ᠬᠠᠪᠤᠷ ᠤᠨ ᠤᠯᠠᠷᠢᠯ ᠤᠨ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠤᠨ ᠰᠣᠳᠣᠨ ᠵᠠᠮ ᠱᠤᠭᠤᠮ ᠵᠢᠴᠢ ᠦᠵᠡᠮᠵᠢ ᠶᠢᠨ ᠭᠠᠵᠠᠷ ᠢ ᠨᠡᠶᠢᠲᠡᠯᠡᠪᠡ
ᠨᠡᠶᠢᠲᠡᠯᠡᠭᠰᠡᠨ ᠴᠠᠭ᠄
2024/4/10
     ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠣᠶᠢᠷ᠎ᠠ ᠳᠤ ᠵᠧᠵᠢᠶᠠᠩ ᠮᠤᠵᠢ ᠶᠢᠨ ᠴᠠᠩ ᠰᠢᠩ ᠰᠢᠶᠠᠨ ᠳᠤ 2024 ᠳᠤᠮᠳᠠᠳᠤ ᠤᠯᠤᠰ ᠤᠨ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠤᠨ ᠠᠶᠠᠯᠠᠯ ︵ᠬᠠᠪᠤᠷ ᠤᠨ ᠤᠯᠠᠷᠢᠯ︶ ᠢ ᠲᠠᠨᠢᠯᠴᠠᠭᠤᠯᠬᠤ ᠠᠵᠢᠯᠯᠠᠭ᠎ᠠ ᠡᠷᠭᠢᠯᠡᠵᠦ᠂ ᠲᠤᠬᠠᠶ ᠶᠢᠨ ᠲᠠᠯᠠᠪᠠᠶ ᠳᠤ ᠵᠧᠵᠢᠶᠠᠩ ᠤᠨ ᠴᠠᠩ ᠰᠢᠩ ᠤᠨ ᠴᠠᠶ ᠠᠮᠲᠠᠯᠠᠵᠤ ᠴᠡᠴᠡᠭ ᠤᠨ ᠦᠵᠡᠮᠵᠢ ᠰᠤᠨᠢᠷᠬᠠᠬᠤ ᠡᠶ᠎ᠡ ᠵᠤᠬᠢᠴᠠᠩᠭᠤᠢ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠭᠤᠯᠴᠢᠯᠠᠯ᠂ ᠱᠠᠨᠰᠢ ᠶᠢᠨ ᠰᠢ ᠠᠨ ᠬᠤᠲᠠ ᠶᠢᠨ ᠴᠠᠩ ᠠᠨ ᠲᠣᠭᠤᠷᠢᠭ ᠤᠨ ᠬᠠᠪᠤᠷ ᠤᠨ ᠠᠶᠠᠯᠠᠯ ᠬᠢᠵᠦ ᠴᠡᠴᠡᠭ ᠰᠣᠨᠢᠷᠬᠠᠬᠤ ᠵᠢᠭᠤᠯᠴᠢᠯᠠᠯ ᠵᠡᠷᠭᠡ 60 ᠵᠤᠷᠪᠤᠰ ᠬᠠᠪᠤᠷ ᠤᠨ ᠤᠯᠠᠷᠢᠯ ᠤᠨ ᠰᠣᠳᠣᠨ ᠵᠠᠮ ᠱᠤᠭᠤᠮ ᠵᠢᠴᠢ ᠵᠢᠶᠠᠩᠰᠢ ᠶᠢᠨ ᠠᠨ ᠶᠤᠸᠠᠨ ᠤ ᠱᠢ ᠯᠢ ᠬᠤᠸᠠ ᠰᠢ᠂ ᠬᠤᠪᠧᠶ ᠶᠢᠨ ᠮᠥ ᠯᠠᠨ ᠬᠤᠸᠠ ᠰᠢᠶᠠᠩ ᠵᠡᠷᠭᠡ 185 ᠰᠣᠳᠣᠨ ᠦᠵᠡᠮᠵᠢ ᠶᠢᠨ ᠭᠠᠵᠠᠷ ᠢ ᠨᠡᠶᠢᠲᠡᠯᠡᠪᠡ᠃      ᠲᠣᠰ ᠤᠳᠠᠭ᠎ᠠ ᠶᠢᠨ ᠠᠵᠢᠯᠯᠠᠭ᠎ᠠ ᠪᠣᠯ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ︽ᠮᠢᠩᠭᠠᠨ ᠲᠤᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠤᠰᠬᠤᠨ ᠢ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠪᠣᠳᠠᠲᠠᠶ ᠠᠵᠢᠯᠯᠠᠭ᠎ᠠ ᠪᠣᠯᠤᠨ᠎ᠠ᠂ ᠡᠨᠡ ᠨᠢ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ᠂ ᠲᠠᠷᠢᠶᠠᠯᠠᠬᠤ ᠰᠣᠶᠣᠯ ᠤᠨ ᠰᠢᠨ᠎ᠡ ᠬᠡᠪ ᠰᠤᠷᠲᠠᠯ᠂ ᠰᠡᠯᠡᠭᠦᠴᠡᠯ ᠤᠨ ᠲᠠᠷᠢᠶᠠᠯᠠᠩ ᠤᠨ ᠰᠢᠨ᠎ᠡ ᠬᠥᠭᠵᠢᠯᠲᠡ ᠶᠢ ᠳᠡᠯᠭᠡᠨ ᠦᠵᠡᠭᠦᠯᠵᠦ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠤᠨ᠂ ᠬᠥᠳᠡᠭᠡ ᠲᠣᠰᠬᠤᠨ ᠤ ᠰᠡᠯᠡᠭᠦᠴᠡᠯ ᠤᠨ ᠬᠡᠷᠡᠭᠯᠡᠭᠡᠨ ᠤ ᠳᠠᠯᠳᠠ ᠴᠢᠳᠠᠪᠤᠷᠢ ᠶᠢ ᠬᠥᠭᠵᠢᠭᠡᠬᠦ ᠶᠢᠨ ᠲᠥᠯᠥᠭᠡ ᠶᠤᠮ᠃      ᠠᠵᠢᠯᠯᠠᠭ᠎ᠠ ᠨᠢ ︽ᠬᠠᠪᠤᠷ ᠤᠨ ᠴᠡᠴᠡᠭ ᠢ ᠰᠣᠨᠢᠷᠬᠠᠵᠤ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢᠶᠠᠷ ᠵᠢᠭᠤᠯᠴᠢᠯᠠᠬᠤ︾ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠬᠦᠭᠵᠢᠮᠳᠡᠬᠦᠷ ᠤᠨ ᠲᠣᠭᠯᠠᠯᠲᠠ᠂ ᠤᠯᠠᠮᠵᠢᠯᠠᠯᠲᠤ ᠴᠠᠶ ᠶᠢᠨ ᠰᠣᠶᠣᠯ ᠤᠨ ᠦᠵᠡᠭᠦᠯᠭᠡ᠂ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠨᠢᠭᠡ ᠪᠦᠯᠦᠭ ᠬᠠᠪᠤᠷ ᠤᠨ ᠴᠡᠴᠡᠭ ᠰᠣᠨᠢᠷᠬᠠᠬᠤ᠂ ᠬᠠᠪᠤᠷ ᠤᠨ ᠴᠡᠢ ᠠᠮᠲᠠᠯᠠᠬᠤ᠂ ᠠᠷᠠᠳ ᠤᠨ ᠵᠠᠩ ᠦᠢᠯᠡ ᠶᠢ ᠤᠶᠢᠯᠠᠭᠠᠬᠤ᠂ ᠨᠤᠲᠤᠭ ᠤᠰᠤ ᠪᠠᠨ ᠮᠥᠷᠥᠭᠡᠳᠦᠨ ᠰᠠᠨᠠᠬᠤ ᠬᠥᠳᠡᠭᠡ ᠲᠣᠰᠬᠤᠨ ᠤ ᠰᠡᠯᠡᠭᠦᠴᠡᠯ ᠤᠨ ᠲᠠᠷᠢᠶᠠᠯᠠᠩ ᠤᠨ ᠰᠣᠳᠣᠨ ᠦᠵᠡᠮᠵᠢ ᠶᠢᠨ ᠴᠡᠭ ᠤᠨ ᠵᠠᠮ ᠱᠤᠭᠤᠮ ᠢ ᠲᠤᠬᠠᠶ ᠶᠢᠨ ᠲᠠᠯᠠᠪᠠᠶ ᠳᠤ ᠲᠠᠨᠢᠯᠴᠠᠭᠤᠯᠵᠤ᠂ ᠥᠷᠭᠡᠨ ᠣᠯᠠᠨ ᠵᠢᠭᠤᠯᠴᠢᠯᠠᠭᠰᠠᠳ ᠲᠤ ᠴᠡᠴᠡᠭ ᠤᠨ ᠲᠡᠯᠡᠶ ᠪᠠᠷ ᠵᠢᠭᠤᠯᠴᠢᠯᠠᠨ ᠲᠣᠭᠤᠷᠢᠬᠤ᠂ ᠬᠥᠳᠡᠭᠡ ᠨᠤᠲᠤᠭ ᠢᠶᠠᠷ ᠰᠡᠯᠡᠭᠦᠴᠡᠨ ᠠᠶᠠᠯᠠᠬᠤ ᠵᠦᠭᠯᠡᠭᠦᠷ ᠬᠠᠩᠭᠠᠪᠠ᠃      ᠣᠶᠢᠷ᠎ᠠ ᠶᠢᠨ ᠵᠢᠯ ᠠᠴᠠ ᠨᠠᠭᠠᠰᠢ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠰᠡᠯᠡᠭᠦᠴᠡᠯ ᠤᠨ ᠲᠠᠷᠢᠶᠠᠯᠠᠩ ᠤᠨ ᠰᠣᠳᠣᠨ ᠪᠦᠲᠦᠭᠡᠯ ᠤᠨ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠬᠥᠳᠡᠭᠡ ᠲᠣᠰᠬᠤᠨ ᠤ ᠡᠬᠢ ᠪᠠᠶᠠᠯᠢᠭ ᠤᠨ ᠳᠠᠪᠠᠭᠤᠯᠢᠭ᠂ ᠠᠮᠢ ᠠᠬᠤᠶ ᠶᠢᠨ ᠳᠠᠪᠠᠭᠤᠯᠢᠭ᠂ ᠰᠣᠶᠣᠯ ᠤᠨ ᠳᠠᠪᠠᠭᠤᠯᠢᠭ ᠢ ᠦᠢᠯᠡᠳᠬᠦᠨ ᠤ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠤ ᠰᠡᠯᠡᠭᠦᠴᠡᠯ ᠤᠨ ᠠᠵᠤ ᠦᠢᠯᠡᠰ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠪᠠ᠃ 2023 ᠣᠨ ᠳᠤ ᠡᠯ᠎ᠡ ᠱᠠᠲᠤᠨ ᠤ ᠬᠦᠳᠡᠭᠡ ᠠᠵᠦ ᠠᠬᠤᠢ ᠬᠥᠳᠡᠭᠡ ᠲᠣᠰᠬᠤᠨ ᠤ ᠰᠠᠯᠠᠭ᠎ᠠ ᠮᠥᠴᠢᠷ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠥᠬᠦ ᠵᠢᠯ ᠤᠨ ᠰᠡᠯᠡᠭᠦᠴᠡᠯ ᠤᠨ ᠲᠠᠷᠢᠶᠠᠯᠠᠩ ᠤᠨ ᠡᠵᠡᠩᠨᠡᠯᠲᠡ ᠶᠢᠨ ᠣᠷᠣᠯᠭ᠎ᠠ 8400 ᠳ᠋ᠦᠩᠰᠢᠭᠤᠷ ᠲᠥᠭᠦᠷᠢᠭ ᠲᠤ ᠬᠦᠷᠪᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号