ᠮᠠᠨ ᠤ ᠤᠷᠤᠨ ᠭᠤᠷᠪᠠᠨ ᠳᠠᠯ᠎ᠠ ᠪᠠᠷ ᠬᠦᠴᠦᠯᠡᠵᠦ ᠰᠤᠳᠤᠯᠤᠨ ᠰᠤᠷᠤᠯᠴᠠᠬᠤ ᠵᠢᠭᠤᠯᠴᠢᠯᠠᠯ ᠢ ᠰᠠᠶᠢᠳᠤᠷ ᠬᠦᠭᠵᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2024/4/10
     ᠰᠤᠳᠤᠯᠤᠨ ᠰᠤᠷᠤᠯᠴᠠᠬᠤ ᠵᠢᠭᠤᠯᠴᠢᠯᠠᠯ ᠨᠢ ᠰᠤᠳᠤᠯᠬᠤ ᠬᠢᠭᠡᠳ ᠰᠤᠷᠤᠯᠴᠠᠬᠤ ᠶᠢ ᠤᠶᠠᠯᠳᠤᠭᠤᠯᠤᠭᠰᠠᠨ ᠵᠢᠭᠤᠯᠴᠢᠯᠠᠯ ᠤᠨ ᠨᠢᠭᠡ ᠬᠡᠯᠪᠡᠷᠢ ᠪᠤᠯᠤᠭᠰᠠᠨ ᠤ ᠬᠤᠪᠢ ᠳᠤ᠂ ᠰᠤᠶᠤᠯ ᠬᠢᠭᠡᠳ ᠵᠢᠭᠤᠯᠴᠢᠯᠠᠯ ᠤᠨ ᠬᠦᠨᠵᠡᠬᠡᠢ ᠠᠭᠤᠰᠤᠯᠴᠠᠯ ᠢ ᠠᠬᠢᠭᠤᠯᠬᠤ᠂ ᠵᠢᠭᠤᠯᠴᠢᠯᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠳᠤ ᠮᠠᠰᠢ ᠴᠢᠬᠤᠯᠠ ᠦᠢᠯᠡᠳᠦᠯ ᠦᠵᠡᠬᠦᠯᠳᠡᠭ᠃ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠢᠨ ᠤᠮᠠᠷᠠᠲᠤ ᠬᠢᠯᠢ ᠢᠢᠨ ᠰᠣᠶᠣᠯ ᠢ ᠤᠬᠠᠭᠤᠯᠤᠨ ᠲᠠᠶᠢᠯᠪᠤᠷᠢᠯᠠᠬᠤ ᠲᠠᠢ ᠨᠢᠭᠲᠠ ᠤᠶᠠᠯᠳᠤᠭᠤᠯᠤᠨ᠂ ᠤᠨᠴᠠᠯᠢᠭ ᠳᠠᠪᠠᠭᠤᠯᠢᠭ ᠢᠶᠠᠨ ᠠᠰᠢᠭᠯᠠᠨ ᠭᠤᠷᠪᠠᠨ ᠳᠠᠯ᠎ᠠ ᠪᠠᠷ ᠬᠦᠴᠦᠯᠡᠵᠦ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ ᠪᠠᠶᠢᠨ᠎ᠠ᠃      ᠮᠠᠨ ᠤ ᠤᠷᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠤᠳᠤ 74 ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠠᠭᠤᠷᠢᠨ ᠲᠠᠢ ᠪᠤᠯᠵᠠᠢ᠃ ᠡᠬᠦᠨ ᠤ ᠲᠠᠬᠡᠷ᠎ᠠ ᠳᠠᠬᠢᠨ 100 ᠰᠢᠯᠢᠳᠡᠭ ᠰᠠᠭᠤᠷᠢᠨ᠂ 100 ᠢᠵᠢ ᠬᠢᠴᠢᠶᠡᠯ᠂ 100 ᠰᠢᠯᠢᠳᠡᠭ ᠦᠢᠯᠡᠴᠢᠯᠡᠭᠡᠨ ᠤ ᠬᠤᠳᠠᠯᠳᠤᠭᠠᠴᠢᠨ ᠢ ᠰᠢᠯᠢᠨ ᠰᠤᠩᠭᠤᠵᠦ᠂ ᠥᠪᠥᠷ ᠮᠣᠩᠭᠤᠯ ᠠᠴᠠ ᠰᠤᠩᠭᠤᠨ ᠲᠠᠨᠢᠯᠴᠠᠭᠤᠯᠬᠤ ᠵᠢᠭᠰᠠᠭᠠᠯᠲᠠ ᠭᠠᠷᠭᠠᠬᠤ ᠶᠢᠨ ᠬᠠᠮᠳᠤ᠂ 15 ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠣᠩᠭᠤᠳᠠᠭ ᠵᠠᠮ ᠱᠤᠭᠤᠮ ᠭᠠᠷᠭᠠᠵᠤ᠂ 100 ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠢᠯᠣᠭᠤᠳᠣᠭᠴᠢ ᠪᠠᠭᠰᠢ ᠶᠢ ᠪᠣᠯᠪᠠᠰᠤᠷᠠᠭᠤᠯᠤᠨ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠤᠯᠤᠨ᠎ᠠ᠃      ᠮᠠᠨ ᠤ ᠤᠷᠤᠨ ᠡᠯ᠎ᠠ ᠭᠠᠵᠠᠷ ᠤᠨ ᠭᠠᠵᠠᠷ ᠵᠦᠶ ᠢᠢᠨ ᠣᠨᠴᠠᠯᠢᠭ᠂ ᠰᠣᠶᠣᠯ ᠤᠨ ᠰᠢᠨᠵᠢ ᠴᠢᠨᠠᠷ᠂ ᠦᠨᠳᠦᠰᠦᠲᠡᠨ ᠤ ᠣᠨᠴᠠᠯᠢᠭ ᠪᠠ ᠪᠠᠶᠢᠭᠠᠯᠢ ᠢᠢᠨ ᠣᠷᠴᠢᠨ ᠲᠣᠭᠤᠷᠢᠨ ᠳᠤ ᠴᠢᠭᠯᠡᠭᠦᠯᠦᠨ᠂ ᠵᠡᠭᠦᠨ ᠪᠡᠶ᠎ᠠ ᠶᠢᠨ ᠭᠠᠵᠠᠷ ᠣᠷᠣᠨ ᠳᠤ ᠠᠷᠠᠳ ᠤᠨ ᠵᠠᠩ ᠦᠢᠯᠡ ᠢᠢᠨ ᠰᠣᠶᠣᠯ᠂ ᠮᠥᠰᠥ ᠴᠠᠰᠤᠨ ᠤ ᠰᠣᠶᠣᠯ᠂ ᠬᠤᠩᠱᠠᠨ ᠰᠣᠶᠣᠯ᠂ ᠲᠠᠯ᠎ᠠ ᠨᠤᠲᠤᠭ ᠤᠨ ᠰᠣᠶᠣᠯ ᠵᠡᠷᠭᠡ ᠰᠤᠳᠤᠯᠤᠨ ᠰᠤᠷᠤᠯᠴᠠᠬᠤ ᠪᠦᠲᠦᠭᠡᠭᠳᠡᠬᠦᠨ ᠢ ᠭᠤᠤᠯᠳᠠᠯᠭ᠎ᠠ ᠲᠠᠢ ᠭᠠᠷᠭᠠᠵᠤ᠂ ᠳᠤᠮᠳᠠ ᠪᠡᠶ᠎ᠠ ᠶᠢᠨ ᠭᠠᠵᠠᠷ ᠣᠷᠣᠨ ᠳᠤ ᠬᠠᠭᠤᠴᠢ ᠪᠠᠭᠤᠷᠢ ᠢᠢᠨ ᠰᠣᠶᠣᠯ᠂ ᠠᠪᠤᠷᠭᠤ ᠭᠦᠷᠪᠡᠯ ᠤᠨ ᠰᠣᠶᠣᠯ᠂ ᠭᠠᠯᠲᠤ ᠠᠭᠤᠯᠠ ᠢᠢᠨ ᠰᠣᠶᠣᠯ᠂ ᠴᠠᠭᠠᠨ ᠢᠳᠡᠭᠡᠨ ᠤ ᠰᠣᠶᠣᠯ ᠵᠡᠷᠭᠡ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠪᠦᠳᠦᠭᠡᠭᠳᠡᠬᠦᠨ ᠢ ᠭᠤᠤᠯᠳᠠᠯᠭ᠎ᠠ ᠲᠠᠢ ᠭᠠᠷᠭᠠᠵᠤ᠂ ᠪᠠᠷᠠᠭᠤᠨ ᠪᠡᠶ᠎ᠠ ᠶᠢᠨ ᠭᠠᠵᠠᠷ ᠣᠷᠣᠨ ᠳᠤ ᠣᠷᠳᠣ ᠴᠠᠭᠠᠨ ᠬᠡᠷᠡᠮ ᠬᠠᠲᠤᠨ ᠭᠤᠤᠯ ᠤᠨ ᠰᠣᠶᠣᠯ᠂ ᠲᠠᠷᠢᠶᠠᠯᠠᠬᠤ ᠰᠣᠶᠣᠯ᠂ ᠡᠯᠡᠰᠦᠨ ᠴᠥᠯ ᠤᠨ ᠰᠣᠶᠣᠯ ᠵᠡᠷᠭᠡ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠪᠦᠳᠦᠭᠡᠭᠳᠡᠬᠦᠨ ᠢ ᠭᠤᠤᠯᠳᠠᠯᠭ᠎ᠠ ᠲᠠᠢ ᠭᠠᠷᠭᠠᠵᠤ ᠪᠠᠶᠢᠨ᠎ᠠ᠃ ᠳᠠᠬᠢᠪᠠᠯ᠂ ︽5.18 ᠳᠤᠮᠳᠠᠳᠤ ᠤᠯᠤᠰ ᠤᠨ ᠮᠦᠽᠧᠢ ᠢᠢᠨ ᠡᠳᠦᠷ︾᠂ ︽5.19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠪᠤᠯᠤᠨ ᠡᠯ᠎ᠡ ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠢᠢᠨ ᠡᠳᠦᠷ ᠢ ᠠᠰᠢᠭᠯᠠᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠢᠷᠢᠰ ᠪᠦᠲᠦᠭᠡᠭᠳᠡᠬᠦᠨ ᠭᠠᠷᠭᠠᠵᠦ᠂ ᠡᠯ᠎ᠡ ᠶᠡᠭᠡ ᠵᠠᠭᠤᠴᠢᠯᠠᠭᠤᠷ ᠵᠢᠴᠢ ᠣᠷᠣᠨ ᠤ ᠳᠣᠲᠣᠨ᠎ᠠ ᠭᠠᠳᠠᠨᠠᠬᠢ ᠨᠡᠷᠡᠲᠦ ᠬᠥᠮᠦᠰ ᠢ ᠵᠣᠬᠢᠶᠠᠨ ᠪᠠᠶᠢᠭᠤᠯᠵᠤ ᠰᠤᠳᠤᠯᠤᠨ ᠰᠤᠷᠤᠯᠴᠠᠬᠤ ᠰᠠᠭᠤᠷᠢᠨ᠂ ᠦᠵᠡᠮᠵᠢ ᠢᠢᠨ ᠣᠷᠣᠨ ᠦᠵᠡᠮᠵᠢ ᠢᠢᠨ ᠭᠠᠵᠠᠷ ᠲᠤ ᠭᠦᠨᠵᠡᠭᠡᠶᠢᠷᠡᠬᠦᠯᠤᠨ᠂ ᠮᠠᠲ᠋ᠧᠷᠢᠶᠠᠯ ᠴᠤᠭᠯᠠᠭᠤᠯᠵᠤ ᠵᠣᠬᠢᠶᠠᠨ ᠪᠦᠲᠦᠭᠡᠬᠦ ᠠᠵᠢᠯᠯᠠᠭ᠎ᠠ ᠥᠷᠨᠢᠭᠦᠯᠵᠦ᠂ ᠪᠦᠬᠦ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠪᠠ ᠪᠦᠲᠦᠭᠡᠭᠳᠡᠬᠦᠨ ᠢ ᠣᠯᠠᠨ ᠬᠡᠯᠪᠡᠷᠢ᠂ ᠣᠯᠠᠨ ᠬᠠᠷᠠᠭᠠᠰᠤ᠂ ᠭᠦᠨ ᠳᠡᠰ ᠳᠠᠪᠬᠤᠷᠭ᠎ᠠ ᠪᠠᠷ ᠤᠬᠠᠭᠤᠯᠤᠨ ᠲᠠᠨᠢᠯᠴᠠᠭᠤᠯᠵᠤ᠂ ︽ᠪᠢ ᠲᠠᠯ᠎ᠠ ᠨᠤᠲᠤᠭ ᠲᠠᠢ ᠪᠣᠯᠵᠤᠭ᠎ᠠ ᠲᠠᠢ︾ ᠬᠡᠬᠦ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠲᠥᠷᠥᠯ ᠲᠡᠮᠳᠡᠭ ᠢ ᠪᠦᠬᠦ ᠲᠠᠯ᠎ᠠ ᠪᠠᠷ ᠴᠤᠭᠴᠠᠯᠠᠵᠦ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号