ᠮᠠᠨ ᠤ ᠤᠷᠤᠨ ᠤ ᠮᠦᠽᠧᠢ ᠨᠦᠭᠦᠳ ᠬᠤᠪᠢᠰᠬᠠᠯ ᠤᠨ ᠰᠤᠶᠤᠯ ᠢ ᠤᠯᠠᠮᠵᠢᠯᠠᠨ ᠪᠠᠳᠠᠷᠠᠭᠤᠯᠬᠤ ᠳᠤ ᠴᠢᠬᠤᠯᠠ ᠦᠢᠯᠡᠳᠦᠯ ᠦᠵᠡᠬᠦᠯᠵᠦ ᠪᠤᠢ
ᠨᠡᠶᠢᠲᠡᠯᠡᠭᠰᠡᠨ ᠴᠠᠭ᠄
2024/4/10
     ᠮᠠᠨ ᠤ ᠤᠷᠤᠨ ᠤ ᠡᠯ᠎ᠡ ᠮᠦᠽᠧᠢ ᠰᠣᠶᠣᠯ ᠤᠨ ᠢᠲᠡᠭᠡᠯ ᠢ ᠪᠠᠳᠤᠳᠬᠠᠬᠤ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠰᠣᠳᠣᠨ ᠰᠠᠶᠢᠬᠠᠨ ᠦᠵᠡᠰᠬᠦᠯᠡᠩ ᠭᠠᠷᠭᠠᠨ ᠬᠤᠪᠢᠰᠬᠠᠯ ᠤᠨ ᠬᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠳᠡᠯᠭᠡᠨ ᠦᠵᠡᠭᠦᠯᠵᠦ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠨ ᠦᠨᠳᠦᠰᠦᠲᠡᠨ ᠤ ᠵᠣᠷᠢᠭ ᠰᠠᠨᠠᠭ᠎ᠠ ᠶᠢ ᠤᠯᠠᠮᠵᠢᠯᠠᠵᠦ ᠪᠠᠶᠢᠨ᠎ᠠ᠃      2023 ᠣᠨ ᠳᠤ ᠦᠪᠡᠷᠳᠡᠭᠡᠨ ᠵᠠᠰᠠᠬᠤ ᠤᠷᠤᠨ ᠠᠴᠠ ᠡᠯ᠎ᠡ ᠮᠦᠽᠧᠢ ᠶᠢ ᠵᠢᠯᠣᠭᠤᠳᠴᠦ ᠪᠠᠶᠢᠭᠠᠳ ᠬᠤᠪᠢᠰᠬᠠᠯ ᠤᠨ ᠭᠤᠣᠯ ᠰᠡᠳᠦᠪᠲᠦ ᠦᠵᠡᠭᠦᠯᠭᠡ ᠶᠢ ᠤᠯᠠᠨ ᠤᠳᠠᠭ᠎ᠠ ᠡᠷᠬᠢᠯᠡᠵᠡᠢ᠃ ᠡᠬᠦᠨ ᠳᠤ ᠥᠪᠥᠷ ᠮᠣᠩᠭᠤᠯ ᠤᠨ ᠮᠦᠽᠧᠢ ︽ᠴᠢᠯᠦᠭᠡᠯᠡᠯᠲᠡ ᠶᠢᠨ ᠵᠠᠮ — ᠥᠪᠥᠷ ᠮᠣᠩᠭᠤᠯ ᠤᠨ ᠬᠤᠪᠢᠰᠬᠠᠯ ᠤᠨ ᠳᠡᠯᠭᠡᠨ ᠦᠵᠡᠭᠦᠯᠭᠡ︾ ᠭᠠᠷᠭᠠᠵᠤ᠂ ᠣᠷᠳᠣᠰ ᠬᠤᠲᠠ ᠶᠢᠨ ᠮᠦᠽᠧᠢ ︽ᠭᠠᠶᠢᠬᠠᠮᠰᠢᠭᠲᠤ ᠣᠨ ᠰᠠᠷ᠎ᠠ ᠬᠡᠷᠡᠯ ᠰᠠᠴᠤᠷᠠᠩᠭᠤᠢ ᠲᠡᠥᠬᠡ — ᠣᠷᠳᠣᠰ ᠤᠨ ᠬᠤᠪᠢᠰᠬᠠᠯ ᠤᠨ ᠲᠡᠦᠬᠡᠨ ᠦᠵᠡᠭᠦᠯᠭᠡ︾ ᠵᠡᠷᠭᠡ ᠶᠢ ᠡᠷᠬᠢᠯᠡᠨ᠂ ᠮᠠᠨ ᠤ ᠣᠷᠣᠨ ᠤ ᠢᠷᠠᠭᠤ ᠠᠯᠳᠠᠷᠲᠤ ᠬᠤᠪᠢᠰᠬᠠᠯ ᠤᠨ ᠲᠡᠦᠬᠡᠨ ᠥᠩᠭᠡᠷᠡᠯᠲᠡ ᠶᠢ ᠭᠦᠢᠴᠡᠳ ᠬᠠᠷᠠᠭᠤᠯᠪᠠ᠃ ᠴᠡᠯᠡᠭᠡᠷ ᠲᠠᠯ᠎ᠠ ᠮᠦᠽᠧᠢ ᠨᠢ ᠶᠠᠨ ᠠᠨ ᠤ ᠬᠤᠪᠢᠰᠬᠠᠯ ᠤᠨ ᠳᠤᠷᠠᠰᠬᠠᠯ ᠤᠨ ᠣᠷᠳᠣᠨ ᠠᠴᠠ ᠡᠷᠬᠢᠯᠡᠭᠰᠡᠨ ︽ᠶᠠᠨ ᠠᠨ ᠤ ᠵᠣᠷᠢᠭ ᠰᠠᠨᠠᠭ᠎ᠠ ᠡᠭᠦᠷᠢᠳᠡ ᠬᠡᠷᠡᠯ ᠭᠢᠯᠪᠠᠭ᠎ᠠ ᠪᠠᠨ ᠰᠠᠴᠤᠷᠠᠭᠤᠯᠤᠨ᠎ᠠ︾ ᠭᠡᠬᠦ ᠭᠤᠣᠯ ᠰᠡᠳᠦᠪᠲᠦ ᠦᠵᠡᠭᠦᠯᠭᠡ᠂ ᠪᠤᠭᠤᠲᠤ ᠶᠢᠨ ᠮᠦᠽᠧᠢ ︽ᠪᠦᠯᠬᠦᠮᠳᠡᠯ ᠤᠨ ᠶᠡᠭᠡ ᠬᠤᠷᠠᠯ ᠢᠯᠠᠯᠲᠠ ᠶᠢᠨ ᠶᠡᠭᠡ ᠬᠤᠷᠠᠯ — ᠳᠤᠮᠳᠠᠳᠤ ᠤᠯᠤᠰ ᠤᠨ ᠡᠪ ᠬᠠᠮᠲᠤ ᠨᠠᠮ ᠤᠨ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠰᠡᠳᠦᠪᠲᠦ ᠦᠵᠡᠭᠦᠯᠭᠡ︾ ᠵᠡᠷᠭᠡ ᠨᠡᠷ᠎ᠠ ᠨᠦᠯᠦᠭᠡ ᠶᠡᠬᠡᠳᠡᠢ ᠦᠵᠡᠬᠦᠯᠬᠡ ᠶᠢ ᠣᠷᠣᠭᠤᠯᠤᠨ ᠠᠪᠴᠢᠷᠠᠵᠤ᠂ ᠴᠡᠯᠡᠭᠡᠷ ᠲᠠᠯ᠎ᠠ ᠮᠦᠽᠧᠢ ᠶᠢᠨ ︽ᠲᠠᠯᠠᠨ ᠬᠠᠷ᠎ᠠ ᠠᠭᠤᠯᠠᠨ ᠳᠤ ᠶᠠᠫᠤᠨ ᠢ ᠡᠰᠡᠷᠭᠦᠴᠡᠭᠰᠡᠨ ᠲᠠᠶᠢᠨ︾ ᠭᠡᠬᠦ ᠭᠤᠣᠯ ᠰᠡᠳᠦᠪᠲᠦ ᠭᠡᠷᠡᠯ ᠵᠢᠷᠤᠭ ᠤᠨ ᠦᠵᠡᠭᠦᠯᠭᠡ ᠶᠢ ᠶᠠᠨ ᠠᠨ ᠤ ᠬᠤᠪᠢᠰᠬᠠᠯ ᠤᠨ ᠳᠤᠷᠠᠰᠬᠠᠯ ᠤᠨ ᠣᠷᠳᠣᠨ ᠳᠤ ᠳᠡᠯᠭᠡᠨ ᠦᠵᠡᠭᠦᠯᠵᠠᠢ᠃      ᠤᠳᠤ ᠮᠠᠨ ᠤ ᠣᠷᠣᠨ ᠳᠤ ᠳᠠᠩᠰᠠᠯᠠᠭᠤᠯᠤᠭᠰᠠᠨ ᠬᠤᠪᠢᠰᠬᠠᠯ ᠤᠨ ᠲᠥᠷᠥᠯ ᠤᠨ ᠮᠦᠽᠧᠢ ᠳᠤᠷᠠᠰᠬᠠᠯ ᠤᠨ ᠣᠷᠳᠣᠨ 13᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠪᠠ ᠣᠷᠴᠢᠨ ᠣᠲᠣ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠤᠷᠢᠶᠠᠨ ᠬᠠᠳᠠᠭᠠᠯᠠᠬᠤ ᠪᠠᠷ ᠳᠠᠩᠰᠠᠯᠠᠭᠤᠯᠤᠭᠰᠠᠨ ᠮᠦᠽᠧᠢ 100 ᠭᠠᠷᠤᠢ ᠪᠠᠶᠢᠵᠤ᠂ ᠮᠦᠽᠧᠢ ᠶᠢᠨ ᠰᠤᠷᠭᠠᠨ ᠬᠥᠮᠦᠵᠢᠯ ᠤᠨ ᠦᠢᠯᠡᠳᠦᠯ ᠴᠢᠳᠠᠮᠵᠢ ᠪᠠᠨ ᠬᠦᠢᠴᠡᠳ ᠪᠠᠳᠠᠷᠠᠭᠤᠯᠵᠤ ᠬᠤᠪᠢᠰᠬᠠᠯ ᠤᠨ ᠰᠣᠶᠣᠯ ᠢ ᠪᠠᠳᠠᠷᠠᠭᠤᠯᠬᠤ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠪᠡ᠃ ᠪᠠᠰᠠ ᠮᠦᠽᠧᠢ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢ ᠠᠬᠢᠭᠤᠯᠤᠨ᠂ ᠬᠤᠪᠢᠰᠬᠠᠯ ᠤᠨ ᠳᠤᠷᠠᠰᠬᠠᠯᠲᠤ ᠵᠦᠢᠯᠡᠰ ᠢ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭᠠᠨ ᠤ ᠬᠥᠮᠦᠵᠢᠯ ᠳᠤ ᠠᠭᠤᠰᠤᠯᠴᠠᠭᠤᠯᠵᠦ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠴᠢᠷᠮᠠᠶᠢᠨ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠥᠷᠥᠯ ᠲᠡᠮᠳᠡᠭ ᠢ ᠴᠤᠭᠴᠠᠯᠠᠵᠦ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号