2024 ᠤᠨ ᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠲᠠᠶᠢᠯᠠᠯᠳᠤᠭᠠᠨ ᠢ ᠦᠷᠨᠢᠭᠦᠯᠵᠦ ᠡᠬᠢᠯᠡᠪᠡ
ᠨᠡᠶᠢᠲᠡᠯᠡᠭᠰᠡᠨ ᠴᠠᠭ᠄
2024/4/11
     ᠣᠶᠢᠷ᠎ᠠ ᠶᠢᠨ ᠡᠳᠦᠷ᠂ ᠰᠢᠯᠤᠭᠤᠨ ᠬᠥᠬᠡ ᠬᠤᠰᠢᠭᠤᠨ ᠤ ᠰᠠᠩ ᠤᠨ ᠳᠠᠯᠠᠢ ᠪᠠᠯᠭᠠᠰᠤᠨ ᠤ ᠡᠷᠳᠡᠨᠢᠳᠠᠯᠠᠢ ᠭᠠᠴᠠᠭᠠᠨ ᠤ 3000 ᠮᠦ ᠶᠢᠨ ᠪᠤᠳᠠ ᠮᠣᠳᠣᠨ ᠤ ᠲᠣᠭᠤᠷᠢᠭ ᠲᠤ ᠪᠤᠭᠤᠵᠢᠯᠠᠬᠤ ᠮᠠᠰᠢᠨ᠂ ᠲᠡᠭᠰᠢᠯᠡᠬᠦ ᠮᠠᠰᠢᠨ᠂ ᠬᠠᠳᠤᠬᠤ ᠮᠠᠰᠢᠨ ᠰᠦᠯᠵᠢᠯᠳᠦᠵᠦ᠂ ᠪᠤᠳᠠ ᠪᠤᠷᠭᠠᠰᠤ ᠶᠢ ᠬᠠᠳᠤᠵᠦ ᠵᠠᠰᠠᠵᠥ ᠶᠠᠭᠠᠷᠠᠯᠳᠤᠨ᠎ᠠ᠃ ᠡᠭᠦᠨ ᠤ ᠤᠶᠢᠷᠠᠯᠴᠠᠭ᠎ᠠ ᠪᠠᠶᠢᠭ᠎ᠠ 1000 ᠮᠦ ᠶᠢᠨ ᠡᠯᠡᠰᠦ ᠶᠢ ᠲᠣᠭᠲᠠᠪᠤᠷᠢᠵᠢᠭᠤᠯᠬᠤ ᠣᠷᠣᠨ ᠳᠤ 3 ᠰᠠᠷ᠎ᠠ ᠶᠢᠨ ᠡᠬᠢ ᠠᠴᠠ ᠬᠥᠮᠥᠨ ᠬᠠᠷ᠎ᠠ᠂ ᠮᠠᠲ᠋ᠧᠷᠢᠶᠠᠯ᠂ ᠲᠣᠨᠤᠭ ᠲᠥᠬᠦᠭᠡᠷᠦᠮᠵᠢ ᠶᠢ ᠣᠷᠣᠭᠤᠯᠵᠤ᠂ ᠣᠲᠣ ᠨᠢᠭᠡᠨᠲᠡ 50 ᠮᠦ ᠲᠠᠯᠠᠪᠠᠶ ᠶᠢ ᠲᠡᠭᠰᠢᠯᠡᠵᠦ᠂ ᠡᠯᠡᠰᠦᠨ ᠬᠠᠯᠬᠠᠪᠴᠢ ᠶᠢ 50 ᠮᠦ ᠪᠠᠶᠢᠭᠤᠯᠵᠦ᠂ ᠰᠢᠯᠤᠭᠤᠨ ᠬᠥᠬᠡ ᠬᠤᠰᠢᠭᠤᠨ ᠤ ᠬᠢᠯᠢ ᠳᠠᠬᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠠ ᠶᠢᠨ ᠲᠠᠶᠢᠯᠠᠯᠳᠤᠭᠠᠨ ᠢ ᠤᠷᠢᠳ ᠢᠶᠠᠷ ᠡᠬᠢᠯᠡᠭᠦᠯᠦᠭᠰᠡᠨ ᠪᠠᠶᠢᠨ᠎ᠠ᠃      2024 ᠣᠨ ᠳᠤ᠂ ᠮᠠᠨ ᠤ ᠠᠶᠢᠮᠠᠭ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠠ ᠶᠢᠨ ᠳᠠᠶᠢᠯᠠᠯᠳᠤᠭᠠᠨ ᠤ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠢ 71.85 ᠲᠦᠮᠡᠨ ᠮᠦ ᠪᠡᠶᠡᠯᠡᠭᠦᠯᠬᠦ ᠪᠠᠷ ᠲᠥᠯᠥᠪᠯᠡᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ 61.45 ᠲᠦᠮᠡᠨ ᠮᠦ᠂ ᠣᠶᠢᠵᠢᠭᠤᠯᠤᠯᠲᠠ ᠪᠠ ᠪᠤᠲᠠ ᠮᠣᠳᠣ ᠶᠢ ᠬᠠᠳᠤᠵᠥ ᠵᠠᠰᠠᠬᠤ ᠲᠥᠷᠥᠯ ᠵᠦᠢᠯ ᠤᠨ 10 ᠲᠦᠮᠡᠨ ᠮᠦ᠂ ᠰᠢᠯᠤᠭᠤᠨ ᠬᠥᠬᠡ ᠬᠤᠰᠢᠭᠤᠨ ᠤ ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠲᠥᠷᠥᠯ ᠵᠦᠢᠯ ᠤᠨ 0.4 ᠲᠦᠮᠡᠨ ᠮᠦ ᠳᠤ ᠬᠤᠯᠪᠣᠭᠳᠠᠬᠤ ᠪᠤᠯᠤᠨ᠎ᠠ᠃ ᠣᠶᠢᠷ᠎ᠠ ᠶᠢᠨ ᠬᠤᠭᠤᠴᠠᠭᠠᠨ ᠳᠤ ᠲᠤᠯᠤᠨ ᠨᠤᠤᠷ ᠰᠢᠶᠠᠨ ᠤ ᠬᠥᠮᠥᠨ ᠤ ᠬᠦᠴᠦ ᠪᠠᠷ ᠲᠤᠷᠤᠭ ᠮᠣᠳᠣ ᠳᠠᠷᠢᠵᠦ ᠣᠶᠢᠵᠢᠭᠤᠯᠬᠤ ᠲᠦᠷᠦᠯ ᠵᠦᠢᠯ ᠤᠨ ᠲᠦᠷᠦᠭᠦᠴᠢ ᠶᠢᠨ ᠬᠤᠭᠤᠴᠠᠭᠠᠨ ᠤ ᠭᠠᠵᠠᠷ ᠲᠡᠭᠰᠢᠯᠡᠬᠦ᠂ ᠲᠠᠶᠢᠹᠤᠰᠧ ᠬᠤᠰᠢᠭᠤᠨ ᠤ ᠪᠤᠲᠠ ᠮᠣᠳᠣ ᠶᠢ ᠬᠠᠳᠤᠵᠥ ᠵᠠᠰᠠᠬᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠤᠲᠠ ᠮᠣᠳᠣ ᠶᠢ ᠬᠠᠳᠤᠵᠥ ᠵᠠᠰᠠᠬᠤ᠂ ᠰᠢᠯᠤᠭᠤᠨ ᠬᠥᠬᠡ ᠬᠤᠰᠢᠭᠤᠨ ᠤ ᠪᠤᠲᠠ ᠮᠣᠳᠣ ᠶᠢ ᠬᠠᠳᠤᠵᠥ ᠵᠠᠰᠠᠬᠤ ᠪᠠ ᠡᠯᠡᠰᠦ ᠶᠢ ᠲᠣᠭᠲᠠᠪᠤᠷᠢᠵᠢᠭᠤᠯᠬᠤ᠂ ᠰᠥᠨᠢᠳ ᠵᠡᠭᠦᠨ ᠬᠤᠰᠢᠭᠤᠨ ᠤ ᠡᠯᠡᠰᠦ ᠶᠢ ᠲᠣᠭᠲᠠᠪᠤᠷᠢᠵᠢᠭᠤᠯᠬᠤ ᠵᠡᠷᠭᠡ 6 ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠵᠠᠰᠠᠯᠲᠠ ᠶᠢᠨ ᠲᠠᠯᠠᠪᠠᠶ ᠨᠢ ᠨᠡᠶᠢᠲᠡ 21.5 ᠲᠦᠮᠡᠨ ᠮᠦ ᠬᠦᠷᠦᠨ᠎ᠠ᠃      ᠣᠶᠢᠷ᠎ᠠ ᠶᠢᠨ ᠬᠤᠭᠤᠴᠠᠭᠠᠨ ᠳᠤ᠂ ᠮᠠᠨ ᠤ ᠠᠶᠢᠮᠠᠭ ᠤᠨ ᠬᠤᠯᠪᠤᠬᠳᠠᠯ ᠪᠦᠬᠦᠢ ᠰᠠᠯᠠᠭ᠎ᠠ ᠮᠥᠴᠢᠷ ᠤᠳ ᠡᠳ᠋ ᠪᠣᠳᠠᠰ ᠨᠥᠭᠡᠴᠡᠯᠡᠬᠦ ᠪᠠ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠥᠷᠨᠢᠭᠦᠯᠵᠦ᠂ ᠡᠯ᠎ᠡ ᠲᠥᠷᠥᠯ ᠤᠨ ᠢᠨᠵᠧᠨᠧᠷᠢᠩ ᠤᠨ ᠲᠥᠷᠥᠯ ᠵᠦᠢᠯ ᠳᠤ ᠬᠡᠷᠡᠭᠰᠡᠬᠦ ᠴᠢᠬᠢ ᠮᠣᠳᠣ᠂ ᠰᠢᠷ᠎ᠠ ᠪᠤᠷᠭᠠᠰᠤ᠂ ᠡᠪᠡᠰᠦᠨ ᠦᠷ᠎ᠡ ᠶᠢᠨ ᠬᠡᠮᠵᠢᠶ᠎ᠡ ᠶᠢ ᠲᠣᠳᠣᠷᠬᠠᠶᠢᠯᠠᠠ᠂ ᠨᠢᠭᠡᠨᠲᠡ ᠤᠯᠤᠰ ᠤᠨ ᠥᠮᠴᠢᠯᠡᠯᠲᠦ ᠦᠷ᠎ᠡ ᠴᠢᠬᠢ ᠶᠢᠨ ᠰᠠᠭᠤᠷᠢᠨ ᠭᠠᠵᠠᠷ᠂ ᠴᠢᠬᠢ ᠪᠤᠶᠢᠵᠢᠭᠤᠯᠬᠤ ᠵᠣᠬᠢᠶᠠᠨ ᠪᠠᠶᠢᠭᠤᠯᠤᠯᠲᠠ᠂ ᠦᠷ᠎ᠡ ᠲᠡᠭᠦᠬᠦ ᠰᠠᠭᠤᠷᠢᠨ ᠭᠠᠵᠠᠷ ᠵᠡᠷᠭᠡ ᠶᠢ ᠵᠣᠬᠢᠶᠠᠨ ᠪᠠᠶᠢᠭᠤᠯᠤᠨ ᠴᠢᠬᠢ ᠮᠣᠳᠣᠨ ᠤ ᠦᠷ᠎ᠡ ᠬᠤᠷᠢᠶᠠᠨ ᠬᠠᠳᠠᠭᠠᠯᠠᠬᠤ᠂ ᠵᠠᠬᠢᠶᠠᠯᠠᠬᠤ ᠵᠡᠷᠭᠡ ᠠᠵᠢᠯ ᠢ ᠥᠷᠨᠢᠭᠦᠯᠵᠦ᠂ ᠵᠢᠱᠢᠯᠲᠡ ᠪᠠᠷ ᠲᠣᠰ ᠭᠠᠵᠠᠷ ᠤᠨ ᠴᠢᠬᠢ ᠮᠣᠳᠣ᠂ ᠡᠪᠡᠰᠦᠨ ᠦᠷ᠎ᠡ ᠶᠢᠨ ᠬᠠᠩᠭᠠᠯᠭ᠎ᠠ ᠶᠢᠨ ᠨᠣᠷᠮ᠎ᠠ ᠲᠣᠰ ᠲᠣᠰ 75% ᠪᠠ 85%᠎ ᠳᠤ ᠬᠦᠷᠦᠨ᠎ᠠ᠃ ᠡᠭᠦᠨ ᠤ ᠬᠠᠮᠲᠤ᠂ ᠮᠠᠨ ᠤ ᠠᠶᠢᠮᠠᠭ ᠤᠨ ᠬᠤᠯᠪᠤᠬᠳᠠᠯ ᠪᠦᠬᠦᠢ ᠰᠠᠯᠠᠭ᠎ᠠ ᠮᠥᠴᠢᠷ ᠠᠴᠠ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠲᠣᠮᠢᠯᠠᠨ ᠡᠯ᠎ᠡ ᠭᠠᠵᠠᠷ ᠲᠤ ᠭᠦᠨᠵᠡᠭᠡᠶᠢᠷᠡᠭᠦᠯᠵᠦ᠂ ᠭᠤᠣᠯ ᠴᠣᠭᠴᠠ ᠶᠢ ᠨᠤᠲᠠᠯᠠᠬᠤ᠂ ᠦᠷ᠎ᠡ ᠴᠢᠬᠢ ᠮᠣᠳᠣ ᠶᠢ ᠵᠠᠬᠢᠶᠠᠯᠠᠨ ᠨᠥᠭᠡᠴᠡᠯᠡᠬᠦ ᠵᠡᠷᠭᠡ ᠲᠦᠷᠦᠭᠦᠴᠢ ᠶᠢᠨ ᠬᠤᠭᠤᠴᠠᠭᠠᠨ ᠤ ᠠᠵᠢᠯ ᠢ ᠵᠢᠯᠤᠭᠤᠳᠴᠦ᠂ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠠᠩᠭᠢ ᠶᠢᠨ ᠬᠢᠨ ᠮᠡᠷᠭᠡᠵᠢᠯ ᠤᠨ ᠵᠢᠯᠣᠭᠤᠳᠤᠯᠭ᠎ᠠ ᠪᠣᠯᠪᠠᠰᠤᠷᠠᠯ᠂ ᠦᠷ᠎ᠡ ᠴᠢᠬᠢ ᠶᠢᠨ ᠡᠳ᠋ ᠪᠣᠳᠠᠰ ᠢ ᠵᠣᠬᠢᠴᠠᠭᠤᠯᠬᠤ ᠵᠡᠷᠭᠡ ᠠᠵᠢᠯ ᠢ ᠥᠷᠨᠢᠭᠦᠯᠵᠦ᠂ ᠦᠷ᠎ᠡ ᠴᠢᠬᠢ᠂ ᠭᠠᠵᠠᠷ ᠲᠡᠭᠰᠢᠯᠡᠬᠦ᠂ ᠵᠠᠶᠢᠯᠠᠬᠤ᠂ ᠠᠷᠠᠴᠢᠯᠠᠨ ᠪᠤᠶᠢᠵᠢᠭᠤᠯᠬᠤ ᠵᠡᠷᠭᠡ ᠵᠠᠩᠭᠢᠯᠠᠭ᠎ᠠ ᠶᠢᠨ ᠲᠠᠯ᠎ᠠ ᠶᠢᠨ ᠵᠢᠯᠣᠭᠤᠳᠤᠯᠭ᠎ᠠ ᠪᠣᠭᠤᠮᠲᠠ ᠶᠢ ᠰᠠᠶᠢᠲᠤᠷ ᠠᠳᠬᠤᠵᠤ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠤᠨ ᠶᠠᠰᠤ ᠴᠢᠨᠠᠷ ᠢ ᠦᠨᠡᠨ ᠬᠦ ᠪᠠᠲᠤᠯᠠᠵᠦ ᠪᠠᠶᠢᠨ᠎ᠠ᠃      ᠡᠭᠦᠨ ᠠᠴᠠ ᠭᠠᠳᠠᠨ᠎ᠠ᠂ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢ ᠨᠢᠭᠡ ᠴᠣᠭᠴᠠᠵᠢᠭᠤᠯᠬᠤ ᠢᠢ ᠠᠬᠢᠭᠤᠯᠬᠤ ᠲᠠᠯ᠎ᠠ ᠪᠠᠷ᠂ ᠡᠨᠡ ᠵᠢᠯ ᠮᠠᠨ ᠤ ᠠᠶᠢᠮᠠᠭ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠰᠢᠨ᠎ᠡ ᠡᠨᠧᠷᠭᠢ ᠶᠢᠨ ᠢᠨᠵᠧᠨᠧᠷᠢᠩ ᠢ 270 ᠲᠦᠮᠡᠨ ᠺᠢᠯᠣᠸᠠᠲ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ᠂ 8 ᠬᠤᠰᠢᠭᠤ ᠰᠢᠶᠠᠨ ᠬᠤᠲᠠ ︵ᠤᠷᠤᠨ︶᠎ ᠳᠤ ᠪᠠᠶᠢᠷᠢᠰᠢᠭᠤᠯᠵᠠᠢ᠃ ᠣᠳᠣᠬᠠᠨ ᠳᠤ᠂ 43.6 ᠲᠦᠮᠡᠨ ᠮᠦ ᠶᠢᠨ ᠡᠯᠡᠰᠦᠷᠬᠡᠭ ᠭᠠᠵᠠᠷ ᠢ ᠵᠠᠰᠠᠬᠤ ᠣᠷᠣᠨ ᠪᠦᠰᠡ ᠳᠤ ᠨᠢᠭᠡᠨᠲᠡ ᠡᠭᠦᠷᠭᠡ ᠶᠢ ᠨᠠᠷᠢᠯᠢᠬᠵᠢᠭᠤᠯᠬᠤ ᠪᠠ ᠭᠠᠵᠠᠷ ᠢ ᠨᠠᠶᠢᠳᠠᠪᠤᠷᠢᠵᠢᠭᠤᠯᠬᠤ ᠠᠵᠢᠯ ᠢ ᠪᠡᠶᠡᠯᠡᠭᠦᠯᠵᠦ᠂ ᠰᠢᠨ᠎ᠡ ᠡᠨᠧᠷᠭᠢ ᠶᠢᠨ ᠢᠨᠵᠧᠨᠧᠷᠢᠩ ᠢ ᠬᠦᠷᠢᠶᠡᠯᠡᠨ ᠪᠢᠲᠡᠭᠦᠮᠵᠢᠯᠡᠭᠰᠡᠨ᠂ ᠪᠡᠯᠴᠢᠭᠡᠷᠯᠡᠭᠦᠯᠬᠦ ᠶᠢ ᠵᠤᠬᠰᠤᠭᠠᠠ ᠬᠠᠮᠢᠶᠠᠷᠴᠤ ᠬᠠᠮᠠᠭᠠᠯᠠᠬᠤ ᠪᠠᠷ ᠭᠤᠣᠯ ᠪᠣᠯᠭᠠᠵᠦ᠂ ᠨᠥᠬᠦᠵᠦ ᠲᠠᠷᠢᠨ ᠪᠣᠷᠳᠣᠭᠤᠷ ᠣᠷᠣᠭᠤᠯᠬᠤ ᠪᠠᠷ ᠬᠠᠪᠰᠤᠷᠤᠮᠵᠢ ᠪᠣᠯᠭᠠᠭᠰᠠᠨ ᠵᠠᠰᠠᠯᠲᠠ ᠶᠢᠨ ᠠᠷᠭ᠎ᠠ ᠬᠡᠮᠵᠢᠶ᠎ᠡ ᠡᠪᠤᠬᠰᠠᠨ ᠡᠯᠡᠰᠦᠷᠭᠡᠭᠵᠢᠯ ᠤᠨ ᠣᠷᠣᠨ ᠪᠦᠰᠡ ᠳᠤ ᠪᠠᠶᠢᠷᠢᠰᠢᠭᠤᠯᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号