ᠰᠢᠯᠤᠭᠤᠨ ᠬᠥᠭᠡ ᠬᠤᠰᠢᠭᠤᠨ ᠤ ᠶᠡᠷᠥᠩᠭᠡᠢ ᠡᠮᠨᠡᠯᠭᠡ ᠶᠢᠨ ᠬᠤᠷᠢᠶ᠎ᠠ ᠥᠢᠯᠡᠴᠢᠯᠡᠭᠡᠨ ᠤ  ᠰᠢᠨ᠎ᠠ ᠶᠢ ᠡᠬᠦᠳᠴᠥ ᠡᠪᠡᠳᠴᠢᠲᠠᠨ ᠳᠤ ᠨᠡᠩ ᠲᠥᠭᠦᠮ ᠥᠵᠡᠬᠦᠯᠵᠥ ᠪᠤᠢ
ᠨᠡᠶᠢᠲᠡᠯᠡᠭᠰᠡᠨ ᠴᠠᠭ᠄
2024/4/11
     ᠠᠷᠠᠳ ᠤᠯᠠᠨ ᠤ ᠡᠪᠡᠳᠴᠢᠨ ᠥᠵᠡᠬᠦᠯᠬᠦ ᠳᠤ ᠲᠥᠭᠦᠮ ᠥᠵᠡᠬᠦᠯᠬᠦ ᠶᠢᠨ ᠲᠥᠯᠥᠭᠡ ᠰᠢᠯᠤᠭᠤᠨ ᠬᠥᠭᠡ ᠬᠤᠰᠢᠭᠤᠨ ᠤ ᠶᠡᠷᠥᠩᠭᠡᠢ ᠡᠮᠨᠡᠯᠭᠡ ᠶᠢᠨ ᠬᠤᠷᠢᠶ᠎ᠠ ᠨᠢ ᠠᠷᠠᠳ ᠤᠯᠠᠨ ᠤ ᠬᠥᠴᠢᠷ ᠲᠥᠪᠡᠭᠲᠠᠢ ᠠᠰᠠᠭᠤᠲᠠᠯ ᠳᠤ ᠠᠩᠬᠠᠷᠤᠯ ᠢᠶᠠᠨ ᠲᠥᠪᠯᠡᠷᠡᠬᠦᠯᠤᠨ ᠲᠤᠲᠠᠭᠤᠲᠠᠯ ᠢᠶᠠᠨ ᠨᠥᠬᠦᠪᠤᠷᠢᠯᠡᠵᠥ᠂ ᠥᠢᠯᠡᠴᠢᠯᠡᠭᠡ ᠪᠠᠨ ᠰᠢᠯᠢᠲᠡᠭᠵᠢᠬᠦᠯᠵᠥ᠂ ᠡᠨᠡ ᠵᠢᠯ ᠤᠨ 1 ᠰᠠᠷ᠎ᠠ ᠶᠢᠨ 15᠎ ᠤ ᠡᠲᠥᠷ ᠠᠴᠠ ᠡᠬᠢᠯᠡᠨ ᠨᠢᠭᠡᠲᠥᠭᠡᠷ ᠲᠠᠪᠬᠤᠷᠯᠢᠭ ᠤᠨ ᠶᠡᠭᠡ ᠲᠢᠩᠭᠢᠮ ᠳᠤ ︽ᠠᠷᠠᠳ ᠲᠤ ᠲᠥᠭᠦᠮ ᠥᠵᠡᠬᠦᠯᠬᠦ ᠡᠬᠦᠲᠡᠨ ᠡᠮᠨᠡᠯᠭᠡ︾᠎ ᠶᠢᠨ ᠴᠤᠩᠬᠤᠪᠴᠢ ᠨᠡᠭᠡᠭᠡᠵᠥ᠂ ᠡᠪᠡᠳᠴᠢᠨ ᠥᠵᠡᠬᠦᠯᠬᠦ ᠳᠤ ᠤᠲᠠᠭᠠᠨ ᠪᠠᠶᠢᠭ᠎ᠠ ᠶᠠᠪᠤᠲᠠᠯ ᠢ ᠪᠥᠲᠥᠮᠵᠢᠲᠡᠢ ᠰᠶᠢᠳᠪᠤᠷᠢᠯᠡᠵᠥ ᠪᠠᠶᠢᠨ᠎ᠠ᠃      ︽ᠠᠷᠠᠳ ᠲᠤ ᠲᠥᠭᠦᠮ ᠥᠵᠡᠬᠦᠯᠬᠦ ᠡᠬᠦᠲᠡᠨ ᠡᠮᠨᠡᠯᠭᠡ︾᠎ ᠶᠢ ᠭᠠᠷᠠᠭ ᠪᠥᠷᠢ ᠶᠢᠨ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠥᠲᠡ ᠶᠢᠨ ᠡᠮᠥᠨᠡᠬᠢ 8᠄ 30 — 11᠄ 30 ᠪᠤᠯᠲᠠᠯ᠎ᠠ ᠨᠡᠭᠡᠭᠡᠵᠥ᠂ ᠡᠪᠡᠳᠴᠢᠲᠠᠨ ᠳᠤ ᠪᠠᠶᠢᠴᠠᠭᠠᠯᠲᠠ ᠬᠢᠬᠦ᠂ ᠡᠮ ᠠᠪᠬᠤ ᠵᠡᠷᠭᠡ ᠭᠤᠭᠴᠤᠭ᠎ᠠ ᠶᠢ ᠰᠢᠯᠢᠲᠡᠭᠵᠢᠬᠦᠯᠵᠥ᠂ ᠲᠤᠰ ᠴᠤᠩᠬᠤᠪᠴᠢ ᠳᠤ ᠲᠤᠬᠠᠶᠢᠯᠠᠭᠰᠠᠨ ᠠᠵᠢᠯ ᠬᠥᠢᠴᠡᠳᠭᠡᠬᠦ ᠳᠤ ᠳ᠋ᠤᠭᠠᠷᠯᠠᠬᠤ ᠰᠥᠢᠳᠭᠡᠯ ᠬᠤᠷᠢᠶᠠᠬᠤ ᠥᠭᠡᠢ᠂ ᠡᠪᠡᠳᠴᠢᠲᠠᠨ ᠪᠤᠲᠠᠲᠠᠢ ᠬᠡᠷᠡᠭᠴᠡᠭᠡ ᠪᠠᠨ ᠥᠨᠲᠤᠰᠤᠯᠡᠨ ᠴᠤᠩᠬᠤᠪᠴᠢ ᠳᠤ ᠡᠮ ᠠᠪᠬᠤ᠂ ᠰᠢᠯᠭᠠᠨ ᠪᠠᠶᠢᠴᠠᠭᠠᠬᠤ ᠵᠡᠷᠭᠡ ᠲᠥᠷᠥᠯ ᠵᠥᠢᠯ ᠢ ᠰᠢᠭᠤᠳ ᠬᠥᠢᠴᠡᠳᠭᠡᠵᠥ ᠪᠤᠯᠤᠨ᠎ᠠ᠃ ᠤᠨᠴᠠᠭᠠᠶᠢᠯᠠᠨ ᠵᠠᠷᠢᠮ ᠤᠷᠲᠤ ᠬᠤᠭᠤᠴᠠᠭ᠎ᠠ ᠪᠠᠷ ᠡᠮ ᠤᠤᠭᠤᠬᠤ ᠴᠢᠬᠤᠯᠠᠲᠠᠢ ᠤᠲᠠᠭᠠᠨ ᠴᠢᠨᠠᠷᠲᠠᠢ ᠡᠪᠡᠳᠴᠢᠲᠠᠨ ᠳᠤ ᠲᠥᠭᠦᠮ ᠥᠵᠡᠬᠦᠯᠵᠥ᠂ ᠡᠪᠡᠳᠴᠢᠨ ᠥᠵᠡᠬᠦᠯᠬᠦ ᠥᠶ᠎ᠠ ᠳᠤ ᠳ᠋ᠤᠭᠠᠷᠯᠠᠬᠤ᠂ ᠨᠢᠭᠤᠷᠲᠠᠨ ᠡᠮᠨᠡᠬᠦᠯᠬᠦ ᠶᠠᠪᠤᠴᠠ ᠶᠢ ᠲᠥᠭᠦᠮᠴᠢᠯᠡᠨ᠂ ᠡᠮᠨᠡᠯᠭᠡ ᠶᠢᠨ ᠬᠤᠷᠢᠶᠠᠠ ᠤ ᠶᠡᠭᠡ ᠲᠢᠩᠭᠢᠮ ᠳᠤ ᠲᠠᠷᠤᠢ ᠰᠥᠢᠳᠭᠡᠯ ᠲᠤᠰᠢᠶᠠᠬᠤ᠂ ᠡᠮ ᠠᠪᠬᠤ ᠶᠢ ᠬᠥᠢᠴᠡᠳᠭᠡᠵᠥ ᠪᠤᠢ᠃ ᠲᠤᠰ ᠬᠤᠰᠢᠭᠤᠨ ᠤ ᠰᠠᠭᠤᠭᠠᠯᠢ ᠠᠷᠠᠳ ᠶᠤᠸᠠᠨ ᠰᠢᠤᠢ᠄ ︽ᠡᠨᠡᠬᠦ ᠠᠷᠠᠳ ᠲᠤ ᠲᠥᠬᠦᠮ ᠥᠵᠡᠬᠦᠯᠬᠦ ᠡᠬᠦᠲᠡᠨ ᠡᠮᠨᠡᠯᠭᠡ ᠨᠡᠪᠲᠡᠷᠡᠭᠰᠡᠨ ᠤ ᠲᠠᠷᠠᠭ᠎ᠠ᠂ ᠡᠪᠡᠳᠴᠢᠨ ᠥᠵᠡᠬᠦᠯᠬᠦ ᠳᠤ ᠮᠠᠰᠢ ᠲᠥᠭᠦᠮ ᠪᠤᠯᠵᠠᠢ᠃ ᠤᠲᠤ ᠰᠢᠭᠤᠳ ᠤᠴᠢᠵᠥ ᠪᠠᠶᠢᠴᠠᠭᠠᠬᠤ ᠬᠡᠵᠥ ᠪᠠᠶᠢᠭ᠎ᠠ ᠤᠴᠢᠷ ᠶᠠᠪᠤᠲᠠᠯ ᠢᠶᠠᠨ ᠴᠤᠩᠬᠤᠪᠴᠢ ᠡᠮᠨᠡᠯᠭᠡ ᠶᠢᠨ ᠠᠵᠢᠯᠲᠠᠨ ᠳᠤ ᠬᠡᠯᠡᠪᠡᠯ᠂ ᠲᠡᠲᠡ ᠰᠢᠭᠤᠳ ᠬᠠᠭᠤᠲᠠᠰᠤ ᠪᠢᠴᠢᠨ ᠪᠠᠶᠢᠴᠠᠭᠠᠯᠲᠠ ᠬᠢᠵᠥ ᠥᠭᠭᠦᠨ᠎ᠠ︾ ᠭᠡᠯ᠎ᠠ᠃      ᠤᠶᠢᠯᠠᠭᠠᠭᠰᠠᠨ ᠢᠶᠠᠷ᠂ ︽ᠠᠷᠠᠳ ᠲᠤ ᠲᠥᠭᠦᠮ ᠥᠵᠡᠬᠦᠯᠬᠦ ᠡᠬᠦᠲᠡᠨ ᠡᠮᠨᠡᠯᠭᠡ︾᠎ ᠶᠢᠨ ᠴᠤᠩᠬᠤᠪᠴᠢ ᠨᠡᠭᠡᠭᠡᠭᠰᠡᠨ ᠠᠴᠠ ᠨᠠᠭᠠᠰᠢ᠂ ᠨᠢᠭᠡᠨᠲᠡ 1000 ᠭᠠᠷᠤᠢ ᠡᠪᠡᠳᠴᠢᠲᠠᠨ ᠲᠤᠰ ᠥᠢᠯᠡᠴᠢᠯᠡᠭᠡ ᠪᠠᠷ ᠲᠠᠮᠵᠢᠨ ᠡᠮ ᠠᠪᠴᠥ᠂ ᠪᠠᠶᠢᠴᠠᠭᠠᠯᠲᠠ ᠬᠢᠯᠭᠡᠪᠡ᠃ ︽ᠠᠷᠠᠳ ᠲᠤ ᠲᠥᠭᠦᠮ ᠥᠵᠡᠬᠦᠯᠬᠦ ᠡᠬᠦᠲᠡᠨ ᠡᠮᠨᠡᠯᠭᠡ︾᠎ ᠨᠢ ᠡᠮᠴᠢ ᠨᠠᠷ ᠤᠨ ᠤᠨᠤᠰᠢᠯᠠᠨ ᠡᠮᠨᠡᠬᠦ ᠲᠠᠷᠤᠯᠲᠠ ᠶᠢ ᠰᠶᠢᠳᠪᠤᠷᠢᠯᠡᠭᠰᠡᠨ ᠢᠶᠠᠷ ᠪᠠᠷᠠᠬᠤ ᠥᠭᠡᠢ ᠪᠠᠰᠠ ᠤᠯᠠᠨ ᠲᠥᠮᠡᠨ ᠤ ᠡᠪᠡᠳᠴᠢᠨ ᠥᠵᠡᠬᠦᠯᠵᠥ ᠡᠮ ᠠᠪᠬᠤ ᠳᠤ ᠨᠡᠩ ᠲᠥᠭᠦᠮ ᠪᠤᠯᠭᠠᠵᠠᠢ᠃ ᠲᠤᠰ ᠬᠤᠰᠢᠭᠤᠨ ᠤ ᠶᠡᠷᠥᠩᠭᠡᠢ ᠡᠮᠨᠡᠯᠭᠡ ᠶᠢᠨ ᠬᠤᠷᠢᠶᠠᠨ ᠤ ᠱᠥᠵᠢ ᠾᠸᠥ ᠶᠠᠨ ᠰᠢᠶᠠ᠄ ︽ᠠᠷᠠᠳ ᠲᠤ ᠲᠥᠭᠦᠮ ᠥᠵᠡᠬᠦᠯᠬᠦ ᠡᠬᠦᠲᠡᠨ ᠡᠮᠨᠡᠯᠭᠡ ᠶᠢᠨ ᠴᠤᠩᠬᠤᠪᠴᠢ ᠳᠤ ᠳ᠋ᠤᠭᠠᠷᠯᠠᠬᠤ ᠬᠡᠷᠡᠭ ᠥᠭᠡᠢ᠂ ᠬᠡᠷᠡᠭᠴᠡᠭᠡ ᠪᠠᠨ ᠥᠨᠲᠤᠰᠤᠯᠡᠨ ᠰᠢᠭᠤᠳ ᠪᠠᠶᠢᠴᠠᠭᠠᠯᠲᠠ ᠬᠢᠬᠦ᠂ ᠰᠢᠨᠵᠢᠯᠡᠨ ᠰᠢᠯᠭᠠᠬᠤ᠂ ᠤᠲᠠᠭᠠᠨ ᠴᠢᠨᠠᠷᠲᠠᠢ ᠡᠪᠡᠳᠴᠢᠨ ᠤ ᠡᠮ ᠤᠨ ᠵᠥᠢᠯ ᠠᠪᠴᠥ ᠪᠤᠯᠤᠨ᠎ᠠ᠃ ᠲᠠᠷᠠᠭᠠᠴᠢ ᠪᠠᠷ ᠡᠮᠴᠢᠯᠡᠭᠡᠨ ᠤ ᠥᠢᠯᠡᠴᠢᠯᠡᠭᠡ ᠶᠢ ᠲᠠᠰᠤᠷᠠᠯᠲᠠ ᠥᠭᠡᠢ ᠰᠠᠶᠢᠵᠢᠷᠠᠭᠤᠯᠵᠥ᠂ ᠲᠤᠰᠬᠠᠢ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠥ᠂ ᠡᠪᠡᠳᠴᠢᠲᠠᠨ ᠤ ᠡᠪᠡᠳᠴᠢᠨ ᠥᠵᠡᠬᠦᠯᠬᠦ ᠬᠡᠷᠡᠭᠴᠡᠭᠡ ᠶᠢ ᠪᠥᠬᠦ ᠬᠥᠴᠥᠨ ᠢᠶᠠᠷ ᠬᠠᠨᠭ᠍ᠭᠠᠨ᠎ᠠ︾ ᠭᠡᠵᠥ ᠲᠠᠨᠢᠯᠴᠠᠭᠤᠯᠪᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号