 2024 ᠣᠨ ᠳᠤ᠂ ᠮᠠᠨ ᠤ ᠤᠷᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠷᠭᠤᠭᠠᠨ ᠲᠠᠯ᠎ᠠ ᠪᠠᠷ ᠬᠦᠴᠦᠯᠡᠵᠦ᠂ ᠪᠡᠶ᠎ᠡ ᠶᠢᠨ ᠲᠠᠮᠢᠷ ᠤᠨ ᠦᠢᠯᠡᠰ ᠤᠨ ᠥᠨᠳᠥᠷ ᠲᠦᠪᠰᠢᠨ ᠪᠦᠬᠦᠢ ᠬᠦᠭᠵᠢᠯᠳᠡ ᠶᠢ ᠦᠷᠭᠦᠯᠵᠢᠯᠡᠨ ᠠᠬᠢᠭᠤᠯᠤᠨ᠎ᠠ᠃      ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠨᠢ ᠢᠮᠠᠭᠲᠠ ᠠᠷᠠᠳ ᠲᠦᠮᠡᠨ ᠤ ᠬᠦᠰᠡᠯ ᠡᠷᠡᠮᠡᠯᠵᠡᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠡᠨᠡ ᠵᠢᠯ᠂ ᠥᠪᠡᠷᠲᠡᠭᠡᠨ ᠵᠠᠰᠠᠬᠤ ᠣᠷᠣᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠩ ᠥᠨᠳᠥᠷ ᠲᠦᠪᠰᠢᠨ ᠪᠥᠬᠦᠶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠷᠳᠤᠨ ᠲᠤᠨᠤᠭ ᠲᠦᠬᠦᠭᠡᠷᠦᠮᠵᠢ ᠶᠢ ᠲᠡᠭᠦᠯᠳᠡᠷᠵᠢᠬᠦᠯᠬᠦ ᠠᠵᠢᠯᠯᠠᠭ᠎ᠠ ᠶᠢ ᠥᠷᠨᠢᠭᠦᠯᠵᠦ᠂ ᠪᠥᠬᠦ ᠣᠷᠣᠨ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ 6᠂ ᠪᠡᠶ᠎ᠡ ᠶᠢᠨ ᠲᠠᠮᠢᠷ ᠤᠨ ᠴᠡᠴᠡᠷᠯᠢᠭ ᠢ 20᠂ ᠣᠯᠠᠨ ᠲᠦᠮᠡᠨᠴᠢ ᠮᠥᠰᠥ ᠲᠠᠰᠢᠯᠲᠠ ᠶᠢᠨ ᠲᠠᠯᠠᠪᠠᠶ ᠶᠢ 28 ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠭᠡᠨ ᠪᠠᠶᠢᠭᠤᠯᠤᠨ᠎ᠠ᠃ ᠪᠥᠬᠦ ᠣᠷᠣᠨ ᠤ 144 ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠦᠨ᠎ᠡ ᠲᠥᠯᠥᠪᠦᠷᠢ ᠥᠬᠡᠶ ᠪᠠᠷ ᠰᠦᠢᠳᠭᠡᠯ ᠪᠠᠭ᠎ᠠ ᠬᠤᠷᠢᠶᠠᠵᠤ ᠨᠡᠶᠢᠭᠡᠮ ᠳᠤ ᠴᠢᠯᠥᠭᠡᠲᠡᠶ ᠲᠠᠯᠪᠢᠬᠤ ᠶᠢ ᠳᠡᠮᠵᠢᠵᠦ᠂ ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠲᠥᠬᠦᠭᠡᠷᠦᠮᠵᠢ ᠶᠢ ᠨᠡᠶᠢᠭᠡᠮ ᠳᠤ ᠴᠢᠯᠥᠭᠡᠲᠡᠶ ᠲᠠᠯᠪᠢᠬᠤ ᠶᠢ ᠰᠦᠪᠡᠭᠴᠢᠯᠡᠨ ᠠᠬᠢᠭᠤᠯᠤᠨ᠎ᠠ᠃      ᠦᠷᠢᠰᠦᠯᠳᠦᠭᠡᠨᠳᠦ ᠤᠷᠤᠯᠳᠤᠭᠠᠨ ᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ 2023 ᠣᠨ ᠳᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠤᠷᠤᠯᠳᠤᠭᠠᠨ ᠢ ᠵᠠᠯᠭᠠᠭ᠎ᠠ ᠪᠠᠷ ᠡᠷᠭᠢᠯᠡᠵᠦ᠂ ᠮᠠᠨ ᠤ ᠤᠷᠤᠨ ᠤ ᠪᠡᠶ᠎ᠡ ᠶᠢᠨ ᠲᠠᠮᠢᠷ ᠤᠨ ᠨᠥᠯᠥᠭᠡᠯᠡᠬᠦ ᠬᠦᠴᠦᠨ ᠦᠷᠭᠦᠯᠵᠢᠯᠡᠨ ᠥᠷᠭᠡᠵᠢᠪᠡ᠃ ᠡᠨᠡ ᠵᠢᠯ᠂ ᠣᠯᠢᠮᠫᠢᠺ ᠤᠨ ᠲᠠᠮᠢᠷ ᠤᠨ ᠴᠤᠭᠯᠠᠭᠠᠨ᠂ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠢᠶᠠᠷ ᠪᠠᠷᠢᠮᠵᠢᠶᠠᠯᠠᠵᠤ ᠂ ︽ᠳᠠᠪᠠᠭᠤᠯᠢᠭ ᠲᠠᠭᠠᠨ ᠰᠠᠭᠤᠷᠢᠯᠠᠨ᠂ ᠣᠨᠴᠠᠯᠢᠭ ᠢᠶᠠᠨ ᠢᠯᠡᠷᠡᠭᠦᠯᠬᠦ︾ ᠵᠠᠷᠴᠢᠮ ᠶᠣᠰᠣᠭᠠᠷ᠂ ᠣᠶᠢᠷ᠎ᠠ ᠶᠢᠨ ᠭᠤᠷᠪᠠᠨ ᠵᠢᠯ ᠤᠨ ᠬᠥᠭᠵᠢᠯᠲᠡ ᠶᠢᠨ ᠭᠤᠤᠯᠳᠠᠯᠭ᠎ᠠ ᠪᠠ ᠪᠥᠲᠥᠭᠡᠨ ᠪᠠᠶᠢᠭᠤᠯᠤᠯᠲᠠ ᠶᠢᠨ ᠠᠷᠭ᠎ᠠ ᠵᠠᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠎ᠡ᠃ ᠡᠪᠦᠯ ᠤᠨ ᠤᠯᠠᠷᠢᠯ ᠤᠨ ᠲᠥᠷᠥᠯ ᠵᠦᠢᠯ ᠤᠨ ᠪᠣᠯᠪᠠᠰᠤᠷᠠᠯ ᠤᠨ ᠰᠢᠰᠲ᠋ᠧᠮ ᠢ ᠪᠠᠶᠢᠭᠤᠯᠵᠤ᠂ ᠡᠪᠦᠯ ᠤᠨ ᠤᠯᠠᠷᠢᠯ ᠤᠨ ᠲᠠᠮᠢᠷ ᠤᠨ ᠬᠥᠳᠡᠯᠭᠡᠭᠡᠨ ᠤ ᠬᠠᠮᠤᠷᠬᠤ ᠬᠡᠪᠴᠢᠶ᠎ᠡ ᠶᠢ ᠥᠷᠭᠡᠳᠭᠡᠨ᠎ᠡ᠃ ᠥᠪᠥᠷ ᠮᠣᠩᠭᠤᠯ ᠤᠨ ᠲᠠᠷᠢᠶᠠᠯᠠᠩ ᠤᠨ ᠢᠲᠡᠭᠡᠮᠵᠢ ᠶᠢᠨ ᠬᠤᠷᠰᠢᠶ᠎ᠠ ᠶᠢᠨ ᠡᠮᠡᠭᠲᠡᠶ ᠶᠢᠨ ᠰᠠᠭᠰᠤᠨ ᠪᠥᠮᠪᠦᠭᠡ ᠶᠢᠨ ᠬᠥᠭᠵᠢᠯᠲᠡ ᠶᠢ ᠳᠡᠮᠵᠢᠵᠦ᠂ ᠥᠪᠥᠷ ᠮᠣᠩᠭᠤᠯ ᠤᠨ ᠰᠠᠭᠰᠤᠨ ᠪᠥᠮᠪᠦᠭᠡ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠦᠷᠢᠰᠦᠯᠳᠦᠬᠡᠨᠳᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠦᠵᠢᠭᠦᠯᠬᠦ ᠪᠠ ᠱᠠᠲᠤᠯᠢᠭ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃      ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠵᠠᠯᠠᠭᠤᠴᠤᠳ ᠪᠠᠭᠠᠴᠤᠳ ᠪᠣᠯ ᠤᠯᠤᠰ ᠣᠷᠣᠨ ᠤ ᠢᠷᠡᠭᠡᠳᠦᠢ ᠪᠠ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠶᠢ ᠠᠬᠢᠭᠤᠯᠬᠤ ᠪᠣᠯ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠠᠶᠢᠭᠤᠯᠬᠤ ᠶᠢᠨ ᠴᠢᠬᠤᠯᠠ ᠠᠭᠤᠯᠭ᠎ᠠ ᠮᠥᠨ᠃ 2024 ᠣᠨ ᠳᠤ᠂ ᠮᠠᠨ ᠤ ᠣᠷᠣᠨ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠠᠬᠢᠭᠤᠯᠬᠤ ᠠᠵᠢᠯ ᠢ ᠴᠢᠩᠭᠠᠳᠬᠠᠵᠤ᠂ ᠰᠢᠯᠢᠳᠡᠭ ᠲᠠᠮᠢᠷᠴᠢᠨ᠂ ᠲᠠᠰᠬᠠᠯᠵᠢᠭᠤᠯᠤᠭᠴᠢ᠂ ᠪᠡᠶ᠎ᠡ ᠶᠢᠨ ᠲᠠᠮᠢᠷ ᠤᠨ ᠺᠯᠦᠪ ᠢ ᠵᠣᠬᠢᠶᠠᠨ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠭᠦᠯᠦᠨ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠵᠢᠯᠣᠭᠤᠳᠬᠤ ᠪᠠ ᠲᠥᠷᠥᠯ ᠵᠦᠢᠯ ᠢ ᠲᠦᠭᠡᠮᠡᠯᠵᠢᠭᠦᠯᠬᠦ ᠠᠵᠢᠯ ᠢ ᠥᠷᠨᠢᠭᠦᠯᠦᠨ᠎ᠡ᠃ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠢ ᠳᠡᠮᠵᠢᠬᠦ ᠰᠠᠶᠢᠨ ᠳᠤᠷ᠎ᠠ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠳᠡᠯᠭᠡᠷᠡᠭᠦᠯᠦᠨ᠎ᠡ᠃      ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ 2023 ᠣᠨ ᠳᠤ᠂ ᠥᠪᠡᠷᠲᠡᠭᠡᠨ ᠵᠠᠰᠠᠬᠤ ᠣᠷᠣᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠡᠯᠡᠳᠭᠡᠨ ᠡᠷᠭᠢᠯᠡᠬᠦ ᠪᠠᠷ ᠠᠵᠠ ᠲᠣᠬᠢᠶᠠᠯ ᠪᠣᠯᠭᠠᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠭᠵᠢᠯᠲᠠ ᠶᠢ ᠠᠬᠢᠭᠤᠯᠪᠠ᠃      ᠡᠨᠡ ᠵᠢᠯ᠂ ᠥᠪᠡᠷᠲᠡᠭᠡᠨ ᠵᠠᠰᠠᠬᠤ ᠣᠷᠣᠨ ᠵᠠᠰᠠᠭ ᠠᠵᠤ ᠠᠬᠤᠶᠢᠯᠠᠯ ᠪᠠᠩᠬᠢ ᠬᠤᠳᠠᠯᠳᠤᠭ᠎ᠠ ᠬᠤᠯᠪᠣᠭᠠᠯᠠᠨ ᠬᠠᠮᠵᠢᠯᠴᠠᠬᠤ ᠶᠢ ᠴᠢᠩᠭᠠᠳᠬᠠᠵᠤ᠂ ᠨᠢᠭᠡ ᠪᠦᠯᠦᠭ ᠪᠡᠶ᠎ᠡ ᠶᠢᠨ ᠲᠠᠮᠢᠷ ᠤᠨ ᠬᠡᠷᠡᠭᠯᠡᠭᠡ ᠪᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠲᠥᠰᠦᠪᠯᠡᠨ ᠬᠡᠷᠡᠭᠵᠢᠭᠦᠯᠵᠦ᠂ ᠪᠡᠶ᠎ᠡ ᠶᠢᠨ ᠲᠠᠮᠢᠷ ᠤᠨ ᠬᠡᠷᠡᠭᠯᠡᠭᠡ ᠶᠢᠨ ᠦᠷᠭᠦᠯᠵᠢᠯᠡᠨ ᠨᠡᠮᠡᠭᠳᠡᠬᠦ ᠶᠢ ᠠᠬᠢᠭᠤᠯᠤᠨ᠎ᠠ᠃ ᠡᠯ᠎ᠡ ᠠᠶᠢᠮᠠᠭ ᠬᠤᠲᠠ ᠶᠢᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠣᠨᠴᠠᠯᠢᠭᠲᠤ ᠪᠡᠶ᠎ᠡ ᠶᠢᠨ ᠲᠠᠮᠢᠷ ᠤᠨ ᠤᠷᠤᠯᠳᠤᠭᠠᠨ ᠡᠷᠬᠢᠯᠡᠬᠦ ᠶᠢ ᠳᠠᠮᠵᠢᠨ᠎ᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠠᠯᠠᠪᠠᠶ ᠣᠷᠳᠣᠨ ᠲᠠᠯᠠᠪᠤᠷ᠂ ᠲᠣᠨᠤᠭ ᠲᠥᠬᠦᠭᠡᠷᠦᠮᠵᠢ ᠶᠢ ᠰᠠᠶᠢᠲᠤᠷ ᠲᠥᠯᠥᠪᠵᠢᠭᠦᠯᠦᠨ ᠠᠰᠢᠭᠯᠠᠵᠤ᠂ ᠮᠥᠰᠥ ᠴᠠᠰᠤᠨ ᠤ ᠬᠥᠳᠡᠯᠭᠡᠭᠡᠨ᠂ ᠮᠥᠰᠥ ᠴᠠᠰᠤᠨ ᠤ ᠵᠢᠭᠤᠯᠴᠢᠯᠠᠯ ᠢ ᠬᠦᠭᠵᠢᠬᠦᠯᠬᠦ ᠶᠢ ᠳᠡᠮᠵᠢᠨ᠎ᠠ᠃      ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠣᠯᠠᠨ ᠤᠯᠤᠰ ᠤᠨ ᠰᠣᠳᠣᠨ ᠤᠷᠤᠯᠳᠤᠭᠠᠨ ᠢ ᠣᠷᠣᠭᠤᠯᠤᠨ ᠠᠪᠴᠢᠷᠠᠵᠤ᠂ ᠮᠣᠷᠢ ᠤᠷᠤᠯᠳᠤᠬᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠲᠥᠷᠥᠯ ᠵᠦᠢᠯ ᠵᠡᠷᠭᠡ ᠶᠢ ᠬᠢᠯᠢ ᠳᠤ ᠤᠷᠤᠬᠤ ᠵᠢᠭᠤᠯᠴᠢᠯᠠᠯ ᠲᠠᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠤᠨ᠎ᠠ᠃ ᠳᠤᠮᠳᠠᠳᠤ ᠣᠷᠣᠰ ᠮᠣᠩᠭᠤᠯ ᠤᠯᠤᠰ ᠤᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠵᠦ᠂ 2025 ᠣᠨ ᠤ 33 ᠳ᠋ᠤᠭᠠᠷ ᠬᠤᠭᠤᠴᠠᠭᠠᠨ ᠤ ᠳᠤᠮᠳᠠᠳᠤ ᠶᠠᠫᠣᠨ ᠺᠣᠷᠢᠶᠠ ᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠢᠳᠡᠪᠬᠢᠲᠡᠶ ᠪᠡᠯᠡᠳᠭᠡᠵᠦ᠂ ᠲᠠᠪᠤᠳᠤᠭᠠᠷ ᠬᠤᠭᠤᠴᠠᠭᠠᠨ ᠤ ᠳᠡᠯᠡᠬᠡᠶ ᠶᠢᠨ ᠨᠡᠭᠦᠳᠡᠯ ᠮᠠᠯᠵᠢᠯ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠳᠤᠮᠳᠠᠳᠤ ᠣᠷᠣᠰ ᠮᠣᠩᠭᠤᠯ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠢᠳᠡᠪᠬᠢᠳᠡᠢ ᠵᠤᠬᠢᠶᠠᠨ ᠪᠠᠶᠢᠭᠤᠯᠤᠨ ᠣᠷᠣᠯᠴᠠᠨ᠎ᠠ᠃      ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠵᠠᠰᠠᠯᠲᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠡᠨᠡ ᠵᠢᠯ᠂ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠵᠢᠯ ᠲᠥᠷᠥᠯ ᠤᠨ ᠵᠠᠰᠠᠯᠲᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠪᠡᠶ᠎ᠡ ᠶᠢᠨ ᠲᠠᠮᠢᠷ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ︽ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠳᠦᠷᠢᠮ︾ ᠳ᠋ᠣ ᠵᠠᠰᠠᠪᠤᠷᠢ ᠣᠷᠣᠭᠤᠯᠵᠤ᠂ ︽ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾᠂ ︽ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠳᠠ ᠶᠢᠨ ᠠᠵᠢᠯ ᠢ ᠰᠠᠶᠢᠲᠤᠷ ᠬᠢᠵᠦ᠂ ᠨᠡᠩ ᠰᠢᠰᠲ᠋ᠧᠮ ᠲᠠᠢ ᠪᠥᠭᠡᠳ ᠪᠦᠷᠢᠨ ᠲᠥᠬᠦᠷ ᠪᠡᠶ᠎ᠡ ᠶᠢᠨ ᠲᠠᠮᠢᠷ ᠤᠨ ᠬᠠᠤᠯᠢ ᠲᠣᠭᠲᠠᠭᠠᠯ ᠤᠨ ᠰᠢᠰᠲ᠋ᠤᠮ ᠢ ᠪᠠᠶᠢᠭᠤᠯᠤᠨ᠎ᠠ᠃      ᠮᠠᠨ ᠤ ᠤᠷᠤᠨ ᠪᠡᠶ᠎ᠡ ᠶᠢᠨ ᠲᠠᠮᠢᠷ ᠤᠨ ᠬᠦᠴᠦᠷᠬᠡᠭ ᠣᠷᠣᠨ ᠤ ᠪᠠᠶᠢᠭᠤᠯᠤᠯᠲᠠ ᠶᠢ ᠲᠦᠷᠭᠡᠳᠭᠡᠬᠦ ᠪᠠᠷ ᠡᠭᠦᠷᠭᠡ ᠬᠠᠷᠢᠭᠤᠴᠠᠯᠭ᠎ᠠ ᠪᠤᠯᠭᠠᠵᠦ᠂ ᠪᠡᠶ᠎ᠡ ᠶᠢᠨ ᠲᠠᠮᠢᠷ ᠤᠨ ᠡᠯ᠎ᠡ ᠵᠦᠢᠯ ᠤᠨ ᠠᠵᠢᠯ ᠤᠨ ᠪᠥᠬᠦ ᠲᠠᠯ᠎ᠠ ᠪᠠᠷ ᠵᠣᠬᠢᠴᠠᠩᠭᠤᠶ ᠬᠥᠭᠵᠢᠬᠦ ᠶᠢ ᠦᠷᠭᠦᠯᠵᠢᠯᠡᠨ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠥᠪᠥᠷ ᠮᠣᠩᠭᠤᠯ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤᠮᠳᠠ ᠪᠡᠶ᠎ᠡ ᠶᠢᠨ ᠲᠠᠮᠢᠷ ᠤᠨ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号