ᠪᠥᠬᠦ ᠠᠶᠢᠮᠠᠭ ᠤᠨ 10 ᠲᠦᠮᠡ ᠭᠠᠷᠤᠶ ᠮᠠᠯᠵᠢᠬᠤ ᠡᠷᠦᠭᠡ ᠰᠠᠨᠠᠭᠠᠴᠢᠯᠠᠭ᠎ᠠ ᠠᠴᠠ ᠪᠠᠨ ᠬᠠᠪᠤᠷ ᠤᠨ ᠤᠯᠠᠷᠢᠯ ᠳᠤ ᠪᠡᠯᠴᠢᠭᠡᠷ ᠰᠡᠷᠭᠦᠭᠡᠬᠦ ᠪᠤᠯᠪᠠ
ᠨᠡᠶᠢᠲᠡᠯᠡᠭᠰᠡᠨ ᠴᠠᠭ᠄
2024/4/11
     ᠤᠶᠢᠷ᠎ᠠ ᠳᠤ᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠪᠤᠯᠠᠭᠠᠨᠳᠤᠬᠤᠢ ᠰᠤᠮᠤᠨ ᠤ ᠭᠦᠨᠨᠠᠭᠤᠷ ᠭᠠᠴᠠᠭᠠᠨ ᠤ ᠮᠠᠯᠴᠢᠨ ᠲᠦᠭᠦᠷᠡᠩᠪᠢᠯᠢᠭ ᠬᠤᠨᠢᠨ ᠤ ᠲᠤᠯᠠᠭᠠᠨ ᠰᠠᠷᠠᠪᠴᠢ᠂ ᠦᠬᠡᠷ ᠤᠨ ᠬᠤᠷᠤᠭ᠎ᠠ᠂ ᠡᠪᠡᠰᠤ ᠬᠠᠳᠠᠭᠠᠯᠠᠬᠤ ᠫᠧᠩ ᠵᠡᠷᠭᠡ ᠲᠦᠬᠦᠭᠡᠷᠤᠮᠵᠢ ᠪᠠᠨ ᠵᠠᠰᠠᠨ ᠰᠡᠯᠪᠢᠵᠤ᠂ ᠪᠤᠷᠳᠤᠭ᠎ᠠ ᠪᠤᠯᠪᠠᠰᠤᠷᠠᠭᠤᠯᠬᠤ ᠮᠠᠰᠢᠨ ᠲᠤᠨᠤᠭ ᠢᠶᠠᠨ ᠲᠤᠬᠢᠷᠠᠭᠤᠯᠤᠨ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠳᠠᠭᠠᠨ ᠪᠡᠯᠡᠳᠬᠡᠯ ᠬᠢᠯ᠎ᠠ᠃      ᠲᠦᠭᠦᠷᠡᠩᠪᠢᠯᠢᠭ ᠤᠨ ᠬᠢ 4000 ᠮᠦ ᠨᠤᠳᠤᠭ ᠪᠡᠯᠴᠢᠭᠡᠷ ᠲᠠᠢ᠂ ᠬᠠᠪᠤᠷ ᠲᠠᠭᠠᠨ ᠪᠡᠯᠴᠢᠭᠡᠷ ᠢᠶᠠᠨ ᠰᠡᠷᠭᠦᠭᠡᠬᠦ ᠶᠢᠨ ᠳᠤᠰᠠᠳᠡ ᠮᠠᠯ ᠢᠶᠠᠨ ᠬᠠᠰᠢᠶᠠᠯᠠᠵᠦ ᠳᠡᠵᠢᠬᠡᠳᠡᠭ ᠪᠤᠯᠬᠤᠷ᠂ ᠲᠡᠷᠡ ᠨᠢᠳᠤᠨᠤᠨ ᠡᠪᠦᠯ ᠠᠴᠠ ᠨᠠᠭᠠᠰᠢ 150 ᠲᠤᠨ ᠲᠡᠵᠢᠭᠡᠯ ᠡᠪᠡᠰᠤ ᠨᠦᠬᠡᠴᠡᠯᠡᠵᠤ᠂ ᠲᠤᠨᠤᠭ ᠲᠦᠭᠦᠭᠡᠷᠦᠮᠵᠢ ᠪᠠᠨ ᠵᠠᠰᠠᠨ ᠰᠡᠯᠪᠢᠬᠦ ᠶᠢᠨ ᠬᠠᠮᠳᠤ ᠮᠠᠯ ᠤᠨ ᠭᠡᠮ ᠬᠢᠵᠢᠭ ᠢ ᠰᠡᠷᠭᠡᠶᠢᠯᠡᠬᠦ ᠠᠵᠢᠯ ᠢ ᠰᠠᠶᠢᠳᠤᠷ ᠬᠢᠭᠰᠡᠨ ᠪᠠᠶᠢᠨ᠎ᠠ᠃ ︽ᠨᠤᠳᠤᠭ ᠲᠠᠭᠠᠨ ᠪᠤᠴᠠᠭᠰᠠᠨ ᠠᠴᠠ ᠨᠠᠭᠠᠰᠢ᠂ ᠪᠢ ᠵᠢᠯ ᠪᠤᠯᠭᠠᠨ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠰᠡᠷᠭᠦᠭᠡᠬᠦ ᠠᠵᠢᠯ ᠢ ᠰᠠᠶᠢᠳᠤᠷ ᠬᠢᠬᠦ ᠶᠢ ᠪᠠᠷᠢᠮᠳᠠᠯᠠᠭᠰᠠᠭᠠᠷ ᠢᠷᠡᠪᠡ᠂ ᠪᠡᠯᠴᠢᠭᠡᠷ ᠰᠡᠷᠭᠦᠭᠡᠭᠦ ᠴᠤ ᠪᠤᠯᠤᠭ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠴᠤ ᠪᠤᠯᠤᠭ᠂ ᠪᠦᠷ ᠪᠡᠯᠴᠢᠭᠡᠷ ᠤᠨ ᠲᠠᠭᠠᠭᠠᠴᠠ ᠠᠴᠠ ᠬᠡᠳᠦᠷᠡᠳᠡᠯ᠎ᠡ ᠮᠠᠯᠵᠢᠬᠤ ᠠᠰᠠᠭᠤᠳᠠᠯ ᠢ ᠰᠶᠢᠳᠪᠦᠷᠢᠯᠡᠬᠦ ᠶᠢᠨ ᠲᠦᠯᠦᠭᠡ ᠶᠤᠮ᠃ ᠪᠢ ᠦᠷᠬᠦᠯᠵᠢᠯᠡᠨ ᠬᠡᠳᠦᠨ ᠵᠢᠯ ᠮᠠᠯᠵᠢᠬᠤ ᠦᠢᠯᠡᠳᠪᠦᠷᠢᠯᠡᠯ ᠤᠨ ᠲᠤᠨᠤᠭ ᠲᠦᠭᠦᠭᠡᠷᠦᠮᠵᠢ ᠶᠢᠨ ᠪᠡᠯᠡ ᠤᠷᠤᠭᠤᠯᠤᠯᠳᠠ ᠪᠠᠨ ᠨᠡᠮᠡᠭᠳᠡᠬᠦᠯᠵᠤ᠂ ᠮᠠᠯ ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠨ᠂ ᠬᠠᠭᠠᠰ ᠪᠡᠯᠴᠢᠭᠡᠷᠯᠡᠬᠦᠯᠬᠦ ᠬᠠᠭᠠᠰ ᠬᠠᠰᠢᠶᠠᠯᠠᠨ ᠲᠡᠵᠢᠬᠡᠬᠦ ᠬᠡᠯᠪᠡᠷᠢ ᠪᠠᠷ ᠪᠡᠯᠴᠢᠭᠡᠷ ᠰᠡᠷᠭᠦᠭᠡᠭᠦ ᠶᠢ ᠪᠠᠳᠤᠯᠠᠬᠰᠠᠭᠠᠷ ᠢᠷᠡᠵᠡᠢ︾ ᠭᠡᠵᠤ ᠲᠦᠭᠦᠷᠡᠩᠪᠢᠯᠢᠭ ᠪᠤᠳᠤᠯ ᠢᠶᠠᠨ ᠲᠡᠯᠭᠡᠨ᠎ᠡ᠃      ᠰᠢᠯᠤᠭᠤᠨ ᠬᠦᠪᠡᠭᠡᠳᠤ ᠴᠠᠭᠠᠨ ᠬᠤᠰᠢᠭᠤ ᠪᠦᠬᠦ ᠣᠷᠣᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠠᠰᠠᠭᠤᠳᠠᠯ ᠢ ᠰᠶᠢᠳᠪᠦᠷᠢᠯᠡᠬᠦ ᠲᠤᠷᠰᠢᠯᠲᠠ ᠶᠢᠨ ᠭᠠᠵᠠᠷ ᠣᠷᠣᠨ ᠳᠤ ᠵᠢᠭᠰᠠᠭᠠᠭᠳᠠᠵᠤ᠂ ᠪᠡᠯᠴᠢᠭᠡᠷ ᠰᠡᠷᠭᠦᠭᠡᠬᠦ ᠵᠢᠱᠢᠶᠡᠴᠢ ᠭᠠᠵᠠᠷ ᠤᠷᠤᠨ ᠪᠤᠯᠵᠤ᠂ ᠪᠦᠬᠦ ᠬᠤᠰᠢᠭᠤᠨ ᠤ 4 ᠰᠤᠮᠤ ᠪᠠᠯᠭᠠᠰᠤᠨ ᠤ 35 ᠭᠠᠴᠠᠭ᠎ᠠ ︵ᠲᠠᠯᠠᠪᠠᠢ︶᠎ ᠨᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠤᠷᠤᠨ ᠳᠤ ᠬᠤᠯᠪᠤᠭᠳᠠᠵᠤ᠂ ᠡᠯ᠎ᠡ ᠰᠤᠮᠤ ᠪᠠᠯᠭᠠᠰᠤ ᠨᠢ ᠡᠯ᠎ᠡ ᠭᠠᠴᠠᠭ᠎ᠠ ᠲᠠᠢ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠰᠡᠷᠭᠦᠭᠡᠬᠦ ᠬᠠᠷᠢᠭᠤᠴᠠᠯᠭ᠎ᠠ ᠶᠢᠨ ᠭᠡᠷ᠎ᠡ ᠲᠤᠭᠳᠠᠵᠤ᠂ ᠪᠡᠯᠴᠢᠭᠡᠷ ᠰᠡᠷᠭᠦᠭᠡᠬᠦ ᠠᠵᠢᠯ ᠢ ᠨᠢᠭᠡᠨᠲᠡ ᠪᠠᠶᠢᠡᠭᠭᠤᠵᠢᠭᠤᠯᠪᠠ᠃      ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠳᠠᠬᠢ ᠪᠡᠯᠴᠢᠬᠡᠷ ᠰᠡᠷᠬᠦᠬᠡᠬᠦ ᠠᠵᠢᠯ ᠢ ᠰᠠᠶᠢᠳᠤᠷ ᠬᠢᠬᠦ ᠨᠢ ᠶᠡᠷᠦᠩᠭᠡᠢ ᠱᠦᠵᠢ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠦᠢᠯᠡᠳᠦᠯᠬᠡᠵᠢᠬᠦᠯᠬᠦ ᠪᠤᠳᠠᠳᠤ ᠠᠵᠢᠯᠯᠠᠭ᠎ᠠ ᠪᠠᠶᠢᠵᠤ᠂ ᠮᠦᠨ ᠴᠤ ᠨᠤᠳᠤᠭ ᠪᠡᠯᠴᠢᠭᠡᠷ ᠢ ᠰᠡᠯᠬᠦᠨ ᠠᠮᠠᠷᠠᠭᠤᠯᠵᠤ᠂ ᠥᠨᠢᠳᠡ ᠦᠷᠭᠦᠯᠵᠢᠯᠡᠨ ᠠᠰᠢᠭᠯᠠᠬᠤ ᠶᠢ ᠪᠠᠳᠤᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠨᠡ ᠵᠢᠯ᠂ ᠮᠠᠨ ᠤ ᠠᠶᠢᠮᠠᠭ 45 ᠡᠳᠦᠷ ᠤᠨ ᠬᠤᠭᠤᠴᠠᠭ᠎ᠠ ᠲᠠᠢ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠦᠷᠬᠦᠯᠵᠢᠯᠡᠨ ᠥᠷᠨᠢᠭᠦᠯᠵᠦ᠂ ᠪᠥᠬᠦ ᠠᠶᠢᠮᠠᠭ ᠤᠨ 22235.68 ᠲᠦᠮᠡᠨ ᠮᠦ ᠨᠤᠳᠤᠭ ᠪᠡᠯᠴᠢᠬᠡᠷ ᠢ ᠰᠡᠷᠭᠦᠭᠡᠵᠤ᠂ ᠦᠬᠡᠷ ᠬᠤᠨᠢ ᠶᠢ ᠪᠡᠯᠴᠢᠭᠡᠷᠯᠡᠬᠦᠯᠬᠦ ᠶᠢ ᠵᠤᠭᠰᠤᠭᠠᠵᠤ ︵ᠮᠤᠷᠢ᠂ ᠲᠡᠮᠡᠭᠡ ᠪᠠᠭᠳᠠᠬᠤ ᠦᠭᠡᠢ︶᠂ ᠮᠦ ᠪᠦᠷᠢ ᠳᠤ 1.125 ᠲᠦᠭᠦᠷᠢᠭ ᠤᠨ ᠨᠦᠬᠦᠪᠦᠷᠢ ᠦᠭᠴᠤ᠂ ᠨᠡᠶᠢᠳᠡ 10.1 ᠲᠦᠮᠡᠨ ᠮᠠᠯᠵᠢᠬᠤ ᠡᠷᠦᠬᠡ ᠳᠤ ᠬᠤᠯᠪᠤᠭᠳᠠᠭᠰᠠᠨ ᠪᠠᠶᠢᠨ᠎ᠠ᠃      ︽ᠰᠢᠯᠢ ᠶᠢᠨ ᠭᠤᠤᠯ ᠠᠶᠢᠮᠠᠭ ᠤᠨ 2023 — 2025 ᠤᠨ ᠤ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠰᠡᠷᠭᠦᠭᠡᠬᠦ ᠠᠵᠢᠯ ᠤᠨ ᠬᠡᠷᠡᠭᠵᠢᠬᠦᠯᠬᠦ ᠲᠦᠰᠦᠪ︾ ᠤᠨ ᠲᠤᠬᠢᠷᠠᠭᠤᠯᠤᠯᠳᠠ ᠪᠠᠷ᠂ 2024 ᠤᠨ ᠳᠤ ᠰᠦᠨᠢᠳ ᠵᠡᠬᠦᠨ ᠬᠤᠰᠢᠭᠤ᠂ ᠰᠦᠨᠢᠳ ᠪᠠᠷᠠᠭᠤᠨ ᠬᠤᠰᠢᠭᠤ᠂ ᠬᠦᠪᠡᠭᠡᠳᠤ ᠰᠢᠷ᠎ᠠ ᠬᠤᠰᠢᠭᠤ᠂ ᠰᠢᠯᠤᠭᠤᠨ ᠬᠦᠪᠡᠭᠡᠳᠤ ᠴᠠᠭᠠᠨ ᠬᠤᠰᠢᠭᠤ᠂ ᠲᠠᠶᠢᠹᠤᠰᠧ ᠬᠤᠰᠢᠭᠤ 4 ᠰᠠᠷ᠎ᠠ ᠶᠢᠨ 1᠎ ᠤ ᠡᠳᠦᠷ ᠠᠴᠠ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠭᠦ ᠠᠵᠢᠯ ᠢᠶᠠᠨ ᠡᠬᠢᠯᠡᠬᠦᠯᠵᠤ᠂ ᠰᠢᠯᠢ ᠶᠢᠨ ᠬᠤᠳᠠ᠂ ᠠᠪᠠᠭ᠎ᠠ ᠬᠤᠰᠢᠭᠤ᠂ ᠵᠡᠬᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ ᠪᠤᠯᠤᠨ ᠤᠯᠠᠭᠠᠢ ᠬᠠᠮᠢᠶᠠᠷᠤᠯᠳᠠ ᠶᠢᠨ ᠤᠷᠤᠨ 4 ᠰᠠᠷ᠎ᠠ ᠶᠢᠨ 5᠎ ᠤ ᠡᠳᠦᠷ ᠠᠴᠠ ᠪᠡᠯᠴᠢᠭᠡᠷ ᠰᠡᠷᠭᠦᠭᠡᠭᠦ ᠠᠵᠢᠯ ᠢ ᠡᠬᠢᠯᠡᠬᠦᠯᠵᠤ᠂ ᠰᠢᠯᠤᠭᠤᠨ ᠬᠦᠬᠡ ᠬᠤᠰᠢᠭᠤ᠂ ᠲᠠᠶᠢᠹᠤᠰᠧ ᠬᠤᠰᠢᠭᠤᠨ ᠤ ᠲᠠᠷᠢᠶᠠᠯᠠᠬᠤ ᠤᠷᠤᠨ ᠨᠢ 4 ᠰᠠᠷ᠎ᠠ ᠶᠢᠨ 10᠎ ᠤ ᠡᠳᠦᠷ ᠠᠴᠠ ᠪᠡᠯᠴᠢᠭᠡᠷ ᠰᠡᠷᠭᠦᠭᠡᠭᠦ ᠪᠤᠯᠤᠨ᠎ᠠ᠃ 3 ᠰᠠᠷ᠎ᠠ ᠶᠢᠨ ᠲᠤᠮᠳᠠᠴᠢ ᠠᠴᠠ᠂ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠳᠠ ︵ᠤᠷᠦᠨ︶ ᠲᠤᠰ ᠭᠠᠵᠠᠷ ᠤᠷᠤᠨ ᠤ 2024 ᠤᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠠᠯᠪᠠᠨ ᠵᠠᠷᠯᠠᠯ ᠢ ᠨᠡᠶᠢᠳᠡᠯᠡᠵᠤ᠂ ᠪᠡᠯᠴᠢᠭᠡᠷ ᠰᠡᠷᠭᠦᠭᠡᠭᠦ ᠬᠦᠷᠢᠶ᠎ᠡ ᠬᠡᠪᠴᠢᠶ᠎ᠡ᠂ ᠡᠭᠦᠷᠭᠡ ᠶᠢᠨ ᠬᠤᠪᠢᠶᠠᠷᠢᠯᠠᠯ᠂ ᠨᠦᠬᠦᠪᠦᠷᠢ ᠲᠠᠷᠬᠠᠭᠠᠬᠤ᠂ ᠬᠢᠨᠠᠯᠳᠠ ᠬᠠᠮᠢᠶᠠᠷᠤᠯᠳᠠ ᠶᠢᠨ ᠠᠷᠭ᠎ᠠ ᠵᠡᠷᠭᠡ ᠶᠢ ᠲᠤᠳᠤᠷᠬᠠᠶᠢᠯᠠᠬᠤ ᠶᠢᠨ ᠬᠠᠮᠳᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠤᠳᠤᠷᠢᠳᠤᠮᠵᠢ ᠪᠠᠨ ᠴᠢᠩᠭᠠᠳᠬᠠᠵᠤ᠂ ᠬᠠᠤᠯᠢ ᠬᠡᠷᠡᠭᠵᠢᠬᠦᠯᠬᠦ ᠬᠢᠨᠠᠯᠳᠠ ᠲᠠᠯᠪᠢᠯᠳᠠ ᠪᠠᠨ ᠴᠢᠩᠭᠠᠷᠠᠭᠤᠯᠦᠨ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠭᠦ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠵᠠᠢ᠃      ᠮᠠᠨ ᠤ ᠠᠶᠢᠮᠠᠭ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠰᠡᠷᠭᠦᠭᠡᠬᠦ ᠬᠦᠷᠢᠶ᠎ᠡ ᠬᠡᠪᠴᠢᠶ᠎ᠡ᠂ ᠴᠠᠭ ᠬᠤᠭᠤᠴᠠᠭ᠎ᠠ᠂ ᠨᠥᠬᠦᠪᠥᠷᠢ ᠥᠭᠬᠦ ᠠᠷᠭ᠎ᠠ ᠪᠣᠯᠤᠨ ᠠᠵᠢᠯ ᠤᠨ ᠱᠠᠭᠠᠷᠳᠠᠯᠭ᠎ᠠ ᠶᠢ ᠭᠠᠴᠠᠭ᠎ᠠ ᠨᠢᠭᠡᠪᠦᠷᠢ᠂ ᠮᠠᠯᠵᠢᠬᠤ ᠡᠷᠦᠬᠡ ᠨᠢᠭᠡᠪᠦᠷᠢ ᠳᠤ ᠨᠠᠶᠢᠳᠠᠪᠤᠷᠢᠵᠢᠭᠤᠯᠬᠤ ᠶᠢᠨ ᠬᠠᠮᠳᠤ ᠣᠶᠢᠷ᠎ᠠ ᠶᠢᠨ ᠬᠤᠭᠤᠴᠠᠭᠠᠨ ᠳᠤ ᠠᠶᠢᠮᠠᠭ ᠤᠨ ᠱᠠᠲᠤᠨ ᠤ ᠬᠠᠮᠢᠶ᠎ᠠ ᠪᠦᠬᠦᠢ ᠬᠤᠷᠠᠯ ᠬᠤᠷᠠᠯᠳᠤᠭᠤᠯᠵᠤ᠂ ᠲᠡᠵᠢᠭᠡᠯ ᠡᠪᠡᠰᠦ ᠪᠣᠷᠳᠣᠭᠠᠨ ᠤ ᠦᠨ᠎ᠡ ᠬᠠᠨᠭ᠍ᠰᠢ ᠶᠢ ᠲᠣᠭᠲᠠᠭᠤᠨ ᠪᠠᠶᠢᠯᠭᠠᠵᠦ ᠦᠨ᠎ᠡ ᠬᠠᠩᠰᠢ ᠶᠢ ᠪᠠᠭᠤᠷᠠᠭᠤᠯᠬᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠰᠤᠳᠤᠯᠤᠨ ᠰᠶᠢᠳᠪᠦᠷᠢᠯᠡᠵᠠᠢ᠃ ᠪᠡᠯᠴᠢᠭᠡᠷ ᠤᠨ ᠲᠠᠭᠠᠭᠠᠴᠠ ᠠᠴᠠ ᠬᠡᠳᠦᠷᠡᠳᠡᠯ᠎ᠡ ᠮᠠᠯᠵᠢᠵᠤ ᠪᠠᠶᠢᠭ᠎ᠠ ᠠᠰᠠᠭᠤᠳᠠᠯ ᠤᠨ ᠲᠤᠬᠠᠢ᠂ ᠰᠢᠯᠤᠭᠤᠨ ᠬᠦᠪᠡᠭᠡᠳᠤ ᠴᠠᠭᠠᠨ ᠬᠤᠰᠢᠭᠤ ᠪᠠᠷ ᠵᠢᠱᠢᠶᠡᠯᠡᠨ᠂ ᠮᠠᠯᠵᠢᠬᠤ ᠤᠷᠤᠨ ᠤ ᠰᠠᠭᠤᠷᠢ ᠪᠦᠳᠦᠭᠡᠨ ᠪᠠᠶᠢᠭᠤᠯᠤᠯᠳᠠ᠂ ᠮᠠᠯ ᠠᠵᠤ ᠠᠬᠤᠢ ᠶᠢᠨ ᠠᠵᠤ ᠦᠢᠯᠡᠰᠵᠢᠯᠲᠡ᠂ ᠮᠠᠯ ᠤᠨ ᠭᠡᠮ ᠬᠢᠵᠢᠭ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠠᠷᠭ᠎ᠠ ᠬᠡᠮᠵᠢᠶ᠎ᠡ ᠲᠤᠭᠳᠠᠭᠠᠨ ᠲᠡᠭᠦᠯᠳᠡᠷᠵᠢᠬᠦᠯᠵᠤ᠂ ᠬᠥᠮᠦᠨ᠂ ᠮᠠᠯ ᠪᠠ ᠡᠪᠡᠰᠦᠨ ᠤ ᠬᠤᠭᠤᠷᠣᠨᠳᠣᠬᠢ ᠵᠥᠷᠢᠴᠡᠯ ᠢ ᠴᠢᠷᠮᠠᠶᠢᠨ ᠰᠶᠢᠳᠪᠦᠷᠢᠯᠡᠵᠦ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号