ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ
ᠨᠡᠶᠢᠲᠡᠯᠡᠭᠰᠡᠨ ᠴᠠᠭ᠄
2024/4/11
     ᠰᠢᠯᠢ ᠶᠢᠨ ᠭᠤᠣᠯ ᠡᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠪᠣᠯᠣᠨ ᠦᠵᠡᠯ ᠰᠠᠨᠠᠭ᠎ᠠ ᠤᠯᠤᠰ ᠲᠦᠷᠦ ᠶᠢ ᠡᠯ᠎ᠠ ᠬᠢᠴᠢᠶᠡᠯ ᠲᠦᠷᠦᠯ ᠳᠤ ᠠᠭᠤᠰᠤᠯᠴᠠᠭᠤᠯᠬᠤ ᠶᠢ ᠵᠡᠷᠭᠡᠪᠡᠷ ᠠᠬᠢᠭᠤᠯᠬᠤ ᠶᠢ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠮᠡᠳᠡᠯᠭᠡ ᠤᠯᠠᠮᠵᠢᠯᠠᠬᠤ ᠪᠠ ᠦᠷᠳᠡᠭ ᠢᠶᠠᠷ ᠬᠥᠲᠥᠯᠥᠨ ᠳᠠᠭᠠᠭᠤᠯᠬᠤ ᠶᠢ ᠵᠡᠷᠭᠡᠪᠡᠷ ᠠᠬᠢᠭᠤᠯᠬᠤ ᠣᠶᠢᠯᠠᠭᠠᠭᠳᠠᠬᠤᠨ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠦ ᠪᠤᠢ᠃      ᠰᠢᠨ᠎ᠡ ᠴᠠᠭ ᠦᠶ᠎ᠡ ᠶᠢᠨ ︽ᠨᠠᠮ ᠤᠨ ᠪᠠᠶᠢᠭᠤᠯᠤᠯᠲᠠ + ᠶᠡᠭᠡ ᠦᠵᠡᠯ ᠰᠠᠨᠠᠭ᠎ᠠ ᠤᠯᠤᠰ ᠲᠦᠷᠦ︾ ᠬᠥᠮᠥᠨ ᠢ ᠬᠥᠮᠥᠵᠢᠭᠦᠯᠬᠦ ᠪᠠᠶᠢᠷᠢᠰᠢᠯ ᠢ ᠪᠠᠶᠢᠭᠤᠯᠪᠡ᠃ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ᠂ ᠳᠡᠭᠡᠳᠦ ᠰᠤᠷᠭᠠᠭᠤᠯᠢ ᠶᠢᠨ ᠨᠠᠮ ᠤᠨ ᠶᠡᠷᠦᠩᠬᠡᠢ ᠡᠭᠦᠷ᠂ ᠪᠠᠭᠰᠢ ᠶᠢᠨ ᠨᠠᠮ ᠤᠨ ᠡᠭᠦᠷ᠂ ᠰᠤᠷᠤᠭᠴᠢ ᠶᠢᠨ ᠨᠠᠮ ᠤᠨ ᠡᠭᠦᠷ ︽ᠲᠦᠷᠪᠡᠨ ᠹᠷᠣᠨᠲ ᠢᠶᠠᠷ ᠬᠤᠯᠪᠤᠭᠠᠯᠠᠨ ᠬᠥᠳᠡᠯᠦᠯᠴᠡᠬᠦ︾ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ  ᠰᠢᠰᠲ᠋ᠧᠮ ᠢ ᠪᠠᠶᠢᠭᠤᠯᠵᠤ᠂ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠠᠳᠬᠤᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠪᠣᠯᠣᠨ ᠦᠵᠡᠯ ᠰᠠᠨᠠᠭ᠎ᠠ ᠤᠯᠤᠰ ᠲᠦᠷᠦ ᠶᠢ ᠡᠯ᠎ᠠ ᠬᠢᠴᠢᠶᠡᠯ ᠲᠦᠷᠦᠯ ᠳᠤ ᠠᠭᠤᠰᠤᠯᠴᠠᠭᠤᠯᠬᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠡ᠃ ᠦᠵᠡᠯ ᠰᠠᠨᠠᠭ᠎ᠠ ᠤᠯᠤᠰ ᠲᠦᠷᠦ ᠪᠠᠷ ᠬᠥᠮᠥᠨ ᠢ ᠬᠥᠮᠥᠵᠢᠭᠦᠯᠬᠦ ᠬᠠᠮᠲᠤ ᠶᠢᠨ ᠴᠣᠭᠴᠠ ᠶᠢ ᠪᠠᠶᠢᠭᠤᠯᠪᠡ᠃ ︽ᠬᠤᠶᠠᠷ ᠡᠩᠨᠡᠭᠡ︾᠎ ᠶᠢᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠶᠢᠨ ᠴᠢᠬᠤᠯᠠ ᠴᠢᠨᠠᠷ ᠢ ᠭᠦᠨᠵᠡᠭᠡᠢ ᠡᠵᠡᠮᠰᠢᠵᠦ᠂ ᠬᠠᠮᠵᠢᠯᠴᠠᠨ ᠬᠥᠮᠥᠵᠢᠭᠦᠯᠬᠦ ᠵᠢᠭᠠᠨ ᠰᠤᠷᠭᠠᠯᠲᠠ ᠶᠢᠨ ᠪᠦᠯᠬᠦᠮ ᠢ ᠪᠠᠶᠢᠭᠤᠯᠤᠨ᠂ ᠬᠠᠮᠲᠤ ᠪᠠᠷ ᠬᠢᠴᠢᠶᠡᠯ ᠪᠡᠯᠡᠳᠬᠡᠬᠦ ᠳᠦᠷᠢᠮ ᠢ ᠪᠠᠶᠢᠩᠭᠤᠵᠢᠭᠤᠯᠤᠨ ᠬᠡᠷᠡᠭᠵᠢᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ ᠬᠡᠯᠲᠡᠰ ᠬᠢᠭᠡᠳ ᠲᠤᠰᠬᠠᠢ ᠮᠡᠷᠭᠡᠵᠢᠯ ᠤᠨ ᠰᠠᠯᠪᠤᠷᠢ ᠶᠢᠨ ᠬᠦᠮᠤᠵᠢᠯ ᠢ ᠬᠠᠷᠢᠯᠴᠠᠨ ᠵᠥᠪᠳᠡᠯᠴᠡᠵᠦ ᠬᠠᠮᠲᠤ ᠪᠠᠷ ᠠᠬᠢᠭᠤᠯᠬᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠪᠠ ᠲᠤᠰᠬᠠᠢ ᠮᠡᠷᠭᠡᠵᠢᠯ ᠤᠨ ᠬᠢᠴᠢᠶᠡᠯ ᠤᠨ ᠪᠠᠭᠰᠢ ᠶᠢᠨ ᠬᠢᠴᠢᠶᠡᠯ ᠪᠡᠯᠡᠳᠬᠡᠬᠦ ᠳᠤ ᠬᠠᠷᠢᠯᠴᠠᠨ ᠬᠠᠪᠰᠤᠷᠬᠤ᠂ ᠵᠢᠭᠠᠨ ᠰᠤᠷᠭᠠᠯᠲᠠ ᠶᠢ ᠬᠠᠷᠢᠯᠴᠠᠨ ᠰᠣᠨᠣᠰᠬᠤ᠂ ᠵᠢᠭᠠᠨ ᠰᠤᠷᠭᠠᠯᠲᠠ ᠰᠤᠳᠤᠯᠭᠠᠨ ᠢ ᠬᠠᠷᠢᠯᠴᠠᠨ ᠵᠥᠪᠳᠡᠯᠴᠡᠬᠦ᠂ ᠬᠥᠮᠥᠨ ᠬᠥᠮᠥᠵᠢᠭᠦᠯᠬᠦ ᠶᠢ ᠬᠠᠷᠢᠯᠴᠠᠨ ᠠᠬᠢᠭᠤᠯᠵᠤ᠂ ᠪᠠᠭᠰᠢ ᠶᠢᠨ ᠦᠵᠡᠯ ᠰᠠᠨᠠᠭ᠎ᠠ ᠤᠯᠤᠰ ᠲᠥᠷᠥ ᠪᠠᠷ ᠬᠥᠮᠥᠨ ᠢ ᠬᠥᠮᠥᠵᠢᠭᠦᠯᠬᠦ ᠪᠣᠯᠪᠠᠰᠤᠷᠠᠯ ᠤᠨ ᠰᠢᠰᠲ᠋ᠧᠮ ᠢ ᠲᠡᠭᠦᠯᠳᠡᠷᠵᠢᠭᠦᠯᠪᠡ︔ ᠰᠤᠷᠭᠠᠭᠤᠯᠢ ᠶᠢᠨ ᠬᠤᠭᠤᠷᠣᠨᠳᠣ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ︽ᠶᠡᠭᠡ ᠳᠡᠭᠡᠳᠦ ᠰᠤᠷᠭᠠᠭᠤᠯᠢ ᠶᠢᠨ ᠢᠨᠵᠧᠨᠧᠷᠢᠩ ᠤᠨ ᠰᠤᠷᠭᠠᠨ ᠬᠥᠮᠦᠵᠢᠯ  ᠦᠵᠡᠯ ᠰᠠᠨᠠᠭ᠎ᠠ ᠤᠯᠤᠰ ᠲᠦᠷᠦ ᠶᠢ ᠡᠯ᠎ᠠ ᠬᠢᠴᠢᠶᠡᠯ ᠲᠦᠷᠦᠯ ᠳᠤ ᠠᠭᠤᠰᠤᠯᠴᠠᠭᠤᠯᠬᠤ ᠬᠤᠯᠪᠣᠭ᠎ᠠ︾᠎ ᠳᠤ ᠣᠷᠣᠯᠴᠠᠨ᠂ ᠪᠥᠬᠦ ᠤᠯᠤᠰ ᠤᠨ ᠡᠯ᠎ᠡ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ ᠦᠵᠡᠯ ᠰᠠᠨᠠᠭ᠎ᠠ ᠤᠯᠤᠰ ᠲᠦᠷᠦ ᠶᠢ ᠡᠯ᠎ᠠ ᠬᠢᠴᠢᠶᠡᠯ ᠲᠦᠷᠦᠯ ᠳᠤ ᠠᠭᠤᠰᠤᠯᠴᠠᠭᠤᠯᠬᠤ ᠰᠣᠳᠣᠨ ᠬᠢᠴᠢᠶᠡᠯ ᠤᠨ ᠪᠠᠶᠢᠭᠤᠯᠤᠯᠲᠠ᠂ ᠪᠠᠭᠰᠢ ᠶᠢᠨ ᠪᠣᠯᠪᠠᠰᠤᠷᠠᠯ᠂ ᠵᠢᠭᠠᠨ ᠰᠤᠳᠤᠯᠬᠤ ᠠᠵᠢᠯᠯᠠᠭ᠎ᠠ ᠵᠡᠷᠭᠡ ᠶᠢ ᠥᠷᠨᠢᠭᠦᠯᠪᠡ︔ ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠳᠡᠭᠡᠳᠦ ᠰᠤᠷᠭᠠᠭᠤᠯᠢ ᠶᠢᠨ ᠨᠡᠶᠢᠲᠡᠯᠢᠭ ᠲᠤᠷᠰᠢᠯᠭ᠎ᠠ ᠪᠠᠨ ᠰᠣᠯᠢᠯᠴᠠᠵᠤ ᠬᠤᠪᠢᠶᠠᠨ ᠡᠳ᠋ᠯᠡᠬᠦ ᠪᠠ ᠴᠢᠨᠠᠷ ᠰᠠᠶᠢᠲᠠᠢ ᠡᠬᠢ ᠪᠠᠶᠠᠯᠢᠭ ᠤᠨ ᠬᠤᠣᠰ ᠴᠢᠭᠯᠡᠯ ᠢᠶᠠᠷ ᠬᠠᠷᠢᠯᠴᠠᠨ ᠦᠢᠯᠡᠳᠦᠯᠴᠡᠬᠦ ᠶᠢ ᠠᠬᠢᠭᠤᠯᠪᠡ᠃      ᠬᠢᠴᠢᠶᠡᠯ ᠢᠶᠠᠷ ᠭᠦᠮᠦᠨ ᠢ ᠭᠦᠮᠦᠵᠢᠭᠦᠯᠭᠦ ᠭᠤᠣᠯ ᠵᠢᠭᠰᠠᠭᠠᠯ ᠤᠨ ᠭᠠᠵᠠᠷ ᠢ ᠪᠠᠲᠤ ᠴᠣᠭᠴᠠᠯᠠᠪᠡ᠃ ᠦᠵᠡᠯ ᠰᠠᠨᠠᠭ᠎ᠠ ᠤᠯᠤᠰ ᠲᠥᠷᠥ ᠶᠢᠨ ᠡᠯᠧᠮᠧᠨ᠋ᠲ ᠢ ︽ᠨᠢᠭᠡᠳᠦᠭᠡᠷ ᠬᠢᠴᠢᠶᠡᠯ ᠤᠨ ᠲᠠᠩᠬᠢᠮ︾᠎ ᠳᠤ ᠠᠭᠤᠰᠬᠠᠵᠤ᠂ ︽ᠶᠡᠷᠦᠩᠬᠡᠶᠢᠯᠡᠭᠰᠡᠨ ᠮᠡᠳᠡᠯᠭᠡ ᠶᠢᠨ ᠬᠢᠴᠢᠶᠡᠯ ᠢᠶᠠᠷ ᠬᠥᠲᠥᠯᠥᠨ ᠳᠠᠭᠠᠭᠤᠯᠬᠤ᠂ ᠲᠤᠰᠬᠠᠢ ᠮᠡᠷᠭᠡᠵᠢᠯ ᠤᠨ ᠬᠢᠴᠢᠶᠡᠯ ᠢ ᠨᠡᠪᠴᠢᠭᠦᠯᠬᠦ᠂ ᠬᠢᠴᠢᠶᠡᠯ ᠤᠨ ᠪᠡᠶᠡᠴᠢᠯᠡᠨ ᠤᠶᠢᠯᠠᠭᠠᠯᠳᠠ ᠶᠢ ᠥᠷᠭᠡᠳᠬᠡᠬᠦ︾ ᠦᠵᠡᠯ ᠰᠠᠨᠠᠭ᠎ᠠ ᠤᠯᠤᠰ ᠲᠦᠷᠦ ᠶᠢ ᠡᠯ᠎ᠠ ᠬᠢᠴᠢᠶᠡᠯ ᠲᠦᠷᠦᠯ ᠳᠤ ᠠᠭᠤᠰᠤᠯᠴᠠᠭᠤᠯᠬᠤ ᠬᠤᠯᠪᠤᠭᠠᠯᠠᠨ ᠬᠥᠳᠡᠯᠦᠯᠴᠡᠬᠦ ᠰᠢᠰᠲ᠋ᠧᠮ ᠢ ᠪᠠᠶᠢᠭᠤᠯᠪᠡ᠃      ︽ᠬᠤᠶᠠᠳᠠᠭᠢ ᠬᠢᠴᠢᠶᠡᠯ ᠤᠨ ᠲᠠᠩᠬᠢᠮ︾ ᠎ ᠢ ᠥᠷᠭᠡᠳᠬᠡᠨ ᠤᠷᠲᠤᠳᠬᠠᠵᠤ᠂ ᠰᠣᠷᠣᠭᠴᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠣᠷᠣᠭᠴᠢ ᠶᠢᠨ ᠳᠠᠳᠬᠠᠯ ᠢ ᠬᠥᠮᠥᠵᠢᠭᠦᠯᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠲᠤᠰᠬᠠᠢ ᠮᠡᠷᠭᠡᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠦᠢᠯᠡᠳᠦᠯᠭᠡ᠂ ᠰᠢᠨ᠎ᠡ ᠶᠢ ᠡᠭᠦᠳᠦᠨ ᠦᠢᠯᠡᠰ ᠪᠤᠰᠬᠠᠬᠤ᠂ ᠬᠥᠳᠡᠯᠮᠦᠷᠢ ᠶᠢᠨ ᠦᠢᠯᠡᠳᠦᠯᠭᠡ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠶᠢ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠲᠠᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠪᠡ᠃ ᠰᠦᠯᠵᠢᠶᠡᠨ ᠤ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠰᠢᠨ᠎ᠡ ᠡᠭᠦᠳᠦᠯᠳᠡ ᠲᠠᠢ ᠥᠷᠨᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢ ᠡᠯ᠎ᠠ ᠬᠢᠴᠢᠶᠡᠯ ᠲᠦᠷᠦᠯ ᠳᠤ ᠠᠭᠤᠰᠤᠯᠴᠠᠭᠤᠯᠬᠤ ᠡᠬᠢ ᠪᠠᠶᠠᠯᠢᠭ ᠤᠨ ᠬᠥᠮᠥᠷᠭᠡ᠂ ᠦᠵᠡᠯ ᠰᠠᠨᠠᠭ᠎ᠠ ᠤᠯᠤᠰ ᠲᠦᠷᠦ ᠶᠢ ᠡᠯ᠎ᠠ ᠬᠢᠴᠢᠶᠡᠯ ᠲᠦᠷᠦᠯ ᠳᠤ ᠠᠭᠤᠰᠤᠯᠴᠠᠭᠤᠯᠬᠤ ᠲᠤᠰᠬᠠᠢ ᠰᠡᠳᠦᠪᠲᠦ ᠰᠦᠯᠵᠢᠶᠡᠨ ᠤ ᠥᠷᠲᠡᠭᠡ ᠶᠢ ᠪᠠᠶᠢᠭᠤᠯᠤᠨ᠂ ᠮᠢᠩᠭ᠎ᠠ ᠭᠠᠷᠤᠢ ᠪᠣᠷᠣ ᠮᠠᠲ᠋ᠧᠷᠢᠶᠠᠯ᠂ ᠬᠡᠷᠡᠭ ᠤᠨ ᠵᠢᠱᠢᠶ᠎ᠡ ᠵᠢᠴᠢ ᠪᠢᠴᠢᠯ ᠬᠢᠴᠢᠶᠡᠯ ᠵᠡᠷᠭᠡ ᠡᠬᠢ ᠪᠠᠶᠠᠯᠢᠭ ᠢ ᠴᠤᠭᠯᠠᠭᠤᠯᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ᠃                                                        ᠣᠷᠴᠢᠭᠤᠯᠣᠭᠴᠢ᠄ ᠣᠶᠣᠩᠬᠤᠸᠠᠷ        
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号