ᠲᠥᠷᠥ ᠶᠢᠨ ᠶᠠᠪᠤᠳᠠᠯ ᠤᠨ ᠬᠤᠷᠢᠶ᠎ᠠ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠪᠠᠶᠢᠭᠤᠯᠬᠤ ᠶᠢ ᠵᠥᠪᠰᠢᠶᠡᠷᠡᠵᠠᠢ
ᠨᠡᠶᠢᠲᠡᠯᠡᠭᠰᠡᠨ ᠴᠠᠭ᠄
2024/4/11
     ︽ᠦᠪᠤᠷ ᠮᠤᠩᠭᠤᠯ ᠤᠨ ᠡᠳᠤᠷ ᠤᠨ ᠰᠤᠨᠢᠨ︾᠎ ᠤ ᠮᠡᠳᠡᠭᠡᠯᠡᠭᠰᠡᠨ ᠢᠶᠠᠷ ᠲᠥᠷᠥ ᠶᠢᠨ ᠶᠠᠪᠤᠳᠠᠯ ᠤᠨ ᠬᠤᠷᠢᠶ᠎ᠠ ᠲᠦᠷᠦᠭᠦᠬᠡᠨ ᠴᠤᠬᠤᠯᠠᠪᠤᠷᠢ ᠦᠭᠴᠤ᠂ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠪᠠᠶᠢᠭᠤᠯᠬᠤ ᠶᠢ ᠵᠥᠪᠰᠢᠶᠡᠷᠡᠪᠡ᠃ ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠲᠠᠯᠠᠪᠠᠢ 9.03 ᠲᠡᠭᠰᠢ ᠳᠥᠷᠪᠡᠯᠵᠢᠨ  ᠺᠢᠯᠤᠮᠧᠲᠷ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠢᠶᠡᠨ ᠬᠤᠳᠠ ᠶᠢᠨ ᠳᠤᠮᠳᠠᠳᠤ ᠮᠣᠩᠭᠤᠯ ᠤᠨ ᠬᠢᠯᠢ ᠶᠢᠨ ᠵᠠᠰᠠᠮᠠᠯ ᠵᠠᠮ ᠤᠨ ᠪᠣᠭᠤᠮᠲᠠ ᠶᠢᠨ ᠪᠠᠷᠠᠭᠤᠨ ᠬᠤᠶᠢᠲᠤ ᠲᠠᠯ᠎ᠠ ᠳᠤ ᠪᠠᠶᠢᠷᠢᠯᠠᠵᠤ ᠪᠤᠢ᠃ ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠶᠢ ᠵᠡᠭᠦᠨ᠂ ᠪᠠᠷᠠᠭᠤᠨ ᠬᠤᠶᠠᠷ ᠲᠣᠭᠤᠷᠢᠭ ᠬᠤᠪᠢᠶᠠᠵᠤ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ ᠣᠷᠣᠨ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠶᠢᠨ ᠵᠡᠷᠭᠡ ᠪᠠᠷ ᠣᠷᠣᠨ ᠪᠦᠰᠡ ᠶᠢᠨ ᠬᠤᠭᠤᠷᠣᠨᠳᠣ ᠲᠤᠰᠠᠭᠠᠷᠯᠠᠬᠤ ᠲᠥᠬᠦᠭᠡᠷᠦᠮᠵᠢ ᠪᠠᠶᠢᠭᠤᠯᠤᠨ᠎ᠠ᠃ ᠡᠭᠦᠨ ᠳᠤ ᠵᠡᠭᠦᠨ ᠣᠷᠣᠨ ᠤ ᠲᠠᠯᠠᠪᠠᠶ ᠨᠢ 4.31 ᠲᠡᠭᠰᠢ ᠳᠥᠷᠪᠡᠯᠵᠢᠨ ᠺᠢᠯᠣᠮᠧᠲᠷ᠂ ᠪᠠᠷᠠᠭᠤᠨ ᠣᠷᠣᠨ ᠤ ᠲᠠᠯᠠᠪᠠᠶ ᠨᠢ 4.72 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠶᠢᠨ ᠬᠡᠪᠴᠢᠶ᠎ᠡ ᠶᠢ ᠪᠣᠳᠠᠲᠠᠢ ᠵᠠᠭᠠᠭ ᠴᠡᠭ ᠤᠨ ᠪᠠᠶᠢᠷᠢᠰᠢᠯ ᠢᠶᠠᠷ ᠡᠵᠡᠮᠳᠡᠵᠦ᠂ ᠵᠠᠭᠠᠭ ᠴᠡᠭ ᠤᠨ ᠪᠠᠶᠢᠷᠢᠰᠢᠯ ᠢ ᠬᠤᠳᠠᠯᠳᠤᠭᠠᠨ ᠤ ᠶᠠᠪᠤᠳᠠᠯ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠬᠠᠷᠢᠭᠤᠴᠠᠨ ᠨᠡᠶᠢᠲᠡᠯᠡᠨ᠎ᠡ᠃ ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠲᠤᠰ ᠭᠠᠵᠠᠷ ᠤᠨ ᠣᠨᠴᠠᠯᠢᠭᠳᠤ ᠳᠠᠪᠠᠭᠤᠯᠢᠭ ᠲᠠᠭᠠᠨ ᠰᠠᠭᠤᠷᠢᠯᠠᠨ᠂ ᠤᠯᠠᠨ ᠤᠯᠤᠰ ᠤᠨ ᠠᠷᠠᠯᠵᠢᠶ᠎ᠠ᠂ ᠤᠯᠠᠨ ᠤᠯᠤᠰ ᠤᠨ ᠪᠠᠷᠠᠭᠠᠨ ᠤ ᠭᠦᠢᠯᠭᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠦᠨ ᠪᠤᠯᠪᠠᠰᠤᠷᠠᠭᠤᠯᠤᠯᠳᠠ᠂ ᠬᠢᠯᠢ ᠠᠯᠤᠰᠯᠠᠭᠰᠠᠨ ᠵᠢᠭᠤᠯᠴᠢᠯᠠᠯ ᠵᠢᠴᠢ ᠬᠤᠯᠪᠣᠭᠳᠠᠯ ᠪᠦᠬᠦᠢ ᠢᠵᠢ ᠪᠦᠷᠢᠳᠦᠭᠰᠡᠨ ᠦᠢᠯᠡᠴᠢᠯᠡᠭᠡ ᠶᠢ ᠭᠤᠣᠯᠳᠠᠯᠭ᠎ᠠ ᠲᠠᠢ ᠬᠥᠭᠵᠢᠭᠦᠯᠵᠦ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠵᠤ᠂ ᠬᠢᠯᠢ ᠳᠠᠭᠠᠤ ᠭᠠᠵᠠᠷ ᠣᠷᠣᠨ ᠤ ᠥᠨᠳᠥᠷ ᠲᠦᠪᠰᠢᠨ ᠪᠦᠬᠦᠢ ᠨᠡᠭᠡᠭᠡᠯᠲᠡᠲᠦ ᠲᠠᠪᠴᠠᠩ᠂ ︽ᠨᠢᠭᠡ ᠪᠦᠰᠡ ᠨᠢᠭᠡ ᠵᠠᠮ︾  ᠎ ᠤᠨ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠴᠢᠬᠤᠯᠠ ᠵᠠᠩᠭᠢᠯᠠᠭ᠎ᠠ ᠶᠢᠨ ᠴᠡᠭ᠂ ᠳᠤᠮᠳᠠᠳᠤ ᠮᠣᠩᠭᠤᠯ ᠤᠨ ᠨᠥᠬᠦᠷᠰᠡᠭ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠢ ᠡᠭᠦᠳᠴᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠳᠤ ᠬᠦᠷᠢᠶ᠎ᠡ ᠲᠤᠤᠷ ᠪᠠ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠪᠠᠷ ᠳᠠᠮᠵᠢᠭᠤᠯᠤᠨ ᠪᠢᠲᠡᠭᠦᠮᠵᠢᠯᠡᠭᠰᠡᠨ ᠬᠠᠮᠢᠶᠠᠷᠤᠯᠲᠠ ᠶᠠᠪᠤᠭᠤᠯᠤᠨ᠎ᠠ᠃ ᠳᠤᠮᠳᠠᠳᠤ ᠮᠣᠩᠭᠤᠯ ᠤᠨ ᠵᠠᠰᠠᠭ ᠤᠨ ᠣᠷᠳᠣᠨ ᠤ ᠬᠤᠭᠤᠷᠣᠨᠳᠣᠬᠢ ᠬᠡᠯᠡᠯᠴᠡᠭᠡᠷ ᠤᠨ ᠪᠣᠯᠵᠤᠭ᠎ᠠ ᠶᠣᠰᠣᠭᠠᠷ᠂ ᠮᠣᠩᠭᠤᠯ ᠤᠨ ᠲᠠᠯ᠎ᠠ ᠲᠠᠢ ᠬᠠᠮᠲᠤᠷᠠᠨ ᠬᠤᠶᠠᠷ ᠲᠠᠯ᠎ᠠ ᠶᠢᠨ ᠣᠷᠣᠨ ᠪᠦᠰᠡ ᠶᠢᠨ ᠬᠤᠭᠤᠷᠣᠨᠳᠣᠬᠢ ᠬᠢᠯᠢ ᠠᠯᠤᠰᠯᠠᠭᠰᠠᠨ ᠲᠦᠬᠦᠭᠡᠷᠤᠮᠵᠢ ᠶᠢ ᠪᠠᠶᠢᠭᠤᠯᠵᠤ᠂ ᠬᠢᠯᠢ ᠶᠢᠨ ᠬᠠᠮᠠᠭᠠᠯᠠᠯᠲᠠ᠂ ᠪᠣᠭᠤᠮᠲᠠ ᠶᠢᠨ ᠪᠠᠶᠢᠴᠠᠭᠠᠯᠲᠠ ᠵᠢᠴᠢ ᠬᠤᠯᠪᠤᠬᠳᠠᠯ ᠪᠥᠬᠦᠶ ᠪᠠᠶᠢᠴᠠᠭᠠᠨ ᠰᠢᠯᠭᠠᠬᠤ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠠᠮᠤᠷ ᠲᠦᠪᠰᠢᠨ ᠤ ᠪᠠᠶᠢᠴᠠᠭᠠᠯᠲᠠ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠮᠣᠩᠭᠤᠯ ᠤᠨ ᠲᠠᠯ᠎ᠠ ᠶᠢᠨ ᠣᠷᠣᠨ ᠪᠦᠰᠡ ᠶᠢᠨ ᠠᠵᠢᠯᠲᠠᠨ᠂ ᠡᠳ᠋ ᠪᠠᠷᠠᠭ᠎ᠠ ᠶᠢᠨ ᠳᠥᠭᠦᠮ ᠳᠥᠲᠡ ᠨᠡᠪᠲᠡᠷᠡᠬᠦ ᠶᠢ ᠡᠮᠬᠢ ᠵᠢᠷᠤᠮ ᠲᠠᠢ ᠠᠬᠢᠭᠤᠯᠤᠨ᠎ᠠ᠃      ᠴᠣᠬᠤᠯᠠᠪᠤᠷᠢ ᠳᠤ᠂ ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠳᠤ ᠬᠤᠯᠪᠣᠭᠳᠠᠯ ᠪᠥᠬᠦᠶ ᠳᠡᠮᠵᠢᠯᠭᠡ ᠶᠢᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠵᠥᠪᠰᠢᠶᠡᠷᠡᠪᠡ᠃ ᠣᠯᠠᠨ ᠤᠯᠤᠰ ᠤᠨ ᠡᠮᠴᠢᠯᠡᠭᠡᠨ ᠤ ᠤᠷᠢᠳ ᠢᠶᠠᠷ ᠬᠡᠷᠡᠭᠵᠢᠭᠦᠯᠬᠦ ᠣᠷᠣᠨ ᠪᠠᠶᠢᠭᠤᠯᠬᠤ ᠶᠢ ᠳᠡᠮᠵᠢᠵᠦ᠂ ᠡᠮᠴᠢᠯᠡᠭᠡᠨ ᠤ ᠰᠢᠨ᠎ᠡ ᠮᠡᠷᠭᠡᠵᠢᠯ᠂ ᠰᠢᠨ᠎ᠡ ᠡᠮ ᠤᠨ ᠵᠦᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠵᠣᠷᠢᠭᠵᠢᠭᠤᠯᠤᠨ᠎ᠠ᠃ ᠬᠠᠮᠲᠤᠷᠠᠯᠴᠠᠭᠠᠨ ᠤ ᠣᠷᠣᠨ ᠤ ᠬᠢᠯᠢ ᠠᠯᠤᠰᠯᠠᠭᠰᠠᠨ ᠲᠡᠮᠦᠷ ᠵᠠᠮ ᠤᠨ ᠲᠤᠰᠬᠠᠶ ᠬᠡᠷᠡᠭᠯᠡᠭᠡᠨ ᠤ ᠱᠤᠭᠤᠮ ᠢ ᠰᠤᠳᠤᠯᠤᠨ ᠲᠥᠯᠥᠪᠵᠢᠭᠦᠯᠵᠦ ᠪᠥᠲᠥᠭᠡᠨ ᠪᠠᠶᠢᠭᠤᠯᠬᠤ ᠶᠢ ᠳᠡᠮᠵᠢᠨ᠎ᠡ᠃ ᠤᠯᠠᠨ ᠤᠯᠤᠰ ᠤᠨ ᠰᠣᠶᠣᠯ ᠤᠷᠠᠯᠢᠭ ᠤᠨ ᠪᠦᠲᠦᠭᠡᠯ ᠢ ᠳᠡᠯᠭᠡᠨ ᠦᠵᠡᠭᠦᠯᠬᠦ᠂ ᠦᠨ᠎ᠡ ᠬᠠᠶᠠᠨ ᠬᠤᠳᠠᠯᠳᠤᠬᠤ᠂ ᠠᠷᠠᠯᠵᠢᠶᠠᠯᠠᠬᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠨ᠎ᠡ᠃ ᠣᠷᠣᠨ ᠨᠤᠲᠤᠭ ᠤᠨ ᠬᠢᠨ ᠭᠠᠳᠠᠭᠠᠳᠤ ᠠᠵᠤ ᠠᠬᠤᠶ ᠠᠷᠠᠯᠵᠢᠶᠠᠨ ᠤ ᠬᠥᠭᠵᠢᠯᠲᠡ ᠶᠢᠨ ᠲᠤᠰᠬᠠᠶ ᠪᠠᠯᠠ ᠮᠥᠩᠭᠦ ᠵᠡᠷᠭᠡ ᠣᠲᠣ ᠶᠢᠨ ᠪᠠᠶᠢᠭ᠎ᠠ ᠪᠠᠯᠠ ᠮᠥᠩᠭᠦ ᠶᠢᠨ ᠠᠷᠭ᠎ᠠ ᠵᠠᠮ ᠢᠶᠠᠷ ᠳᠠᠮᠵᠢᠭᠤᠯᠤᠨ᠂ ᠬᠠᠮᠲᠤᠷᠠᠯᠴᠠᠭᠠᠨ ᠤ ᠣᠷᠣᠨ ᠤ ᠬᠥᠭᠵᠢᠯᠲᠡ ᠶᠢ ᠨᠢᠭᠡᠳᠦᠯᠲᠡᠶ ᠲᠥᠯᠥᠪᠵᠢᠬᠦᠯᠤᠨ ᠳᠡᠮᠵᠢᠨ᠎ᠠ᠃ ᠢᠵᠢ ᠪᠥᠷᠢᠳᠦᠭᠦᠯᠬᠦ ᠮᠥᠩᠭᠦᠨ ᠭᠦᠢᠯᠭᠡᠭᠡᠨ ᠤ ᠦᠢᠯᠡᠴᠢᠯᠡᠭᠡᠨ ᠢ ᠳᠡᠮᠵᠢᠵᠦ᠂ ᠳᠤᠮᠳᠠᠳᠤ ᠶᠢᠨ ᠪᠡᠯᠡ ᠶᠢᠨ ᠪᠠ ᠭᠠᠳᠠᠭᠠᠳᠤ ᠪᠡᠯᠡ ᠶᠢᠨ ᠪᠠᠩᠬᠢ ᠶᠢᠨ ᠪᠠᠶᠢᠭᠤᠯᠤᠮᠵᠢ ᠶᠢᠨ ᠣᠷᠣᠵᠤ ᠰᠠᠭᠤᠬᠤ ᠶᠢ ᠵᠣᠷᠢᠭᠵᠢᠭᠤᠯᠤᠨ᠂ ᠠᠷᠠᠳ ᠤᠨ ᠬᠥᠷᠥᠩᠭᠡ ᠶᠢᠨ ᠣᠷᠣᠨ ᠤ ᠳᠣᠲᠣᠷᠠᠬᠢ ᠮᠥᠩᠭᠦᠨ ᠭᠦᠢᠯᠭᠡᠭᠡᠨ ᠤ ᠦᠢᠯᠡᠰ ᠲᠤ ᠣᠷᠣᠬᠤ ᠶᠢ ᠳᠡᠮᠵᠢᠵᠦ᠂ ᠬᠢᠯᠢ ᠠᠯᠤᠰᠯᠠᠨ ᠪᠠᠯᠠ ᠣᠷᠣᠭᠤᠯᠵᠤ ᠪᠠᠯᠠ ᠴᠤᠬᠯᠠᠭᠤᠯᠬᠤ ᠲᠤᠬᠠᠶᠢᠯᠠᠭᠰᠠᠨ ᠠᠵᠢᠯ ᠪᠠ ᠬᠤᠪᠢ ᠬᠥᠮᠦᠨ ᠤ ᠥᠪᠡᠷ ᠤᠨ ᠪᠠ ᠭᠠᠳᠠᠭᠠᠳᠤ ᠶᠢᠨ ᠵᠣᠭᠤᠰ ᠢ ᠰᠣᠯᠢᠬᠤ ᠲᠤᠬᠠᠶᠢᠯᠠᠭᠰᠠᠨ ᠠᠵᠢᠯ ᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠥᠷᠨᠢᠭᠦᠯᠬᠦ ᠶᠢ ᠳᠡᠮᠵᠢᠵᠦ᠂ ᠠᠷᠠᠳ ᠤᠨ ᠵᠣᠭᠤᠰ ᠤᠨ ᠬᠢᠯᠢ ᠠᠯᠤᠰᠯᠠᠨ ᠬᠡᠷᠡᠭᠯᠡᠬᠦ ᠶᠢ ᠥᠷᠭᠡᠳᠭᠡᠨ᠎ᠡ᠃ ᠬᠢᠯᠢ ᠶᠢᠨ ᠭᠠᠳᠠᠨᠠᠬᠢ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠬᠤ ᠶᠢ ᠵᠥᠪᠰᠢᠶᠡᠷᠡᠵᠦ᠂ ᠥᠨᠳᠥᠷ ᠲᠦᠪᠰᠢᠨ ᠪᠦᠬᠦᠢ ᠤᠯᠠᠨ ᠤᠯᠤᠰ ᠤᠨ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠦᠨ᠎ᠡ᠃ ᠦᠨᠡᠨ ᠬᠦ ᠬᠡᠷᠡᠭᠴᠡᠭᠡ ᠱᠠᠭᠠᠷᠳᠠᠯᠭ᠎ᠠ ᠲᠠᠢ ᠦᠶ᠎ᠡ ᠳᠤ ᠲᠠᠰ ᠳᠠᠷᠠᠭᠠᠯᠠᠯ ᠶᠣᠰᠣᠭᠠᠷ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠠᠶᠢᠭᠤᠯᠬᠤ ᠶᠢ ᠳᠡᠮᠵᠢᠨ᠎ᠡ ᠭᠡᠵᠤ ᠲᠤᠷᠠᠳᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号