ᠪᠦᠬᠦ ᠤᠷᠤᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠤ ᠰᠶᠢᠳᠪᠦᠷᠢᠲᠦ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/4/10
     ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠨᠢᠭᠡᠴᠢ ᠠᠴᠠ ᠬᠠᠮᠲᠤᠷᠠᠨ ᠭᠤᠤᠯᠯᠠᠨ ᠡᠷᠭᠢᠯᠡᠭᠰᠡᠨ ᠬᠤᠴᠢᠨ ᠨᠠᠢᠮᠠᠳᠤᠭᠠᠷ ᠬᠤᠭᠤᠴᠠᠭᠠᠨ ᠤ ᠪᠥᠬᠦ ᠣᠷᠣᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠬᠥᠬᠡᠬᠤᠲᠠ ᠳᠤ ᠶᠠᠪᠤᠭᠳᠠᠪᠠ᠃      ᠲᠤᠰ ᠤᠳᠠᠭᠠᠨ ᠤ ᠤᠷᠤᠯᠳᠤᠭᠠᠨ ᠨᠢ ︽ᠰᠢᠨᠵᠢᠯᠡᠬᠦ ᠤᠬᠠᠭᠠᠨ ᠤ ᠬᠦᠰᠡᠯ ᠢ ᠬᠥᠭᠵᠢᠭᠡᠵᠦ ᠰᠢᠨ᠎ᠡ ᠶᠢ ᠡᠭᠦᠳᠬᠦ ᠵᠤᠷᠢᠭ ᠢ ᠬᠦᠪᠴᠢᠯᠡᠬᠦ︾ ᠪᠠᠷ ᠭᠤᠤᠯ ᠰᠡᠳᠦᠪ ᠪᠤᠯᠭᠠᠵᠤ᠂ 2023 ᠣᠨ ᠤ 10 ᠰᠠᠷ᠎ᠠ ᠠᠴᠠ ᠵᠤᠬᠢᠶᠠᠨ ᠪᠠᠶᠢᠭᠤᠯᠬᠤ ᠠᠵᠢᠯ ᠢ ᠡᠬᠢᠯᠡᠬᠦᠯᠦᠭᠰᠡᠨ ᠠᠴᠠ ᠨᠠᠭᠠᠰᠢ᠂ 12 ᠠᠶᠢᠮᠠᠭ ᠬᠤᠲᠠ ᠠᠴᠠ ᠨᠡᠶᠢᠲᠡ 1353 ᠵᠦᠢᠯ ᠤᠨ ᠪᠦᠲᠦᠭᠡᠯ ᠳᠡᠪᠰᠢᠭᠦᠯᠵᠡᠢ᠃ ᠡᠭᠦᠨ ᠳᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ 331 ᠵᠦᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭᠰᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ 139 ᠵᠦᠢᠯ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠳᠦᠯᠭᠡ ᠶᠢᠨ ᠠᠵᠢᠯᠯᠠᠭ᠎ᠠ 97 ᠵᠦᠢᠯ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠡᠶ ᠪᠣᠳᠣᠯ ᠤᠨ ᠵᠢᠷᠤᠭ 564 ᠬᠤᠪᠢ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠳᠦᠷᠰᠦ ᠰᠢᠩᠭᠡᠭᠡᠯᠲᠡ ᠶᠢᠨ ᠪᠦᠲᠦᠭᠡᠯ 222 ᠵᠦᠢᠯ ᠪᠠᠶᠢᠵᠤ᠂ ᠠᠭᠤᠯᠭ᠎ᠠ ᠶᠢᠨ ᠲᠠᠯ᠎ᠠ ᠪᠠᠷ᠂ ᠲᠣᠭᠠᠨ ᠤ ᠤᠬᠠᠭᠠᠨ᠂ ᠹᠢᠽᠢᠺ ᠪᠠ ᠣᠳᠣᠨ ᠣᠷᠣᠨ ᠤ ᠰᠤᠳᠤᠯᠤᠯ᠂ ᠬᠢᠮᠢ ᠠᠮᠢ ᠨᠠᠰᠤᠨ ᠤ ᠰᠢᠨᠵᠢᠯᠡᠬᠦ ᠤᠬᠠᠭᠠᠨ᠂ ᠺᠣᠮᠫᠢᠦ᠋ᠲ᠋ᠧᠷ ᠤᠨ ᠰᠢᠨᠵᠢᠯᠡᠬᠦ ᠤᠬᠠᠭᠠᠨ ᠪᠠ ᠮᠡᠳᠡᠭᠡ ᠵᠠᠩᠭᠢ ᠶᠢᠨ ᠮᠡᠷᠭᠡᠵᠢᠯ ᠢᠨᠵᠧᠨᠧᠷᠢᠩ ᠤᠨ ᠤᠬᠠᠭᠠᠨ᠂ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠵᠡᠷᠭᠡ ᠤᠯᠠᠨ ᠬᠦᠷᠢᠶ᠎ᠡ ᠴᠠᠷᠠᠭ᠎ᠠ ᠶᠢ ᠬᠠᠮᠤᠷᠪᠠ᠃ ᠤᠷᠤᠯᠳᠤᠭᠠᠨ ᠤ ᠠᠩᠬᠠᠨ ᠤ ᠰᠢᠯᠭᠠᠷᠠᠭᠤᠯᠤᠯᠲᠠ ᠪᠠ ᠡᠴᠦᠰ ᠤᠨ ᠰᠢᠯᠭᠠᠷᠠᠭᠤᠯᠤᠯᠲᠠ ᠪᠠᠷ ᠳᠡᠮᠵᠢᠨ᠂ 45 ᠲᠥᠷᠥᠯ ᠵᠦᠢᠯ ᠰᠢᠢᠳᠪᠦᠷᠢᠲᠦ ᠤᠷᠤᠯᠳᠤᠭᠠᠨ ᠳᠤ ᠣᠷᠣᠭᠰᠠᠨ ᠪᠥᠭᠡᠳ ᠡᠬᠦᠨ ᠤ ᠲᠤᠳᠤᠷ᠎ᠠ ᠠᠴᠠ 20 ᠲᠦᠷᠦᠯ ᠵᠦᠢᠯ ᠳᠤ ᠭᠤᠴᠢᠨ ᠨᠠᠢᠮᠠᠳᠤᠭᠠᠷ ᠬᠤᠭᠤᠴᠠᠭᠠᠨ ᠤ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠳᠤ ᠤᠷᠤᠯᠴᠠᠬᠤ ᠬᠢᠷᠢ ᠬᠡᠮ ᠤᠯᠭᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠪᠥᠬᠦ ᠣᠷᠣᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠪᠣᠯ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠪᠰᠤᠷᠤᠨ ᠵᠢᠯᠣᠭᠤᠳᠣᠭᠴᠢ ᠳᠤ ᠬᠠᠨᠳᠤᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠪᠠ ᠰᠣᠯᠢᠯᠴᠠᠬᠤ ᠠᠵᠢᠯᠯᠠᠭ᠎ᠠ ᠪᠣᠯᠤᠨ᠎ᠠ᠃ ᠵᠢᠯ ᠪᠦᠷᠢ ᠪᠦᠬᠦ ᠣᠷᠣᠨ ᠤ 30 ᠲᠦᠮᠡ ᠰᠢᠬᠠᠮ ᠵᠠᠯᠠᠭᠤᠴᠤᠳ ᠪᠠᠭᠠᠴᠤᠳ ᠢ ᠳᠠᠶᠢᠴᠢᠯᠠᠨ ᠡᠭᠦᠳᠦᠨ ᠪᠦᠲᠦᠭᠡᠬᠦ ᠳᠤ ᠤᠷᠤᠯᠴᠠᠭᠤᠯᠵᠤ᠂ ᠵᠠᠯᠠᠭᠤᠴᠤᠳ ᠪᠠᠭᠠᠴᠤᠳ ᠤᠨ ᠰᠢᠨ᠎ᠡ ᠶᠢ ᠡᠭᠦᠳᠬᠦ ᠪᠡᠯᠡᠳᠭᠡᠯ ᠴᠢᠳᠠᠪᠤᠷᠢᠲᠠᠨ ᠢ ᠦᠯᠡᠮᠵᠢ ᠤᠯᠠᠨ ᠢᠯᠡᠷᠡᠭᠦᠯᠦᠨ ᠬᠥᠮᠦᠵᠢᠭᠦᠯᠵᠦ ᠪᠤᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号