ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ ᠭᠦᠭᠵᠢᠬᠦᠯᠦᠯᠳᠡ ᠶᠢᠨ ᠪᠠᠶᠢᠳᠠᠯ ᠤᠨ ᠲᠤᠬᠠᠶ ᠮᠡᠳᠡᠭᠦᠯᠦᠯᠳᠡ
ᠨᠡᠶᠢᠲᠡᠯᠡᠭᠰᠡᠨ ᠴᠠᠭ᠄
2024/4/11
ᠲᠡᠷᠢᠭᠦᠯᠡᠭᠴᠢ ᠨᠠᠷ᠂ ᠭᠡᠰᠢᠭᠦᠳ᠂ ᠨᠥᠬᠦᠳ ᠡ᠄      ᠳᠤᠤᠷ᠎ᠠ᠂ ᠪᠢ ᠵᠠᠬᠢᠷᠭ᠎ᠠ ᠶᠢᠨ ᠡᠮᠦᠨ᠎ᠡ ᠠᠴᠠ 2023 ᠣᠨ ᠤ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠦᠭᠵᠢᠬᠦᠯᠦᠯᠳᠡ ᠶᠢᠨ ᠪᠠᠶᠢᠳᠠᠯ ᠪᠠ 2024 ᠣᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠣᠯᠳᠠ ᠶᠢ ᠮᠡᠳᠡᠭᠳᠡᠶ᠎ᠡ᠂ ᠭᠡᠰᠢᠭᠦᠳ ᠰᠠᠨᠠᠯ ᠰᠠᠨᠠᠭᠤᠯᠭ᠎ᠠ ᠪᠠᠨ ᠳᠤᠷᠠᠳᠤᠭᠠᠷᠠᠶ᠃      ᠨᠢᠭᠡ᠂ 2023 ᠣᠨ ᠤ ᠠᠵᠤ ᠠᠬᠤᠶ ᠨᠡᠶᠢᠭᠡᠮ ᠤᠨ ᠭᠦᠭᠵᠢᠬᠦᠯᠦᠯᠳᠡ ᠶᠢᠨ ᠪᠠᠶᠢᠳᠠᠯ      ᠥᠩᠭᠡᠷᠡᠭᠰᠡᠨ ᠨᠢᠭᠡ ᠵᠢᠯ ᠳᠤ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠵᠠᠮ ᠢᠶᠠᠷ ᠵᠠᠮᠨᠠᠬᠤ᠂ ᠳᠤᠮᠳᠠ ᠳᠦᠪᠰᠢᠨ ᠳᠤ ᠳᠠᠪᠰᠢᠬᠤ︾ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠳᠬᠤᠨ᠂ ᠥᠭᠡᠷᠡᠴᠢᠯᠡᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠪᠦᠯᠬᠦᠮᠳᠡᠯ ᠢ ᠴᠢᠩᠭᠠᠳᠬᠠᠨ᠂ ᠠᠮᠤᠷ ᠲᠦᠪᠰᠢᠨ ᠢ ᠪᠠᠲᠤᠯᠠᠵᠤ᠂ ᠪᠥᠬᠦ ᠵᠢᠯ ᠤᠨ ᠡᠯ᠎ᠡ ᠲᠥᠷᠥᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃      ︵ᠨᠢᠭᠡ︶᠎  ᠠᠵᠤ  ᠠᠬᠤᠢ  ᠲᠣᠭᠲᠠᠭᠤᠨ  ᠤ  ᠳᠤᠮᠳᠠ  ᠤᠷᠤᠭᠰᠢᠯᠠᠵᠤ᠂ ᠲᠣᠭᠲᠠᠭᠤᠨ ᠤ ᠳᠤᠮᠳᠠ ᠰᠠᠶᠢᠵᠢᠷᠠᠪᠠ᠃  ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6 %᠎ ᠪᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15%᠎ ᠪᠠᠷ ᠨᠡᠮᠡᠭᠳᠡᠭᠦᠯᠵᠦ᠂ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 18%᠎ ᠪᠠᠷ ᠨᠡᠮᠡᠭᠳᠡᠭᠦᠯᠪᠡ᠃ 390 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠣ᠂ ᠠᠶᠢᠮᠠᠭ ᠤᠨ ᠲᠠᠰ ᠤᠨ168 ᠭᠤᠤᠯᠳᠠᠯᠭ᠎ᠠ ᠲᠠᠢ ᠲᠥᠷᠥᠯ ᠵᠦᠢᠯ ᠬᠡᠷᠡᠭᠵᠢᠭᠦᠯᠦᠨ᠂ 14.7%᠎ ᠪᠠᠷ ᠨᠡᠮᠡᠭᠳᠡᠭᠦᠯᠪᠡ᠃ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠣᠨ︾᠎ ᠤ ᠠᠵᠢᠯᠯᠠᠭ᠎ᠠ ᠶᠢ ᠬᠢᠨᠠᠮᠠᠭᠠᠶ ᠥᠷᠨᠢᠭᠦᠯᠵᠦ᠂ ᠵᠢᠱᠢᠯᠲᠡ ᠪᠠᠷ 290 ᠳ᠋ᠦᠩᠰᠢᠭᠤᠷ ᠲᠥᠭᠦᠷᠢᠭ ᠤᠨ ᠪᠡᠯᠡ ᠮᠥᠩᠭᠦ  ᠪᠣᠳᠠᠲᠠᠶᠢᠵᠢᠭᠤᠯᠵᠤ᠂ 15%᠎ ᠪᠠᠷ ᠨᠡᠮᠡᠭᠳᠡᠭᠦᠯᠪᠡ᠃ ᠳᠡᠭᠡᠳᠦ ᠱᠠᠲᠤᠨ ᠤ ᠡᠯ᠎ᠡ ᠲᠦᠷᠦᠯ ᠤᠨ ᠰᠢᠯᠵᠢᠭᠦᠯᠦᠨ ᠥᠭᠬᠦ ᠪᠡᠯᠡ ᠮᠥᠩᠭᠦ ᠶᠢ 237 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ 20.6%᠎ ᠎ ᠪᠠᠷ ᠨᠡᠮᠡᠭᠳᠡᠭᠦᠯᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠢᠴᠢ ᠭᠠᠶᠢᠯᠢ ᠪᠤᠴᠠᠭᠠᠵᠤ ᠬᠤᠶᠢᠰᠢᠯᠠᠭᠤᠯᠤᠭᠰᠠᠨ ᠰᠦᠢᠳᠬᠡᠯ 8.6 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠪᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ 2.45 ᠲᠦᠮᠡᠨ ᠡᠷᠦᠬᠡ ᠰᠢᠨ᠎ᠡ ᠪᠠᠷ ᠨᠡᠮᠡᠭᠳᠡᠭᠦᠯᠵᠦ᠂ 16 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠬᠡᠯ ᠳᠤ ᠣᠷᠣᠭᠤᠯᠣᠨ᠎ᠠ᠃      ︵ᠬᠤᠶᠠᠷ ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠦᠷ᠎ᠡ ᠪᠦᠲᠦᠮᠵᠢ ᠢᠯᠡᠳᠲᠡ ᠪᠣᠯᠪᠠ᠃  ᠵᠢᠱᠢᠯᠲᠡ ᠪᠠᠷ ᠪᠥᠬᠦ ᠠᠶᠢᠮᠠᠭ ᠤᠨ ᠡᠨᠧᠷᠭᠢ ᠶᠢᠨ ᠪᠤᠰᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ ᠢ 2.5 ᠵᠠᠭᠤᠨ ᠤ ᠬᠤᠪᠢ ᠪᠠᠷ ᠳᠡᠬᠡᠭᠰᠢᠯᠡᠭᠦᠯᠵᠣ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ 28%᠎ ᠪᠠᠷ ᠨᠡᠮᠡᠭᠳᠡᠬᠦᠯᠵᠣ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ  ᠎ ᠢ 29.5%᠎ ᠪᠠᠷ ᠨᠡᠮᠡᠭᠳᠡᠭᠦᠯᠪᠡ᠃  ᠪᠥᠬᠦ ᠠᠶᠢᠮᠠᠭ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 623 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠣ᠂ 1968 ᠲᠦᠮᠡᠨ ᠺᠢᠯᠣᠸᠠᠲ ᠲᠤ ᠬᠦᠷᠭᠡᠵᠣ᠂ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ 56%᠎ ᠶᠢ ᠡᠵᠡᠯᠡᠨ᠂ ᠪᠥᠬᠦ ᠣᠷᠣᠨ ᠳᠤ ᠰᠢᠨ᠎ᠡ ᠡᠨᠧᠷᠭᠢ ᠶᠢᠨ ᠲᠣᠤᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ ᠨᠢ ᠢᠯᠴᠢ ᠶᠢᠨ ᠴᠠᠬᠢᠯᠭᠠᠨ ᠎ ᠠᠴᠠ ᠳᠠᠪᠠᠭᠤᠯᠣᠭᠰᠠᠨ ᠢ ᠤᠷᠢᠳᠠᠪᠠᠷ ᠪᠡᠶᠡᠯᠡᠭᠦᠯᠪᠡ︔ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠡᠷᠴᠢᠮᠲᠡᠶ ᠪᠠᠶᠢᠵᠤ᠂ ᠤᠳᠤ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ᠂ ᠡᠨᠧᠷᠭᠢ ᠬᠠᠳᠠᠭᠠᠯᠠᠬᠤ ᠪᠠ ᠬᠦᠨᠳᠦ ᠠᠴᠢᠶᠠᠨ ᠤ ᠮᠠᠰᠢᠨ ᠤ ᠯᠢᠲ᠋ᠢ ᠶᠢᠨ ᠴᠠᠬᠢᠯᠭᠠᠨ ᠴᠡᠨᠡᠭ᠂ ᠪᠢᠯᠢᠭ ᠲᠦᠢᠯ ᠤᠨ ᠮᠠᠲ᠋ᠧᠷᠢᠶᠠᠯ᠂ ᠨᠠᠷᠠ ᠰᠠᠯᠬᠢᠨ ᠤ ᠡᠨᠧᠷᠭᠢ ᠪᠠᠷ ᠤᠰᠤᠲᠥ᠋ᠷᠥᠭᠴᠢ ᠥᠢᠯᠡᠳᠬᠦ᠂ ᠴᠢᠨᠠᠷ ᠰᠠᠶᠢᠲᠠᠢ ᠥᠨᠳᠥᠷ ᠠᠴᠢᠶᠠᠯᠠᠭᠴᠢ ᠡᠨᠧᠷᠭᠢ ᠵᠡᠷᠭᠡ ᠨᠢᠭᠡ ᠪᠦᠯᠦᠭ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠬᠦ ᠦᠯᠡᠮᠵᠢ ᠤᠯᠠᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠪᠤᠶᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ︽ᠰᠢᠯᠢ ᠶᠢᠨ ᠭᠤᠤᠯ ᠬᠤᠨᠢ︾᠎ ᠶᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽2023 ᠣᠨ ᠤ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠰᠣᠳᠣᠨ ᠪᠦᠲᠦᠭᠡᠭᠳᠡᠬᠦᠨ ᠢ ᠪᠤᠶᠢᠵᠢᠭᠤᠯᠬᠤ ᠲᠥᠯᠥᠪᠯᠡᠭᠡ︾᠎ ᠳᠤ ᠰᠣᠩᠭᠤᠭᠳᠠᠨ ᠣᠷᠣᠭᠤᠯᠪᠠ  ︔ ︽ᠰᠢᠯᠢ ᠶᠢᠨ ᠭᠤᠤᠯ ᠴᠠᠭᠠᠨ ᠢᠳᠡᠭᠡᠨ︾᠎ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠢᠯᠡ ᠨᠡᠶᠢᠲᠡᠯᠡᠵᠦ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶᠠᠨ ᠤ ᠲᠦᠷᠦᠭᠦᠦ ᠪᠦᠯᠦᠭ ᠤᠨ ︽ᠮᠢᠩᠭᠠᠨ ᠠᠵᠤ ᠠᠬᠤᠶᠢᠯᠠᠯ ᠵᠠᠭᠤᠨ ᠬᠤᠲᠠ︾᠎ ᠶᠢᠨ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠥᠷᠲᠡᠭ ᠢ ᠳᠡᠭᠡᠭᠰᠢᠯᠡᠭᠦᠯᠬᠦ ᠠᠵᠢᠯᠯᠠᠭᠠᠨ ᠤ ᠨᠡᠷᠡᠰ ᠲᠤ ᠰᠣᠩᠭᠤᠭᠳᠠᠨ ᠣᠷᠣᠭᠤᠯᠪᠠ᠃ ᠥᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ 33 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠵᠦ᠂ ᠮᠣᠩᠭᠤᠯ ᠮᠤᠷᠢᠨ ᠤ ᠬᠤᠯᠪᠣᠭᠠᠲᠤ ᠤᠷᠤᠯᠳᠤᠭᠠᠨ᠂ ᠮᠢᠩᠭᠠᠨ ᠭᠠᠵᠠᠷ ᠤᠨ ᠲᠦᠮᠡᠨ ᠬᠥᠮᠦᠨ ᠤ ᠮᠥᠰᠥ ᠴᠠᠰᠣ ᠶᠢ ᠳᠣᠭᠤᠯᠬᠤ ᠵᠡᠷᠭᠡ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠪᠦᠬᠦ ᠵᠢᠯ ᠳᠤ ᠳᠣᠭᠤᠰᠢᠯᠠᠭᠤᠯᠪᠠ︔ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠮᠢᠩᠭ᠎ᠠ ᠰᠢᠬᠠᠮ ᠤᠳᠠᠭ᠎ᠠ ᠥᠷᠨᠢᠭᠦᠯᠵᠦ᠂ ᠵᠢᠱᠢᠯᠲᠡ ᠪᠠᠷ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢ 4.5 %᠎ ᠪᠠᠷ ᠨᠡᠮᠡᠭᠳᠡᠭᠦᠯᠪᠡ᠃      ︵ᠭᠤᠷᠪᠠ︶ ᠠᠮᠢ ᠠᠬᠤᠢ ᠶᠢᠨ ᠪᠣᠯᠪᠠᠰᠤᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠪᠡ᠃ ︽ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠨ ᠰᠡᠷᠭᠦᠭᠡᠬᠦ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠵᠢᠭᠦᠯᠬᠦ ᠲᠥᠰᠦᠯ︾᠎ ᠢ ᠨᠠᠶᠢᠷᠠᠭᠤᠯᠤᠨ ᠳᠠᠭᠤᠰᠬᠠᠵᠤ᠂ 109.5ᠲᠦᠮᠡᠨ ᠮᠥ ᠡᠯᠡᠰᠦᠷᠬᠡᠭ ᠭᠠᠵᠠᠷ ᠢ ᠵᠠᠰᠠᠵᠤ᠂ 33 ᠲᠦᠮᠡᠨ ᠮᠤ᠋ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠵᠦ᠂ 34.38 ᠲᠦᠮᠡᠨ ᠮᠥ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠪᠡ᠃ 4.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠭᠤᠷᠬᠠᠶ ᠮᠠᠯᠲᠠᠬᠤ ᠦᠨᠡᠮᠯᠡᠯ ᠨᠢ ᠬᠦᠴᠦᠨ ᠪᠦᠬᠦᠢ ᠬᠤᠭᠤᠴᠠᠭᠠᠨ ᠳᠤ ᠪᠠᠶᠢᠭ᠎ᠠ ᠠᠭᠤᠷᠬᠠᠶ ᠶᠢ ᠨᠡᠶᠢᠳᠡ 175.7 ᠬᠠᠪᠳᠠᠭᠠᠢ ᠳᠥᠷᠪᠡᠯᠵᠢᠨ ᠺᠢᠯᠣᠮᠧᠲᠷ ᠵᠠᠰᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠨᠦᠬᠡ ᠶᠢ ᠵᠠᠰᠠᠬᠤ ᠠᠵᠢᠯ ᠢᠶᠠᠨ ᠦᠨᠳᠦᠰᠦᠨ ᠳᠤ ᠪᠠᠨ ᠪᠡᠶᠡᠯᠡᠭᠦᠯᠪᠡ᠃  ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠪᠥᠬᠦ ᠣᠷᠣᠨ ᠤ ᠲᠡᠷᠢᠬᠦᠨ ᠳᠤ ᠲᠣᠭᠳᠠᠭᠤᠨ ᠪᠠᠶᠢᠷᠢᠯᠠᠪᠠ᠂ ᠡᠷᠢᠶᠡᠨ ᠬᠤᠲᠠ᠂ ᠵᠡᠭᠦᠨ ᠦᠵᠦᠮᠦᠴᠢᠨ ᠬᠤᠰᠢᠭᠤ ᠨᠢ ᠳᠣᠯᠣᠳᠤᠭᠠᠷ ᠪᠦᠯᠦᠭ ᠤᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢᠶᠠᠷ ᠨᠡᠷᠡᠶᠢᠳᠣᠭ᠍ᠳᠡᠵᠣ᠂ ᠤᠯᠠᠭᠠᠶ ᠬᠠᠮᠢᠶᠠᠷᠤᠯᠲᠠ ᠶᠢᠨ ᠣᠷᠣᠨ᠂ ᠲᠤᠯᠤᠨ ᠨᠣᠣᠷ ᠰᠢᠶᠠᠨ ᠲᠣᠰ ᠲᠣᠰ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠦᠭᠳᠡᠪᠡ᠃          ︵ᠳᠦᠷᠪᠡ︶ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠲᠡᠦᠬᠡᠲᠦ ᠴᠢᠨᠠᠷᠲᠠᠢ ᠰᠢᠪᠲᠤᠯᠤᠯᠲᠠ ᠲᠠᠢ ᠪᠣᠯᠪᠠ᠃ ᠲᠠᠢ ᠽᠢ ᠴᠧᠩ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠰᠢᠯᠤᠭᠤᠨ ᠬᠥᠬᠡ ᠬᠤᠰᠢᠭᠤᠨ ᠠᠴᠠ ᠰᠢᠯᠢ ᠶᠢᠨ ᠬᠤᠲᠠ ᠬᠥᠷᠬᠦ ᠬᠡᠰᠡᠭ ᠤᠨ ᠲᠡᠮᠦᠷ ᠵᠠᠮ ᠢ ᠴᠠᠬᠢᠯᠭᠠᠨᠵᠢᠭᠤᠯᠤᠨ ᠲᠡᠷᠭᠡ ᠨᠡᠪᠲᠡᠷᠡᠭᠦᠯᠪᠡ︔ ᠵᠢᠨᠢᠩ ᠠᠴᠠ ᠲᠦᠩᠯᠢᠶᠣᠣ ᠭᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠢᠨᠵᠧᠨᠧᠷᠢᠩ ᠤᠨ ᠪᠤᠩᠬᠤᠨ ᠠᠴᠠ ᠮᠦᠩᠭᠦᠨᠳᠠᠯ᠎ᠠ ᠬᠦᠷᠬᠦ ᠬᠡᠰᠡᠭ ᠲᠤ ᠲᠡᠷᠭᠡ ᠨᠡᠪᠳᠡᠷᠡᠭᠦᠯᠪᠡ᠃ ᠵᠠᠰᠠᠮᠠᠯ ᠵᠠᠮ ᠤᠨ ᠲᠥᠷᠥᠯ ᠵᠦᠢᠯ ᠳᠤ 23 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠪᠠ᠃ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ︵ᠨᠢᠭᠡᠳᠦᠭᠡᠷ ᠪᠠᠷᠢᠮᠵᠢᠶᠠᠲᠤ ᠬᠡᠰᠡᠭ︶᠎ ᠤᠨ ᠪᠠᠷᠢᠯᠭ᠎ᠠ ᠳᠠᠭᠤᠰᠣᠨ ᠰᠢᠯᠭᠠᠨ ᠬᠤᠷᠢᠶᠠᠵᠤ᠂ ᠪᠠᠷᠠᠭᠤᠨ ᠦᠵᠦᠮᠦᠴᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ᠂ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠢ ᠵᠠᠭᠤᠨ ᠲᠦᠮᠡᠨ ᠲᠠᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠡᠩᠨᠡᠭᠡᠨ ᠳᠤ ᠣᠷᠣᠭᠤᠯᠪᠠ᠃ ᠴᠠᠬᠢᠯᠭᠠᠨ ᠲᠣᠣᠷ ᠤᠨ ᠢᠨᠵᠧᠨᠧᠷᠢᠩ ᠤᠨ ᠪᠡᠯᠡ ᠣᠷᠣᠭᠤᠯᠤᠯᠲᠠ 22 ᠳ᠋ᠦᠩᠰᠢᠭᠤᠷ ᠲᠥᠭᠦᠷᠢᠭ ᠢ ᠳᠠᠪᠠᠪᠠ᠃ 4434 ᠮᠠᠯᠵᠢᠬᠤ ᠲᠠᠷᠢᠶᠠᠯᠠᠬᠤ ᠡᠷᠦᠬᠡ ᠳᠤ ᠥᠷᠭᠡᠨ ᠪᠦᠰᠡᠲᠦ ᠰᠦᠯᠵᠢᠶ᠎ᠡ ᠣᠭᠰᠠᠷᠠᠵᠣ᠂ ᠪᠥᠬᠦ ᠣᠷᠣᠨ ᠳᠤ ᠮᠠᠯᠵᠢᠬᠤ ᠲᠠᠷᠢᠶᠠᠯᠠᠬᠤ ᠣᠷᠣᠨ ᠳᠤ ᠴᠢᠮᠡᠭᠡ ᠬᠤᠯᠪᠤᠭ᠎ᠠ ᠪᠥᠬᠦᠨ ᠢ ᠨᠡᠪᠲᠡᠷᠡᠭᠦᠯᠬᠦ ᠶᠢ ᠡᠩ ᠲᠡᠷᠢᠭᠦᠨ ᠳᠤ ᠬᠡᠷᠡᠭᠵᠢᠭᠦᠯᠬᠦ ᠶᠢᠨ ᠬᠠᠮᠲᠤ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠲᠦᠮᠡ ᠰᠢᠬᠠᠮ ᠬᠥᠮᠦᠨ ᠳᠤ ᠤᠰᠤ ᠣᠮᠳᠠ ᠬᠠᠩᠭᠠᠬᠤ ᠪᠠᠲᠤᠯᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢ 6.56 ᠳ᠋ᠦᠩᠰᠢᠭᠤᠷ ᠲᠥᠭᠦᠷᠢᠭ ᠣᠷᠣᠭᠤᠯᠵᠤ᠂ 233 ᠲᠥᠷᠥᠯ ᠵᠦᠢᠯ  ᠬᠡᠷᠡᠭᠵᠢᠭᠦᠯᠦᠨ᠂ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ 81.8%᠎ ᠳᠤ ᠭᠦᠷᠭᠡᠪᠡ᠃  ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾᠎ ᠶᠢ ᠶᠡᠬᠡᠪᠡᠷ ᠬᠡᠷᠡᠭᠵᠢᠭᠦᠯᠵᠦ᠂ ᠪᠡᠭᠡᠵᠢᠩ ᠤᠨ 1.5 ᠳ᠋ᠦᠩᠰᠢᠭᠤᠷ ᠲᠥᠭᠦᠷᠢᠭ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢ ᠪᠣᠳᠠᠲᠠᠶᠢᠵᠢᠭᠤᠯᠵᠤ᠂ 68 ᠲᠥᠷᠥᠯ ᠵᠦᠢᠯ ᠬᠡᠷᠡᠭᠵᠢᠭᠦᠯᠪᠡ᠃         ︵ᠲᠠᠪᠤ︶ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠤᠯᠠᠮ ᠴᠢᠩᠭᠠᠷᠠᠪᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ 3.0 ᠠᠵᠢᠯᠯᠠᠭᠠᠨ ᠤ ᠲᠥᠰᠦᠯ ᠤᠨ 181ᠲᠦᠷᠦᠯ ᠤᠨ ᠡᠭᠦᠷᠭᠡ ᠪᠠᠨ ᠪᠦᠬᠦᠨ ᠢ ᠪᠡᠶᠡᠯᠡᠭᠦᠯᠪᠡ᠃ ︽ᠬᠤᠶᠠᠷ ᠰᠢᠯᠢᠳᠡᠭ︾ ᠎ ᠤᠨ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ ᠢ 36.5%᠎ ᠪᠠᠷ ᠴᠣᠮᠬᠠᠳᠬᠠᠵᠤ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ 35.2%᠎ ᠢᠶᠠᠷ ᠴᠣᠮᠬᠠᠳᠬᠠᠪᠠ᠃ ︽ᠮᠥᠩᠬᠡ ᠰᠤᠪᠠᠭ︾᠎ ᠨᠢ 806 ᠲᠥᠷᠥᠯ ᠤᠨ ᠣᠨᠴᠠᠯᠢᠭᠲᠤ ᠬᠡᠷᠡᠭᠯᠡᠯᠲᠡ ᠶᠢ ᠬᠤᠷᠠᠮᠳᠤᠭᠤᠯᠵᠤ᠂ ᠪᠥᠬᠦ ᠣᠷᠣᠨ ᠤ ᠲᠡᠷᠢᠭᠦᠨ ᠳᠤ ᠪᠠᠶᠢᠷᠢᠯᠠᠭᠤᠯᠪᠠ︔ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠪᠠ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠶᠢ ᠲᠣᠰ ᠲᠣᠰ 97% ᠪᠠ 88%᠎ ᠳᠤ ᠬᠦᠷᠦᠭᠦᠯᠵᠦ᠂ ᠪᠥᠬᠦ ᠣᠷᠣᠨ ᠤ ᠡᠮᠦᠨ᠎ᠡ ᠡᠩᠨᠡᠭᠡᠨ ᠳᠤ ᠪᠠᠶᠢᠷᠢᠯᠠᠭᠤᠯᠪᠠ︔  ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯ ᠪᠦᠬᠦᠨ ᠢ ᠬᠠᠮᠤᠷᠬᠤ ᠶᠢ ᠪᠡᠶᠡᠯᠡᠭᠦᠯᠪᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠎ ᠪᠠᠷ ᠨᠡᠶᠢᠲᠡ 29 ᠲᠦᠮᠡᠨ ᠠᠵᠢᠯ ᠤᠨ ᠬᠠᠭᠤᠳᠠᠰᠤ ᠶᠢ ᠭᠦᠢᠴᠡᠳᠬᠡᠨ ᠳᠠᠭᠤᠰᠬᠠᠵᠤ᠂  ᠲᠣᠰᠬᠠᠯ ᠤᠨ ᠨᠣᠷᠮ᠎ᠠ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠂ ᠬᠠᠨᠤᠮᠵᠢ ᠶᠢᠨ ᠨᠣᠷᠮ᠎ᠠ ᠶᠢ ᠴᠥᠮ ᠪᠥᠬᠦ ᠣᠷᠣᠨ ᠤ ᠡᠮᠦᠨ᠎ᠡ ᠡᠩᠨᠡᠭᠡᠨ ᠳᠤ ᠪᠠᠶᠢᠷᠢᠯᠠᠭᠤᠯᠪᠠ᠃ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠢᠮᠠᠭᠠᠨ ᠨᠣᠣᠯᠣᠷ᠂ ᠮᠠᠭᠠᠯᠢᠩᠭᠤ ᠶᠢᠨ ᠦᠷ᠎ᠡ ᠵᠡᠷᠭᠡ ᠭᠠᠳᠠᠭᠠᠳᠤ ᠠᠴᠠ ᠣᠷᠣᠭᠤᠯᠤᠭᠰᠠᠨ ᠣᠨᠴᠠᠯᠢᠭᠲᠤ ᠲᠠᠸᠠᠷ ᠤᠨ  ᠭᠠᠳᠠᠭᠠᠳᠣ ᠠᠷᠠᠯᠵᠢᠶᠠᠨ ᠤ ᠰᠣᠯᠢᠯᠴᠠᠭᠠᠨ ᠤ ᠵᠠᠮ ᠨᠡᠭᠡᠭᠡᠬᠦ ᠶᠢ ᠪᠡᠶᠡᠯᠡᠭᠦᠯᠵᠦ᠂ ᠵᠡᠭᠦᠨ ᠬᠠᠲᠠᠪᠴᠢ ᠪᠣᠭᠤᠮᠲᠠ ᠶᠢ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠬᠢᠯᠢ ᠶᠢᠨ ᠪᠣᠭᠤᠮᠲᠠ ᠳᠤ ᠵᠢᠭᠰᠠᠭᠠᠨ ᠣᠷᠣᠭᠤᠯᠪᠠ᠃ ᠪᠥᠬᠦ ᠠᠶᠢᠮᠠᠭ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 2195 ᠲᠦᠮᠡᠨ ᠲᠣᠨ ᠳᠤ ᠭᠦᠷᠭᠡᠵᠣ᠂ 53.4 %᠎ ᠪᠠᠷ ᠨᠡᠮᠡᠭᠳᠡᠭᠦᠯᠪᠡ᠃       ︵ᠵᠢᠷᠭᠤᠭ᠎ᠠ  ︶ ᠠᠷᠠᠳ  ᠤᠨ  ᠠᠮᠢᠳᠤᠷᠠᠯ  ᠤᠨ  ᠪᠠᠲᠤᠯᠠᠭ᠎ᠠ  ᠶᠢᠨ  ᠬᠢᠷᠢ ᠲᠦᠪᠰᠢᠨ ᠢ ᠤᠯᠠᠮ ᠳᠡᠭᠡᠭᠰᠢᠯᠡᠭᠦᠯᠪᠡ᠃ ᠪᠥᠬᠦ ᠠᠶᠢᠮᠠᠭ ᠤᠨ ᠣᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢ ᠵᠢᠱᠢᠯᠲᠡ ᠪᠠᠷ 360 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠭᠦᠨ ᠳᠤ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠣᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢᠨ 65%᠎ ᠶᠢ ᠡᠵᠡᠯᠡᠪᠡ᠃ ᠵᠢᠱᠢᠯᠲᠡ ᠪᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠢ ᠣᠷᠣᠯᠭ᠎ᠠ ᠶᠢ ᠲᠣᠰ ᠲᠣᠰ 5% ᠪᠠ 7%᠎ ᠪᠠᠷ ᠨᠡᠮᠡᠭᠳᠡᠭᠦᠯᠪᠡ᠃ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠠᠷᠠᠳ ᠤᠨ ᠠᠮᠢᠳᠤᠷᠠᠯ ᠤᠨ 43 ᠪᠣᠳᠠᠲᠤ ᠶᠠᠪᠤᠳᠠᠯ ᠢᠶᠠᠨ ᠪᠦᠬᠦᠨ ᠢ ᠪᠡᠶᠡᠯᠡᠭᠦᠯᠪᠡ᠃ ᠪᠦᠬᠦ ᠠᠶᠢᠮᠠᠭ ᠤᠨ ᠬᠤᠲᠠ ᠪᠠᠯᠭᠠᠰᠤᠨ ᠤ 1.1 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ 5789 ᠰᠢᠬᠠᠮ ᠰᠤᠷᠤᠭᠴᠢᠳ ᠲᠤ ᠠᠵᠢᠯ ᠣᠯᠭᠤᠪᠠ᠃  ᠪᠥᠬᠦ ᠠᠶᠢᠮᠠᠭ ᠤᠨ ᠶᠡᠭᠡ ᠳᠡᠭᠡᠳᠦ ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ ᠵᠢᠩᠬᠢᠨᠢ ᠠᠩᠭᠢ ᠳᠤ ᠡᠯᠰᠡᠭᠳᠡᠭᠰᠡᠨ ᠨᠣᠷᠮ᠎ᠠ ᠪᠥᠬᠦ ᠣᠷᠣᠨ ᠤ ᠳᠥᠷᠪᠡᠳᠦᠭᠡᠷ ᠲᠤ  ᠪᠠᠶᠢᠷᠢᠯᠠᠵᠣ᠂ 600 ᠬᠤᠪᠢ ᠠᠴᠠ ᠳᠡᠭᠡᠭᠰᠢᠬᠢ ᠰᠢᠯᠭᠠᠭᠤᠯᠤᠭᠰᠠᠳ ᠤᠨ ᠲᠤᠭ᠎ᠠ ᠶᠢ ᠥᠩᠭᠡᠷᠡᠭᠰᠡᠨ ᠵᠢᠯ ᠤᠨ ᠬᠢ ᠠᠴᠠ ᠳᠠᠬᠢᠨ ᠢᠶᠠᠷ ᠨᠡᠮᠡᠭᠳᠡᠭᠦᠯᠪᠡ᠃  ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠬᠥᠬᠡ ᠲᠦᠷᠦᠯ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠭᠠᠨ ᠳᠡᠰ ᠳᠡᠪᠰᠢᠭᠦᠯᠪᠡ᠃      ︵ᠳᠣᠯᠤᠭ᠎ᠠ  ︶ ᠬᠦᠨᠳᠦ  ᠶᠡᠭᠡ  ᠠᠶᠤᠯ  ᠲᠦᠭᠰᠢᠭᠦᠷᠢ ᠎ ᠶᠢᠨ  ᠳᠠᠯᠳᠠ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠨ ᠡᠵᠡᠮᠳᠡᠪᠡ᠃  ᠠᠮᠤᠷ ᠠᠮᠤᠭᠤᠯᠠᠩ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠡᠷᠡᠭᠦᠦ ᠶᠢᠨ ᠬᠡᠷᠡᠭ᠂ ᠠᠮᠤᠷ ᠎ ᠢ  ᠬᠠᠮᠠᠭᠠᠯᠠᠬᠤ  ᠴᠠᠭᠳᠠᠭᠠᠨ  ᠎ ᠤ  ᠠᠵᠢᠯ  ᠎ ᠳᠤ ︽ ᠬᠤᠣᠰ  ᠪᠠᠭᠤᠷᠠᠯᠲᠠ︾᠎ ᠶᠢ ᠪᠡᠶᠡᠯᠡᠭᠦᠯᠪᠡ᠃ ᠰᠢᠯᠢ ᠶᠢᠨ ᠭᠤᠤᠯ ᠤᠨ ᠪᠠᠴᠢᠮ ᠪᠠᠶᠢᠳᠠᠯ ᠢ ᠠᠷᠭᠠᠴᠠᠬᠤ ᠲᠣᠬᠢᠷᠠᠭᠤᠯᠤᠨ ᠵᠢᠯᠣᠭᠤᠳᠬᠤ ᠲᠥᠪ ᠢ ᠪᠠᠶᠢᠭᠤᠯᠤᠨ ᠠᠵᠢᠯᠯᠠᠭᠤᠯᠵᠤ᠂ ᠭᠤᠤᠯᠳᠠᠯᠭ᠎ᠠ ᠲᠠᠢ ᠠᠭᠤᠷᠬᠠᠶ ᠶᠢᠨ ᠠᠵᠤ ᠠᠬᠤᠶᠢᠯᠠᠯ ᠳᠤ 5.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ ᠤᠶᠤᠨᠴᠢᠯᠠᠭᠰᠠᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 9 ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ 202 ᠭᠤᠤᠯᠳᠠᠯᠭ᠎ᠠ ᠲᠠᠢ ᠠᠵᠤ ᠠᠬᠤᠶᠢᠯᠠᠯ ᠳᠤ ᠭᠤᠷᠪᠠᠳᠠᠭᠴᠢ ᠲᠠᠯ᠎ᠠ ᠶᠢᠨ ᠠᠶᠣᠯᠬᠦᠢ ᠶᠢᠨ ᠦᠨᠡᠯᠡᠯᠲᠡ ᠬᠢᠯᠭᠡᠵᠣ᠂ ᠪᠦᠬᠦ ᠵᠢᠯ ᠳᠤ ᠬᠦᠨᠳᠣ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠤᠭᠰᠠᠨ ᠥᠬᠡᠢ᠃ ᠣᠷᠣᠨ ᠨᠤᠲᠤᠭ ᠤᠨ ᠡᠳ᠋ ᠤᠨ ᠵᠠᠰᠠᠭ ᠲᠦᠢᠯ ᠤᠨ ᠬᠦᠴᠢᠷᠳᠡᠯᠲᠡᠢ ᠪᠠᠶᠢᠳᠠᠯ ᠳᠣᠣᠷ᠎ᠠ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠨᠠᠮᠳᠠᠭᠤᠯᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠰᠢᠰᠲ᠋ᠧᠮ ᠤᠨ ᠳᠣᠲᠣᠷᠠᠬᠢ ᠵᠠᠰᠠᠭ ᠤᠨ ᠣᠷᠳᠣᠨ ᠤ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠳᠠᠬᠢ ᠮᠦᠩᠭᠦ᠂ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠳᠠᠬᠢ ᠮᠦᠩᠭᠦ ᠪᠠᠨ ᠪᠦᠬᠦᠨ ᠢ ᠴᠠᠶᠢᠷᠠᠭᠤᠯᠵᠣ᠂ ᠪᠦᠬᠦ ᠣᠷᠣᠨ ᠤ ᠲᠡᠷᠢᠬᠦᠨ ᠡᠩᠨᠡᠭᠡᠨ ᠳᠤ ᠪᠠᠶᠢᠷᠢᠯᠠᠭᠤᠯᠪᠠ᠃     ᠨᠢᠭᠡ ᠵᠢᠯ ᠤᠨ ᠲᠤᠷᠰᠢ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠎ ᠢᠶᠠᠨ ᠪᠠᠲᠤ ᠴᠣᠭᠴᠠᠯᠠᠬᠤ ᠶᠢ ᠡᠯ᠎ᠡ ᠲᠦᠷᠦᠯ ᠤᠨ ᠠᠵᠢᠯ ᠤᠨ ᠭᠤᠤᠯ ᠰᠢᠵᠢᠮ ᠪᠣᠯᠭᠠᠵᠣ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠤᠯ ᠰᠢᠵᠢᠮ ᠢ ᠪᠥᠬᠦ ᠲᠠᠯ᠎ᠠ ᠪᠠᠷ ᠳᠣᠭᠤᠰᠢᠯᠠᠭᠤᠯᠣᠨ ᠪᠠᠬᠢᠵᠢᠭᠦᠯᠬᠦ ᠲᠤᠬᠠᠶ ᠠᠷᠭ᠎ᠠ ᠬᠡᠮᠵᠢᠶ᠎ᠡ ᠨᠦᠭᠦᠳ︾᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠲᠤᠬᠠᠶ ᠲᠣᠭᠲᠠᠭᠠᠯ︾ ᠪᠠ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠵᠣᠷᠪᠣᠰ ᠠᠬᠢᠭᠤᠯᠬᠤ ᠲᠦᠷᠢᠮ︾᠎ ᠢ ᠭᠦᠨᠵᠡᠭᠡᠶ ᠨᠠᠶᠢᠳᠠᠪᠤᠷᠢᠵᠢᠭᠤᠯᠵᠤ᠂ ︽ᠵᠢᠷᠭᠤᠭᠠᠨ ᠥᠭᠦᠯᠡᠪᠦᠷᠢ︾᠎ ᠶᠢᠨ ᠪᠣᠳᠠᠲᠤ ᠬᠡᠷᠡᠭ ᠪᠠ ᠶᠣᠰᠣ ᠵᠦᠢ᠂ ︽ᠵᠢᠱᠢᠶᠡᠴᠢ ᠪᠤᠯᠬᠤ ᠳᠣᠯᠣᠭᠠᠨ ᠲᠠᠯ᠎ᠠ︾᠎ ᠶᠢᠨ ᠬᠠᠷᠠᠯᠲᠠ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢᠶᠠᠨ ᠯᠠᠪᠳᠠᠭᠤᠨ ᠪᠠᠲᠤᠲᠠᠶ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠪᠥᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠡᠶᠢᠲᠡᠯᠢᠭ ᠬᠡᠯᠡᠨ ᠤ ᠪᠠᠷᠢᠮᠵᠢᠶᠠᠨ ᠳᠤ ᠬᠥᠷᠬᠦ ᠰᠤᠷᠭᠠᠭᠤᠯᠢ ᠶᠢ ᠡᠭᠦᠳᠦᠨ ᠪᠠᠶᠢᠭᠤᠯᠤᠭᠰᠠᠨ ᠨᠣᠷᠮ᠎ᠠ ᠪᠠᠨ 99.6%᠎ ᠳᠤ ᠬᠦᠷᠦᠭᠦᠯᠵᠦ᠂ ᠰᠥᠨᠢᠳ ᠪᠠᠷᠠᠭᠤᠨ ᠬᠤᠰᠢᠭᠤ ᠶᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢᠶᠠᠷ ᠨᠡᠷᠡᠶᠢᠳᠴᠦ᠂ 12 ᠭᠠᠵᠠᠷ ᠣᠷᠣᠨ ᠪᠠ ᠪᠠᠶᠢᠭᠤᠯᠭ᠎ᠠ ᠨᠢᠭᠡᠴᠡ ᠶᠢ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠨᠢᠭᠡᠴᠡ ᠪᠠᠷ ᠨᠡᠷᠡᠶᠢᠳᠴᠦ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠪᠠᠶᠢᠳᠠᠯ ᠢ ᠦᠷᠭᠦᠯᠵᠢᠯᠡᠨ ᠪᠠᠬᠢᠵᠢᠭᠦᠯᠪᠡ᠃       ᠨᠢᠭᠡ ᠵᠢᠯ ᠤᠨ ᠲᠣᠷᠰᠢ᠂ ᠪᠢᠳᠡ ᠴᠡᠷᠢᠭ ᠠᠩᠭᠢ ᠪᠠ ᠣᠷᠣᠨ ᠨᠤᠲᠤᠭ ᠤᠨ ᠬᠤᠭᠤᠷᠣᠨᠳᠣᠬᠢ ᠵᠣᠬᠢᠴᠠᠭᠤᠯᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠢ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ᠂ ᠭᠠᠳᠠᠭᠠᠳᠤ ᠶᠠᠪᠤᠳᠠᠯ᠂ ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠰᠣᠨᠢᠨ ᠮᠡᠳᠡᠭᠡ ᠷᠠᠳᠢᠣ᠋ ᠲᠧᠯᠸᠢᠰ᠂ ᠳᠠᠩᠰᠠ ᠡᠪᠬᠡᠮᠡᠯ ᠤᠨ ᠨᠢᠭᠤᠴᠠ ᠶᠢ ᠬᠠᠮᠠᠭᠠᠯᠠᠬᠤ᠂ ᠭᠠᠵᠠᠷ ᠬᠥᠳᠡᠯᠦᠯᠲᠡ᠂ ᠴᠠᠭ ᠠᠭᠤᠷ ᠵᠡᠷᠭᠡ ᠦᠢᠯᠡᠰ ᠤᠨ ᠬᠥᠭᠵᠢᠯᠲᠡ ᠶᠢ ᠳᠡᠮᠵᠢᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠨᠠᠰᠤᠲᠠᠶᠢᠴᠤᠳ ᠤᠨ ᠠᠵᠢᠯ ᠤᠨ ᠵᠥᠪᠯᠡᠯ᠂ ᠬᠤᠶᠢᠴᠢ ᠦᠶ᠎ᠡ ᠪᠠᠨ ᠬᠠᠯᠠᠮᠵᠢᠯᠠᠬᠤ ᠵᠥᠪᠯᠡᠯ᠂ ᠠᠷᠠᠯᠵᠢᠶ᠎ᠠ ᠶᠢ ᠠᠬᠢᠭᠤᠯᠬᠤ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠴᠥᠮ ᠦᠢᠯᠡᠳᠦᠯ ᠎ ᠢᠶᠠᠨ ᠬᠦᠢᠴᠡᠳ ᠪᠠᠳᠠᠷᠠᠭᠤᠯᠪᠠ᠃      ᠲᠡᠷᠢᠭᠦᠯᠡᠭᠴᠢ ᠨᠠᠷ᠂ ᠭᠡᠰᠢᠭᠦᠳ ᠡ︕ ᠥᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠪᠠᠨ ᠬᠢᠯᠪᠠᠷ ᠪᠤᠰᠤ ᠪᠠᠷ ᠣᠯᠤᠭᠰᠠᠨ ᠶᠤᠮ᠂ ᠡᠨᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠠᠶᠢᠮᠠᠭ ᠤᠨ ᠨᠠᠮ ᠤᠨ ᠬᠤᠷᠢᠶ᠎ᠠ ᠪᠥᠬᠦ ᠠᠶᠢᠮᠠᠭ ᠤᠨ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠪᠠᠰᠠ ᠴᠦ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠦᠴᠦᠲᠡᠶ ᠬᠠᠪᠰᠤᠷᠤᠯᠭ᠎ᠠ ᠳᠡᠮᠵᠢᠯᠭᠡ ᠦᠵᠡᠭᠦᠯᠦᠭᠰᠡᠨ ᠤ ᠦᠷ᠎ᠡ ᠳ᠋ᠦᠩ  ᠪᠣᠯᠣᠨ᠎ᠠ᠃ ᠠᠳᠡ ᠪᠢ ᠵᠠᠬᠢᠷᠭ᠎ᠠ ᠶᠢᠨ ᠡᠮᠦᠨ᠎ᠡ ᠠᠴᠠ ᠲᠠ ᠪᠦᠬᠦᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕        ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠡ ᠪᠠᠰᠠ ᠮᠠᠨ ᠤ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠠᠰᠢ ᠣᠯᠠᠨ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠴᠢᠬᠤᠯᠠᠲᠠᠢ ᠶᠣᠮ᠂ ᠭᠤᠤᠯᠳᠠᠭᠤ ᠳᠣᠤᠷᠠᠬᠢ ᠬᠡᠳᠦᠨ ᠲᠠᠯ᠎ᠠ ᠪᠠᠷ ᠢᠯᠡᠷᠡᠵᠦ ᠪᠣᠶ᠄  ︽ᠨᠡᠭᠦᠷᠡᠰᠦ ᠪᠠᠷ ᠭᠤᠤᠯᠯᠠᠭᠤᠯᠤᠭᠰᠠᠨ︾᠂ ᠡᠨᠧᠷᠭᠢ ᠳᠤ ᠲᠦᠰᠢᠭᠯᠡᠬᠦ᠂ ᠭᠦᠨᠳᠣ ᠠᠵᠣ ᠦᠢᠯᠡᠰ ᠲᠤ ᠲᠦᠰᠢᠭᠯᠡᠬᠦ ᠠᠵᠤ ᠦᠢᠯᠡᠰ ᠤᠨ ᠪᠠᠶᠢᠷᠢᠰᠢᠯ ᠢ ᠬᠠᠷᠠᠬᠠᠨ ᠦᠨᠳᠦᠰᠦᠨ ᠠᠴᠠ ᠨᠢ ᠬᠤᠪᠢᠷᠠᠭᠤᠯᠤᠭᠠᠳᠤᠶ᠂ ︽ᠪᠣᠬᠢᠷᠲᠤᠯ ᠥᠬᠡᠶ ᠴᠠᠬᠢᠯᠭᠠᠨ + ᠴᠢᠨᠠᠷ ᠰᠠᠶᠢᠲᠠᠶ ᠥᠨᠳᠥᠷ  ᠠᠴᠢᠶᠠᠯᠠᠭᠴᠢ ᠡᠨᠧᠷᠭᠢ︾᠎ ᠶᠢᠨ ᠠᠵᠤ ᠦᠢᠯᠡᠰ ᠤᠨ ᠳᠠᠯᠳᠠ ᠬᠦᠴᠦᠨ ᠶᠡᠭᠡ ᠪᠣᠯᠪᠠᠴᠤ ᠰᠠᠶ᠋ᠢᠬᠠᠨ ᠠᠰᠠᠭᠤᠳᠠᠯ ᠢ ᠰᠢᠢᠳᠪᠦᠷᠢᠯᠡᠵᠣ᠂ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠡᠯᠬᠢᠶᠡᠵᠢᠯ ᠪᠠᠰᠠ ᠭᠤᠣᠯᠯᠠᠬᠤ ᠥᠷᠢᠰᠥᠯᠳᠦᠬᠦ ᠬᠦᠴᠦᠨ ᠢᠶᠠᠷ ᠳᠤᠲᠠᠮᠠᠭ ᠪᠠᠶᠢᠵᠤ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠪᠠᠰᠠ ᠲᠡᠭᠦᠯᠳᠡᠷᠵᠢᠭᠡᠳᠦᠢ᠂ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠪᠠ ᠲᠤᠰ ᠭᠠᠵᠠᠷ ᠲᠤ ᠪᠠᠨ ᠪᠠᠭᠲᠠᠭᠠᠨ ᠰᠢᠩᠭᠡᠭᠡᠬᠦ ᠲᠠᠯ᠎ᠠ ᠪᠠᠷ ᠮᠥᠨ ᠳᠤᠲᠠᠭᠤᠳᠠᠯ ᠣᠷᠣᠰᠢᠵᠤ ᠪᠤᠢ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠦᠨᠬᠦ ᠳᠣᠪᠤᠶᠢᠮ᠎ᠠ ᠪᠠᠶᠢᠭᠰᠠᠭᠠᠷ︔ ᠰᠠᠭᠤᠷᠢ ᠲᠥᠬᠦᠭᠡᠷᠦᠮᠵᠢ᠂ ᠰᠤᠷᠭᠠᠨ ᠬᠥᠮᠦᠵᠢᠯ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠬᠦᠷᠢᠶᠡᠨ ᠳᠤ ᠪᠠᠰᠠ ᠮᠠᠰᠢ ᠣᠯᠠᠨ ᠳᠤᠲᠠᠭᠤᠳᠠᠯ ᠪᠠᠭᠤᠷᠠᠶ ᠲᠠᠯ᠎ᠠ ᠣᠷᠣᠰᠢᠵᠤ ᠪᠣᠢ᠂ ᠬᠡᠬᠦ ᠮᠡᠳᠦ᠃ ᠡᠭᠦᠨ ᠳᠤ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠨᠡᠩ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠴᠢᠬᠤᠯᠠᠲᠠᠢ ᠶᠣᠮ᠃      ᠬᠤᠶᠠᠷ᠂ 2024 ᠣᠨ ᠤ ᠭᠤᠣᠯ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ      2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ  ᠨᠠᠶᠢᠳᠠᠪᠤᠷᠢᠵᠢᠭᠤᠯᠬᠤ  ᠴᠢᠬᠤᠯᠠ  ᠨᠢᠭᠡ  ᠵᠢᠯ᠂ ᠪᠠᠰᠠ  ᠴᠤ  ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ 2024 ᠣᠨ ᠤ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄  ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 6.5% ᠣᠷᠴᠢᠮ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15% ᠣᠷᠴᠢᠮ ᠨᠡᠮᠡᠭᠳᠡᠭᠦᠯᠵᠦ᠂ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 6% ᠣᠷᠴᠢᠮ ᠨᠡᠮᠡᠭᠳᠡᠭᠦᠯᠦᠨ᠂ ᠬᠤᠲᠠ ᠪᠠᠯᠭᠠᠰᠣᠨ ᠎ ᠤ ᠠᠵᠢᠯ ᠣᠯᠭᠤᠯᠲᠠ ᠶᠢ ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠣᠯᠭᠠᠨ᠎ᠠ᠃ ᠡᠬᠦᠨ ᠳᠤ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄      ︵ᠨᠢᠭᠡ︶ ᠲᠤᠭᠲᠠᠭᠤᠨ ᠤ ᠲᠣᠮᠳᠠ ᠤᠷᠤᠭᠰᠢᠯᠠᠬᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ᠂ ᠠᠵᠤ ᠠᠬᠤᠢ ᠶᠢᠨ  ᠦᠷᠭᠦᠯᠵᠢᠯᠡᠨ  ᠰᠠᠶᠢᠵᠢᠷᠠᠬᠤ ᠶᠢ ᠪᠦᠬᠦ ᠬᠦᠴᠦ ᠪᠠᠷ ᠲᠦᠯᠬᠢᠨ ᠠᠭᠢᠭᠤᠯᠤᠨ᠎ᠠ      ᠣᠯᠠᠨ  ᠠᠷᠭ᠎ᠠ  ᠪᠠᠷᠢᠯ  ᠢ  ᠵᠡᠷᠭᠡ  ᠳᠤᠨᠢ  ᠬᠡᠷᠡᠭᠯᠡᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠤᠨ᠎ᠠ᠃ ᠡᠨᠧᠷᠭᠢ ᠶᠢᠨ ᠠᠵᠤ ᠦᠢᠯᠡᠰ ᠢᠶᠠᠷ ᠠᠵᠤ ᠠᠬᠤᠢ ᠶᠢᠨ ᠨᠡᠮᠡᠭᠳᠡᠯ ᠢᠶᠠᠨ ᠲᠣᠭᠲᠠᠪᠤᠷᠢᠵᠢᠭᠤᠯᠬᠤ  ︽ᠰᠠᠭᠤᠷᠢ ᠴᠢᠯᠠᠭᠤ︾ ᠪᠣᠯᠭᠠᠬᠤ ᠶᠢ ᠪᠠᠷᠢᠮᠲᠠᠯᠠᠵᠤ᠂  ᠪᠦᠬᠦ ᠵᠢᠯ ᠤᠨ ᠨᠡᠭᠦᠷᠡᠰᠦᠨ ᠤ ᠭᠠᠷᠤᠯᠲᠠ ᠶᠢ 1.4 ᠳ᠋ᠦᠩᠰᠢᠭᠤᠷ ᠲᠣᠨ ᠣᠷᠴᠢᠮ ᠳᠤ ᠬᠦᠷᠭᠡᠬᠦ ᠪᠠᠷ ᠴᠢᠷᠮᠠᠶᠢᠨ᠎ᠠ᠃ ᠪᠦᠬᠦ ᠠᠶᠢᠮᠠᠭ ᠤᠨ ᠢᠯᠴᠢ ᠶᠢᠨ ᠴᠠᠬᠢᠯᠭᠠᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 1700 ᠲᠦᠮᠡᠨ ᠺᠢᠯᠣᠸᠠᠲ ᠲᠤ ᠬᠦᠷᠦᠭᠦᠯᠦᠨ᠎ᠡ᠃ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠳᠡᠭᠡᠳᠦ ᠨᠠᠷᠢᠯᠢᠭ ᠬᠥᠩᠭᠡᠨᠴᠠᠭᠠᠨ ᠤ ᠬᠠᠪᠲᠠᠰᠤ᠂ ᠪᠦᠦ  ᠱᠦᠸᠧ ᠬᠥᠩᠭᠡᠨᠴᠠᠭᠠᠨ ᠤ ᠬᠠᠶᠢᠯᠤᠰᠢ᠂ ᠨᠦᠸᠧ ᠶᠢᠨ ᠨᠡᠭᠦᠷᠠᠰᠦᠳᠦ᠋ᠷᠦᠭᠴᠢᠳᠣ ᠪᠠᠯ ᠴᠢᠯᠠᠭᠤᠨ ᠴᠠᠬᠢᠯᠭᠠᠨ ᠲᠦᠢᠯ᠂ ᠲᠠᠩ ᠾᠧ ᠬᠢᠮᠡᠯ ᠠᠯᠮᠠᠰ ᠴᠢᠯᠠᠭᠤ ᠵᠢᠴᠢ ᠥᠩᠭᠡᠲᠦ ᠲᠡᠮᠦᠷᠯᠢᠭ ᠰᠣᠩᠭᠤᠨ ᠪᠣᠯᠪᠠᠰᠤᠷᠠᠭᠤᠯᠬᠤ ᠵᠡᠷᠭᠡ ᠠᠵᠤ ᠠᠬᠤᠶᠢᠯᠠᠯ ᠤᠨ ᠬᠦᠢᠴᠡᠳ ᠳᠠᠭᠠᠭᠠᠴᠠ ᠲᠠᠢ ᠦᠢᠯᠡᠳᠪᠦᠷᠢᠯᠡᠯ ᠢ ᠠᠬᠢᠭᠤᠯᠵᠤ᠂ ᠡᠨᠧᠷᠭᠢ ᠶᠢᠨ ᠲᠣᠨᠣᠭᠯᠠᠯ ᠦᠢᠯᠡᠳᠬᠦ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠮᠵᠢᠶ᠎ᠡ ᠪᠠᠨ ᠳᠡᠭᠡᠭᠰᠢᠯᠡᠭᠦᠯᠦᠨ ᠦᠷ᠎ᠡ ᠠᠰᠢᠭ ᠣᠯᠬᠤ ᠶᠢ ᠪᠠᠳᠣᠯᠠᠵᠣ᠂ ᠰᠢᠨ᠎ᠡ ᠪᠠᠷ 12᠎ ᠠᠴᠠ ᠳᠡᠭᠡᠭᠰᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠬᠡᠯ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃        ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠤᠨ ᠬᠤᠳᠠᠯᠳᠤᠭᠠᠴᠢᠨ ᠤᠷᠢᠬᠤ  ᠠᠵᠢᠯ ᠢ ᠰᠠᠶᠢᠳᠣᠷ ᠠᠳᠬᠤᠨ᠎ᠠ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠬᠦ ᠪᠣᠭᠤᠮᠲᠠ ᠰᠢᠪᠲᠤᠯᠬᠤ ᠠᠵᠢᠯᠯᠠᠭ᠎ᠠ ᠪᠠᠨ ᠦᠷᠭᠦᠯᠵᠢᠯᠡᠨ ᠥᠷᠨᠢᠭᠦᠯᠵᠦ᠂ ᠠᠶᠢᠮᠠᠭ ᠤᠨ ᠲᠠᠰ ᠤᠨ 188 ᠭᠤᠤᠯᠳᠠᠯᠭ᠎ᠠ ᠲᠠᠢ ᠲᠥᠷᠥᠯ ᠵᠦᠢᠯ ᠢ ᠢᠷᠡᠬᠦ ᠵᠢᠯ ᠤᠨ 4 ᠰᠠᠷ᠎ᠠ ᠶᠢᠨ 15᠎ ᠤ ᠡᠳᠦᠷ ᠠᠴᠠ ᠡᠮᠦᠨ᠎ᠡ ᠪᠦᠬᠦᠨ ᠢᠶᠠᠷ ᠢᠶᠠᠨ ᠠᠵᠢᠯ ᠡᠬᠢᠯᠡᠭᠦᠯᠬᠦ ᠪᠠ ᠰᠡᠷᠭᠦᠭᠡᠬᠦ ᠨᠥᠬᠦᠴᠡᠯ ᠢᠶᠠᠨ ᠪᠦᠷᠢᠯᠳᠦᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂  ᠪᠥᠬᠦ ᠵᠢᠯ ᠳᠤ 450 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠣᠷᠣᠭᠤᠯᠤᠯᠲᠠ ᠶᠢ ᠪᠡᠶᠡᠯᠡᠭᠦᠯᠵᠦ᠂ 15%᠎ ᠠᠴᠠ ᠳᠡᠭᠡᠭᠰᠢ ᠨᠡᠮᠡᠭᠳᠡᠭᠦᠯᠦᠨ᠎ᠡ᠃  ︽ᠪᠣᠬᠢᠷᠲᠤᠯ ᠥᠬᠡᠶ ᠴᠠᠬᠢᠯᠭᠠᠨ ᠢ ᠲᠣᠰ ᠭᠠᠵᠠᠷ ᠲᠤᠨᠢ ᠰᠢᠩᠭᠡᠭᠡᠬᠦ᠂ ᠡᠬᠢ ᠪᠠᠶᠠᠯᠢᠭ ᠢ ᠲᠤᠬᠠᠶ ᠶᠢᠨ ᠭᠠᠵᠠᠷ ᠲᠤᠨᠢ ᠬᠤᠪᠢᠷᠠᠭᠤᠯᠬᠤ︾ ᠰᠡᠳᠬᠢᠮᠵᠢ ᠶᠣᠰᠣᠭᠠᠷ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠣᠷᠢᠬᠤ ᠵᠠᠩᠭᠢᠯᠠᠭ᠎ᠠ ᠶᠢᠨ ᠬᠡᠯᠬᠢᠶᠡᠵᠢᠯ ᠢ ᠨᠥᠬᠦᠪᠥᠷᠢᠯᠡᠵᠦ᠂ ︽ᠲᠠᠩ ᠭᠠᠭᠴᠠ ᠲᠥᠷᠥᠯ ᠵᠦᠢᠯ᠂ ᠲᠠᠩ ᠭᠠᠭᠴᠠ ᠠᠵᠤ ᠠᠬᠤᠶᠢᠯᠠᠯ︾᠎ ᠢ ᠣᠷᠣᠭᠤᠯᠬᠤ ᠠᠴᠠ ︽ᠪᠦᠷᠢᠨ ᠪᠦᠲᠦᠨ ᠠᠵᠤ ᠦᠢᠯᠡᠰ ᠤᠨ ᠬᠡᠯᠬᠢᠶᠡᠵᠢᠯ ᠢ ᠪᠠᠶᠢᠭᠤᠯᠵᠤ᠂ ᠠᠵᠤ ᠦᠢᠯᠡᠰ ᠤᠨ ᠪᠦᠯᠦᠭᠯᠡᠯ ᠤᠨ ᠬᠥᠭᠵᠢᠯᠲᠡ ᠶᠢ ᠠᠬᠢᠭᠤᠯᠬᠤ︾ ᠳᠠᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃       ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃  ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠪᠠᠨ ᠰᠠᠶᠢᠲᠤᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠶ ᠪᠠᠷ ᠲᠣᠬᠢᠷᠠᠯᠴᠠᠭᠰᠠᠨ ᠢᠶᠠᠨ ᠭᠦᠢᠴᠡᠳᠬᠡᠬᠦ ᠲᠣᠭᠲᠠᠴᠠ ᠶᠢ ᠲᠡᠭᠦᠯᠳᠡᠷᠵᠢᠭᠦᠯᠵᠦ ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ᠃ ᠨᠢᠭᠡ ᠲᠠᠯ᠎ᠠ ᠪᠠᠷ᠂ ᠣᠯᠠᠨ ᠲᠦᠮᠡᠨ ᠳᠤ ᠰᠠᠶᠢᠲᠤᠷ ᠦᠢᠯᠡᠴᠢᠯᠡᠵᠦ᠂ ︽ᠤᠴᠢᠷ ᠶᠠᠪᠤᠳᠠᠯ ᠪᠦᠲᠦᠭᠡᠬᠦ ᠳᠤ ᠬᠥᠮᠦᠨ ᠠᠴᠠ ᠲᠤᠰᠠᠯᠠᠮᠵᠢ ᠬᠦᠰᠡᠬᠦ ᠦᠭᠡᠢ︾ 1.0 ᠬᠡᠪᠯᠡᠯ ᠠᠴᠠ ︽ᠨᠢᠭᠤᠷ ᠵᠣᠯᠭᠠᠬᠤ ᠦᠭᠡᠢ ᠪᠠᠷ ᠭᠦᠢᠴᠡᠳᠬᠡᠬᠦ  ︾ ᠪᠠ ︽ᠲᠠᠭᠠᠯᠠᠮᠵᠢᠲᠠᠶ᠂ ᠪᠠᠶᠠᠷ ᠬᠥᠷ ᠲᠠᠢ᠂ ᠤᠴᠢᠷ ᠶᠠᠪᠤᠳᠠᠯ ᠪᠦᠲᠦᠭᠡᠬᠦ ᠳᠤ ᠲᠥᠬᠦᠮ︾ 2.0 ᠬᠡᠪᠯᠡᠯ ᠪᠣᠯᠭᠠᠨ ᠲᠠᠰ ᠳᠡᠪᠰᠢᠭᠦᠯᠦᠨ᠎ᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠩ ᠣᠯᠠᠨ ᠥᠨᠳᠥᠷ ᠳᠠᠪᠲᠠᠮᠵᠢᠲᠤ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ︾᠎ ᠶᠢ ᠪᠡᠶᠡᠯᠡᠭᠦᠯᠦᠨ᠎ᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠰᠢᠢᠳᠪᠦᠷᠢᠯᠡᠬᠦ ᠨᠣᠷᠮ᠎ᠠ᠂ ᠬᠠᠨᠤᠮᠵᠢᠲᠠᠶ ᠪᠠᠶᠢᠬᠤ ᠨᠣᠷᠮ᠎ᠠ ᠪᠠ ᠰᠢᠢᠳᠪᠦᠷᠢᠯᠡᠵᠣ ᠳᠠᠭᠤᠰᠬᠠᠬᠤ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠵᠠᠷᠭᠤ ᠬᠦᠯᠢᠶᠡᠨ ᠠᠪᠤᠮᠠᠭᠴᠠ ᠪᠠᠨ ᠭᠦᠢᠴᠡᠳᠬᠡᠬᠦ︾᠎ ᠠᠴᠠ ︽ᠵᠠᠷᠭᠤ ᠬᠢᠭᠡᠳᠦᠢ ᠪᠠᠷ ᠤᠷᠢᠳᠠᠪᠠᠷ ᠰᠢᠢᠳᠪᠦᠷᠢᠯᠡᠬᠦ︾ ᠳᠠᠰᠢ ᠬᠤᠪᠢᠷᠠᠭᠤᠯᠬᠤ ᠶᠢ ᠰᠦᠪᠡᠭᠴᠢᠯᠡᠨ᠎ᠡ᠃ ᠨᠥᠭᠦᠭᠡ ᠲᠠᠯ᠎ᠠ ᠪᠠᠷ᠂ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠦ᠂ ᠤᠳᠤᠷᠢᠳᠬᠤ ᠺᠠᠳ᠋ᠷᠴᠤᠳ ᠤᠨ ᠭᠤᠣᠯᠳᠠᠯᠭ᠎ᠠ ᠲᠠᠢ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠨᠠᠶᠢᠳᠠᠪᠣᠷᠢᠵᠢᠭᠤᠯᠵᠣ᠂ ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠪᠦᠬᠦ ᠲᠠᠯ᠎ᠠ ᠪᠠᠷ ᠪᠦᠬᠦ ᠦᠶᠡᠯᠡᠯ ᠤᠨ ᠬᠤᠭᠤᠴᠠᠭᠠᠨ ᠳᠤ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠪᠠᠷ ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠶᠢᠰᠢ ᠤᠷᠲᠤᠳᠬᠠᠬᠤ ᠶᠢ ᠲᠦᠷᠭᠡᠳᠬᠡᠨ ᠠᠬᠢᠭᠤᠯᠵᠤ᠂ ︽ᠪᠠᠷᠢᠮᠵᠢᠶᠠᠲᠤ ᠭᠠᠵᠠᠷ ᠢ ᠰᠣᠷᠳᠠᠯᠴᠢᠯᠠᠨ ᠳᠠᠨᠢᠭᠤᠯᠬᠤ᠂ ᠣᠷᠣᠨ ᠪᠦᠰᠡ ᠶᠢ ᠤᠷᠢᠳᠠᠪᠡᠷ ᠦᠨᠡᠯᠡᠨ ᠵᠢᠱᠢᠬᠦ᠂ ᠪᠠᠷᠢᠮᠵᠢᠶᠠᠲᠤ ᠦᠢᠯᠡᠳᠪᠦᠷᠢ ᠶᠢ ᠰᠠᠶᠢᠲᠤᠷ ᠪᠠᠶᠢᠭᠤᠯᠬᠤ᠂ ᠭᠡᠷ᠎ᠡ ᠲᠣᠭᠲᠠᠪᠠᠯ ᠳᠠᠷᠤᠢ ᠠᠵᠢᠯ ᠡᠬᠢᠯᠡᠭᠦᠯᠬᠦ︾ ᠲᠡᠷᠢᠭᠦᠨ ᠤ ᠲᠤᠷᠰᠢᠯᠭ᠎ᠠ ᠶᠢ ᠶᠡᠬᠡᠪᠡᠷ ᠳᠡᠯᠭᠡᠷᠡᠭᠦᠯᠵᠦ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠤᠨ ︽ᠪᠠᠷᠢᠮᠵᠢᠶᠠᠲᠤ ᠭᠠᠵᠠᠷ︾᠎ ᠤᠨ ᠰᠢᠯᠵᠢᠭᠦᠯᠦᠨ ᠥᠭᠬᠦ ᠡᠵᠡᠯᠡᠬᠦ ᠬᠠᠷᠢᠴᠠᠯ ᠢ 100%᠎ ᠳᠤ ᠬᠦᠷᠦᠭᠦᠯᠦᠨ᠎ᠡ᠃       ︵ᠬᠤᠶᠠᠷ︶ ᠠᠵᠤ ᠦᠢᠯᠡᠰ ᠤᠨ ᠪᠦᠲᠦᠴᠡ ᠶᠢ ᠡᠷᠡᠰ ᠭᠤᠶᠢᠪᠢᠰᠢ ᠦᠭᠡᠢ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠣᠳᠣ ᠦᠶ᠎ᠡ ᠶᠢᠨ ᠤᠨᠴᠠᠯᠢᠭᠳᠤ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ       ︽ᠪᠣᠬᠢᠷᠳᠣᠯ ᠦᠭᠡᠢ ᠴᠠᠬᠢᠯᠭᠠᠨ ᠠᠰᠢᠭᠯᠠᠬᠤ︾᠎ ᠪᠠᠷ ᠳᠠᠭᠠᠭᠤᠯᠤᠭᠴᠢ ᠪᠣᠯᠭᠠᠨ ᠨᠡᠭᠦᠷᠡᠰᠦᠨ ᠤ ᠪᠤᠰᠤ ᠠᠵᠤ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠳᠠᠶᠢᠴᠢᠯᠠᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠬᠦᠷᠢᠶᠡᠨ ᠳᠤ ︽ᠠᠵᠤ ᠦᠢᠯᠡᠳᠪᠦᠷᠢ ᠶᠢᠨ ᠥᠪᠥᠷ ᠮᠣᠩᠭᠤᠯ︾᠎ ᠢ ᠳᠠᠬᠢᠨ ᠪᠠᠶᠢᠭᠤᠯᠬᠤ ᠬᠠᠷᠠᠯᠲᠠ ᠶᠢ ᠨᠠᠶᠢᠳᠠᠪᠤᠷᠢᠵᠢᠭᠤᠯᠬᠤ ᠪᠠ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠭᠦᠯᠦᠯᠲᠡ ᠶᠢᠨ ︽1+7︾᠎ ᠤ ᠲᠥᠷᠥ ᠶᠢᠨ ᠪᠣᠳᠣᠯᠭ᠎ᠠ ᠶᠢ ᠠᠬᠢᠭᠤᠯᠬᠤ ᠲᠠᠢ ᠤᠶᠠᠯᠳᠤᠭᠤᠯᠤᠨ᠂ ᠪᠣᠬᠢᠷᠲᠤᠯ ᠦᠭᠡᠢ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮᠵᠢ ᠶᠢ ᠤᠷᠢᠳᠠᠪᠠᠷ ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠴᠢᠩᠭᠠᠳᠬᠠᠵᠤ᠂ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠭᠠᠳᠠᠭᠰᠢ ᠬᠦᠷᠭᠡᠬᠦ ᠶᠢ ᠲᠤᠯᠭᠠᠭᠤᠷᠢᠯᠠᠬᠤ ᠶᠢᠨ ᠲᠣᠭᠤᠷᠢᠨ ᠳᠤ᠂ ᠢᠯᠠᠯᠲᠠ ᠠᠴᠠ ᠴᠢᠭᠤᠯᠤᠯᠲᠤ ᠬᠠᠭᠠᠯᠭ᠎ᠠ ᠬᠥᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠳᠠᠮᠵᠢᠭᠤᠯᠬᠤ ᠱᠤᠭᠤᠮ ᠢ ᠪᠠᠶᠢᠭᠤᠯᠤᠨ ᠳᠠᠭᠤᠰᠬᠠᠬᠤ ᠶᠢ ᠠᠬᠢᠭᠤᠯᠵᠤ᠂ ᠳᠣᠯᠣᠨ ᠨᠣᠣᠷ ᠠᠴᠠ ᠴᠧᠩᠳᠧ ᠬᠥᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠳᠠᠮᠵᠢᠭᠤᠯᠬᠤ ᠵᠠᠮ ᠱᠤᠭᠤᠮ ᠤᠨ ᠲᠦᠷᠢᠮ ᠬᠡᠷᠡᠭᠵᠢᠭᠦᠯᠬᠦ ᠶᠢ ᠦᠨᠡᠨᠬᠦ ᠪᠠᠲᠤᠯᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠠᠴᠠ ᠪᠡᠭᠡᠵᠢᠩ ᠲᠢᠶᠠᠨᠵᠢᠨ ᠡᡁᠧᠪᠸᠢ ᠬᠥᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠳᠠᠮᠵᠢᠭᠤᠯᠬᠤ ᠵᠠᠮ ᠱᠤᠭᠤᠮ ᠤᠨ ᠲᠦᠷᠢᠮ ᠬᠡᠷᠡᠭᠵᠢᠭᠦᠯᠬᠦ ᠶᠢ ᠠᠬᠢᠭᠤᠯᠤᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ᠂ ᠰᠦᠨᠢᠳ ᠤᠨ ᠴᠦᠯᠯᠡᠷᠭᠡᠭ ᠣᠷᠣᠨ ᠳᠠᠬᠢ ᠮᠢᠩᠭᠠᠨ ᠲᠦᠮᠡᠨ ᠺᠢᠯᠣᠸᠠᠲ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠨᠴᠠ ᠥᠨᠳᠥᠷ ᠬᠦᠴᠦᠳᠡᠯᠲᠦ ᠭᠤᠷᠪᠠᠳᠤᠭᠠᠷ ᠬᠤᠭᠤᠴᠠᠭᠠᠨ ᠤ 500 ᠲᠦᠮᠡᠨ ᠺᠢᠯᠤᠸᠤᠯᠲ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠥᠬᠦ ᠲᠠᠯ᠎ᠠ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠠᠵᠠ ᠲᠣᠬᠢᠶᠠᠯ ᠢ ᠠᠮᠵᠢᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠬᠡᠷᠡᠯ ᠴᠡᠨᠡᠭ ᠢᠶᠠᠷ ᠡᠯᠡᠰᠦ ᠵᠠᠰᠠᠬᠤ ᠲᠥᠷᠥᠯ ᠵᠦᠢᠯ ᠢ ᠮᠠᠨ ᠤ ᠠᠶᠢᠮᠠᠭ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠢᠯ ᠤᠨ ᠡᠴᠦᠰ ᠪᠣᠯᠬᠤ ᠳᠤ ᠪᠦᠬᠦ ᠠᠶᠢᠮᠠᠭ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 2000 ᠲᠦᠮᠡᠨ ᠺᠢᠯᠣᠸᠠᠲ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃  ︽ᠪᠣᠬᠢᠷᠲᠤᠯ ᠥᠬᠡᠶ ᠴᠠᠬᠢᠯᠭᠠᠨ + ᠴᠢᠨᠠᠷ ᠰᠠᠶᠢᠲᠠᠶ ᠥᠨᠳᠥᠷ ᠠᠴᠢᠶᠠᠯᠠᠭᠴᠢ ᠡᠨᠧᠷᠭᠢ︾᠎ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠢᠶᠠᠷ ᠣᠷᠣᠯᠠᠭᠤᠯᠬᠤ᠂ ᠡᠬᠢ ᠰᠤᠷᠪᠤᠯᠵᠢ ᠶᠢᠨ ᠴᠠᠬᠢᠯᠭᠠᠨ ᠲᠣᠣᠷ ᠤᠨ ᠴᠡᠨᠡᠭ ᠨᠥᠭᠡᠴᠡᠯᠡᠬᠦ ᠶᠢ ᠨᠢᠭᠡ ᠴᠤᠭᠴᠠᠵᠢᠭᠤᠯᠬᠤ᠂ ᠰᠢᠨ᠎ᠡ ᠬᠡᠯᠪᠡᠷᠢ ᠶᠢᠨ ᠪᠢᠴᠢᠯ ᠴᠠᠬᠢᠯᠭᠠᠨ ᠲᠣᠣᠷ ᠵᠡᠷᠭᠡ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠳᠡᠭᠡᠳᠦ ᠨᠠᠷᠢᠯᠢᠭ ᠬᠦᠩᠭᠡᠨᠴᠠᠭᠠᠨ ᠤ ᠬᠠᠪᠲᠠᠰᠤ᠂ ᠵᠡᠰ ᠴᠠᠶᠢᠷ ᠬᠠᠶᠢᠯᠤᠭᠤᠯᠬᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠦᠯᠡᠳᠡᠭᠳᠡᠯ ᠬᠦᠴᠦᠨ ᠪᠦᠬᠦᠢ ᠲᠥᠷᠥᠯ ᠵᠦᠢᠯ ᠤᠨ ᠪᠣᠬᠢᠷᠲᠤᠯ ᠥᠬᠡᠶ ᠴᠠᠬᠢᠯᠭᠠᠨ ᠢᠶᠠᠷ ᠣᠷᠣᠯᠠᠭᠤᠯᠬᠤ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠬᠦ ᠶᠢ ᠵᠢᠯᠣᠭᠤᠳᠤᠨ᠎ᠠ᠃ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠢ ᠬᠦᠴᠦᠷᠬᠡᠭᠵᠢᠭᠦᠯᠵᠦ᠂  ᠵᠥᠩ ᠴᠤᠸᠠᠨ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠠᠵᠢᠯ ᠢ ᠠᠰᠢᠭᠯᠠᠯᠲᠠ ᠳᠤ ᠣᠷᠣᠭᠤᠯᠬᠤ ᠶᠢ ᠭᠤᠤᠯᠳᠠᠯᠭ᠎ᠠ ᠲᠠᠢ ᠠᠬᠢᠭᠤᠯᠵᠤ᠂ ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠬᠦ ᠲᠥᠬᠦᠭᠡᠷᠦᠮᠵᠢ᠂ ᠤᠶᠤᠨᠲᠤ ᠬᠡᠷᠡᠯ ᠴᠡᠨᠡᠭ ᠤᠨ ᠰᠥᠷᠭᠡᠤ ᠬᠤᠪᠢᠰᠬᠠᠭᠤᠷ᠂ ᠥᠨᠳᠥᠷ ᠦᠷ᠎ᠡ ᠠᠰᠢᠭᠲᠤ ᠳᠠᠩ ᠲᠠᠯᠠᠰᠲᠤ ᠬᠡᠷᠴᠢᠮᠠᠯ᠂ ᠴᠠᠬᠢᠯᠭᠠᠨ ᠬᠦᠳᠡᠯᠭᠡᠭᠦᠷ ᠦᠢᠯᠡᠳᠪᠦᠷᠢᠯᠡᠬᠦ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠵᠤ᠂ ᠰᠠᠯᠬᠢ ᠭᠡᠷᠡᠯ ᠤᠰᠤᠲᠥ᠋ᠷᠥᠭᠴᠢ ᠶᠢ ᠨᠥᠭᠡᠴᠡᠯᠡᠬᠦ ᠪᠥᠬᠦ ᠠᠵᠤ ᠦᠢᠯᠡᠰ ᠤᠨ ᠬᠡᠯᠬᠢᠶᠡᠵᠢᠯ ᠤᠨ ᠲᠣᠨᠣᠭᠯᠠᠯ ᠦᠢᠯᠡᠳᠬᠦ ᠪᠠ ᠠᠵᠢᠯᠯᠠᠭᠤᠯᠵᠤ ᠬᠠᠮᠠᠭᠠᠯᠠᠬᠤ ᠰᠠᠭᠤᠷᠢᠨ ᠭᠠᠵᠠᠷ ᠢ ᠪᠠᠶᠢᠭᠤᠯᠤᠨ᠎ᠠ᠃       ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠬᠡᠯᠪᠡᠷᠢ ᠪᠠᠨ ᠬᠤᠪᠢᠷᠠᠭᠤᠯᠬᠤ ᠶᠢ ᠶᠡᠬᠡᠪᠡᠷ ᠲᠦᠯᠬᠢᠨ ᠠᠬᠢᠭᠤᠯᠤᠨ᠎ᠠ᠃  ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢᠶᠠᠨ ᠤᠯᠠᠮ ᠳᠡᠭᠡᠭᠰᠢᠯᠡᠭᠦᠯᠵᠦ᠂ ᠰᠢᠯᠢ ᠶᠢᠨ ᠭᠤᠤᠯ ᠬᠤᠨᠢᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠬᠤ ᠬᠠᠮᠢᠶᠠᠷᠤᠯᠲᠠ ᠶᠢᠨ ᠠᠷᠭ᠎ᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠵᠢᠯ ᠤᠨ ᠳᠣᠲᠣᠷ᠎ᠠ 50 ᠲᠦᠮᠡ ᠠᠴᠠ ᠳᠡᠭᠡᠭᠰᠢ  ᠪᠡᠯᠴᠢᠭᠡᠷ ᠤᠨ ᠬᠤᠨᠢ ᠶᠢ ᠮᠥᠷᠳᠡᠨ ᠨᠡᠬᠡᠮᠵᠢᠯᠡᠬᠦ ᠶᠢ ᠬᠡᠷᠡᠭᠵᠢᠭᠦᠯᠵᠦ᠂ ᠦᠢᠯᠡᠳᠬᠦᠨ ᠤ ᠦᠨ᠎ᠡ ᠬᠠᠩᠰᠢ ᠶᠢ 8%᠎ ᠠᠴᠠ ᠳᠡᠭᠡᠭᠰᠢ ᠥᠰᠬᠡᠬᠦ ᠎ ᠪᠠᠷ ᠴᠢᠷᠮᠠᠶᠢᠨ᠎ᠠ᠃ ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠎ ᠶᠢᠨ ᠡᠷᠬᠡ ᠣᠯᠭᠤᠭᠰᠠᠨ ᠬᠡᠪᠴᠢᠶ᠎ᠡ ᠶᠢ ᠦᠷᠭᠡᠳᠭᠡᠨ᠎ᠡ᠃ ᠦᠷ᠎ᠡ ᠶᠢᠨ ᠦᠢᠯᠡᠰ ᠤᠨ ᠥᠷᠢᠰᠦᠯᠳᠦᠬᠦ ᠬᠦᠴᠦᠨ ᠢ ᠤᠯᠠᠮ ᠳᠡᠭᠡᠭᠰᠢᠯᠡᠭᠦᠯᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠴᠢᠨᠠᠷ ᠰᠠᠶᠢᠲᠠᠶ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠪᠠ ᠪᠠᠶᠢᠭᠠᠯᠢᠯᠢᠭ ᠬᠡᠭᠡᠯᠲᠦᠭᠦᠯᠭᠡ ᠶᠢ ᠠᠳᠬᠤᠵᠤ᠂ ᠮᠢᠬᠠᠨ ᠤ ᠦᠬᠡᠷ ᠤᠨ ᠪᠣᠳᠠᠭᠠᠯᠢ ᠪᠡᠶ᠎ᠡ ᠶᠢᠨ ᠭᠠᠷᠭᠠᠯᠲᠠ ᠪᠠ ᠶᠡᠷᠦᠩᠬᠡᠶᠢᠯᠡᠭᠰᠡᠨ ᠦᠷ᠎ᠡ ᠠᠰᠢᠭ ᠤᠨ ᠥᠷᠲᠡᠭ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠷ᠎ᠡ ᠠᠰᠢᠭ ᠢ ᠤᠯᠠᠮ ᠳᠡᠭᠡᠭᠰᠢᠯᠡᠭᠦᠯᠵᠦ᠂  ︽ᠪᠡᠯᠴᠢᠭᠡᠷᠯᠡᠭᠦᠯᠬᠦ + ᠲᠡᠵᠢᠭᠡᠯ ᠨᠥᠬᠦᠪᠥᠷᠢᠯᠡᠬᠦ︾᠂ ︽ᠪᠥᠬᠦ ᠵᠢᠯ ᠳᠤ ᠪᠡᠯᠴᠢᠭᠡᠷᠯᠡᠭᠦᠯᠬᠦ ᠶᠢ ᠵᠣᠭᠰᠣᠭᠠᠬᠤ + ᠬᠠᠰᠢᠶᠠᠯᠠᠨ ᠲᠡᠵᠢᠭᠡᠬᠦ︾ ᠵᠡᠷᠭᠡ ᠬᠡᠪ ᠵᠠᠭᠪᠤᠷ ᠢ ᠲᠤᠬᠠᠢ ᠶᠢᠨ ᠭᠠᠵᠠᠷ ᠣᠷᠣᠨ ᠤ ᠪᠠᠨ ᠪᠠᠶᠢᠳᠠᠯ ᠳᠤᠨᠢ ᠲᠣᠬᠢᠷᠠᠭᠤᠯᠤᠨ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ ᠂  ᠬᠠᠰᠢᠶᠠᠯᠠᠨ ᠲᠡᠵᠢᠭᠡᠭᠰᠡᠨ ᠮᠠᠯ ᠢᠶᠠᠨ ᠪᠡᠯᠴᠢᠭᠡᠷᠯᠡᠭᠦᠯᠬᠦ ᠥᠬᠡᠶ ᠪᠠᠶᠢᠬᠤ ᠤᠷᠢᠲᠠᠯ ᠳᠣᠤᠷ᠎ᠠ᠂ ︽ᠬᠤᠨᠢ ᠶᠢ ᠴᠥᠭᠡᠳᠬᠡᠵᠦ᠂ ᠦᠬᠡᠷ ᠢ ᠨᠡᠮᠡᠭᠳᠡᠭᠦᠯᠬᠦ︾ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ᠎ᠡ᠃ ᠨᠠᠷᠢᠯᠢᠭ ᠭᠦᠨᠵᠡᠭᠡᠶ ᠡᠳ᠋ᠰᠢᠭᠦᠯᠬᠦ ᠲᠠᠰ ᠳᠠᠪᠬᠤᠷᠭ᠎ᠠ ᠶᠢ ᠤᠯᠠᠮ ᠳᠡᠭᠡᠭᠰᠢᠯᠡᠭᠦᠯᠵᠦ᠂ ᠠᠶᠢᠮᠠᠭ ᠤᠨ ᠳᠣᠲᠣᠷᠠᠬᠢ ᠭᠤᠤᠯᠳᠠᠯᠭ᠎ᠠ ᠲᠠᠢ ᠲᠣᠯᠣᠭᠠᠶᠢᠯᠠᠭᠴᠢ ᠠᠵᠤ ᠠᠬᠤᠶᠢᠯᠠᠯ ᠤᠨ ᠨᠠᠷᠢᠯᠢᠭ ᠡᠳ᠋ᠰᠢᠭᠦᠯᠬᠦ ᠦᠢᠯᠡᠳᠪᠦᠷᠢᠯᠡᠯ ᠤᠨ ᠱᠤᠭᠤᠮ ᠢᠶᠠᠨ ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ ᠳᠠᠬᠢᠨ 1—2 ᠮᠢᠬᠠᠨ ᠤ ᠦᠬᠡᠷ ᠤᠨ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠶᠢᠮᠠᠭ ᠤᠨ ᠳᠣᠲᠣᠷᠠᠬᠢ ᠮᠠᠯ ᠤᠨ ᠡᠳ᠋ᠰᠢᠭᠦᠯᠦᠨ ᠪᠣᠯᠪᠠᠰᠤᠷᠠᠭᠤᠯᠬᠤ ᠬᠡᠮᠵᠢᠶ᠎ᠡ ᠶᠢ 450 ᠲᠦᠮᠡᠨ ᠬᠤᠨᠢᠴᠢᠯᠠᠭᠰᠡᠨ ᠨᠢᠭᠡᠴᠡ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃  ᠮᠠᠯ ᠠᠵᠤ ᠠᠬᠤᠢ ᠲᠠᠷᠢᠶᠠᠯᠠᠩ ᠤᠨ ᠲᠥᠬᠦᠭᠡᠷᠦᠮᠵᠢᠲᠦ ᠬᠢᠷᠢ ᠲᠦᠪᠰᠢᠨ ᠢ ᠤᠯᠠᠮ ᠳᠡᠭᠡᠭᠰᠢᠯᠡᠭᠦᠯᠵᠦ᠂ ︽ᠠᠮᠤ ᠪᠤᠳᠠᠭ᠎ᠠ ᠶᠢ ᠲᠣᠭᠲᠠᠪᠤᠷᠢᠵᠢᠭᠤᠯᠵᠤ ᠠᠵᠤ ᠠᠬᠤᠶ ᠶᠢ ᠰᠢᠯᠢᠳᠡᠭᠵᠢᠭᠦᠯᠦᠨ ᠲᠠᠷᠢᠮᠠᠯ ᠢ ᠥᠷᠭᠡᠳᠬᠡᠬᠦ︾᠎ ᠶᠢ ᠪᠠᠷᠢᠮᠲᠠᠯᠠᠨ᠂ ᠠᠮᠤ ᠪᠤᠳᠠᠭ᠎ᠠ ᠳᠠᠷᠢᠬᠤ ᠲᠠᠯᠠᠪᠠᠶ ᠶᠢ 220 ᠲᠦᠮᠡᠨ ᠮᠥ᠂ ᠠᠵᠤ ᠠᠬᠤᠶ ᠶᠢᠨ ᠲᠠᠷᠢᠮᠠᠯ ᠢ 70 ᠲᠦᠮᠡᠨ ᠮᠥ  ᠲᠠᠷᠢᠬᠤ ᠶᠢ ᠦᠨᠡᠨᠬᠦ ᠪᠠᠲᠤᠯᠠᠨ᠎ᠠ︔ ᠴᠢᠨᠠᠷ ᠰᠠᠶᠢᠲᠠᠶ ᠲᠡᠵᠢᠭᠡᠯ ᠡᠪᠡᠰᠦ ᠳᠠᠷᠢᠬᠤ ᠲᠠᠯᠠᠪᠠᠶ ᠶᠢ 10 ᠲᠦᠮᠡᠨ ᠮᠥ ᠰᠢᠨ᠎ᠡ ᠪᠠᠷ ᠨᠡᠮᠡᠭᠳᠡᠭᠦᠯᠵᠦ᠂ 120 ᠲᠦᠮᠡᠨ ᠮᠥ ᠳᠤ ᠬᠦᠷᠦᠭᠦᠯᠦᠨ᠎ᠡ᠃       ᠵᠢᠭᠤᠯᠴᠢᠯᠠᠯ ᠤᠨ ᠦᠢᠯᠡᠰ ᠢᠶᠠᠷ ᠵᠢᠯᠣᠭᠤᠳᠤᠮᠵᠢ ᠪᠣᠯᠭᠠᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢᠶᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃  ᠭᠤᠣᠯᠳᠠᠯᠭ᠎ᠠ ᠲᠠᠢ ᠦᠵᠡᠮᠵᠢ ᠶᠢᠨ ᠣᠷᠣᠨ ᠢ ᠳᠡᠰ ᠳᠡᠪᠰᠢᠬᠦᠯᠬᠦ ᠪᠠᠨ ᠦᠷᠭᠦᠯᠵᠢᠯᠡᠨ ᠲᠦᠷᠭᠡᠳᠬᠡᠵᠦ᠂ ᠤᠯᠠᠭᠠᠢ ᠶᠢᠨ ᠵᠢᠦ ᠴᠢᠤᠢ ᠸᠠᠨ ᠤ ᠤᠯᠤᠰ ᠤᠨ 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠤᠯᠤᠨ ᠨᠠᠭᠤᠷ ᠳᠠᠭᠠᠤ ᠤᠯᠤᠰ ᠤᠨ ᠵᠤᠭᠠᠴᠠᠯ ᠤᠨ ᠣᠷᠣᠨ ᠢ ᠡᠭᠦᠳᠦᠨ ᠪᠠᠶᠢᠭᠤᠯᠬᠤ ᠠᠵᠢᠯ ᠢᠶᠠᠨ ᠭᠤᠣᠯᠳᠠᠯᠭ᠎ᠠ ᠲᠠᠢ ᠠᠬᠢᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠵᠢᠭᠤᠯᠴᠢᠯᠠᠯ ᠤᠨ ᠲᠣᠭᠤᠷᠢᠯ ᠱᠤᠭᠤᠮ ᠪᠠ ᠲᠠᠯ᠎ᠠ ᠨᠤᠲᠤᠭ ᠲᠤ ᠵᠢᠭᠤᠯᠴᠢᠯᠠᠨ ᠰᠡᠭᠦᠳᠡᠷᠯᠡᠬᠦ ᠂ ᠡᠷᠡᠭᠦᠯᠵᠢᠯ ᠰᠤᠪᠢᠯᠠᠯᠲᠠ᠂ ᠬᠡᠭᠡᠷ᠎ᠡ ᠬᠤᠨᠣᠭᠯᠠᠬᠤ᠂ ᠰᠤᠳᠤᠯᠤᠨ ᠰᠤᠷᠤᠯᠴᠠᠬᠤ ᠵᠡᠷᠭᠡ ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠤᠣᠯᠳᠠᠯᠭ᠎ᠠ ᠲᠠᠢ ᠭᠠᠷᠭᠠᠨ᠎ᠠ᠃ ᠥᠪᠡᠷᠲᠡᠭᠡᠨ ᠵᠠᠰᠠᠬᠤ ᠣᠷᠣᠨ ᠤ 34  ᠳ᠋ᠣᠬᠡᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠢ ᠢᠳᠡᠪᠬᠢᠲᠡᠶ ᠪᠡᠯᠡᠳᠭᠡᠨ᠎ᠡ᠃      ︵ᠭᠤᠷᠪᠠ︶᠎ ︽ᠤᠯᠤᠰ ᠤᠨ ᠶᠡᠭᠡ ᠶᠠᠪᠤᠳᠠᠯ︾  ᠎ ᠢ ᠪᠠᠳᠣ ᠴᠡᠭᠡᠵᠢᠯᠡᠵᠣ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠤᠯᠠᠮ ᠪᠠᠬᠢᠵᠢᠭᠦᠯᠦᠨ᠎ᠡ      ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠲᠦᠢᠯᠪᠤᠷᠢᠲᠠᠢ  ᠵᠠᠰᠠᠬᠤ ᠲᠡᠶᠢᠯᠡᠯᠳᠤᠭᠠᠨ ᠤ ᠢᠯᠡᠯᠲᠡ ᠎ ᠶᠢ ᠡᠷᠡᠰ ᠲᠡᠮᠡᠴᠡᠨ ᠤᠯᠤᠨ᠎ᠠ᠃ ᠮᠠᠨ ᠤ ᠠᠶᠢᠮᠠᠭ ᠤᠨ ︽ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠢ ᠵᠠᠰᠠᠨ ᠰᠡᠷᠭᠦᠭᠡᠬᠦ ᠲᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠵᠢᠭᠦᠯᠬᠦ ᠲᠥᠰᠦᠯ︾ ᠪᠠ ︽ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠭᠦᠯᠬᠦ ᠶᠢ ᠠᠬᠢᠭᠤᠯᠤᠨ ᠨᠤᠲᠤᠭ ᠪᠡᠯᠴᠢᠭᠡᠷ ᠤᠨ ᠮᠠᠯ ᠠᠵᠤ ᠠᠬᠤᠢ ᠬᠡᠲᠦᠷᠡᠭᠰᠡᠨ ᠠᠰᠠᠭᠤᠳᠠᠯ ᠢ ᠰᠶᠢᠳᠪᠦᠷᠢᠯᠡᠬᠦ ᠠᠵᠢᠯᠯᠠᠭᠠᠨ ᠤ ᠲᠥᠰᠦᠯ︾᠎ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠳᠦᠷᠢᠮ ᠪᠣᠯᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠣᠷᠣᠨ ᠬᠤᠪᠢᠶᠠᠨ ᠵᠠᠰᠠᠬᠤ ᠶᠢ ᠪᠠᠷᠢᠮᠲᠠᠯᠠᠵᠤ᠂ 22 ᠲᠦᠮᠡᠨ ᠮᠦ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ᠂ ᠥᠪᠥᠷ ᠮᠣᠩᠭᠤᠯ ᠤᠨ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ 71ᠲᠦᠮᠡᠨ ᠮᠤ᠋ ᠎ ᠶᠢ ᠪᠢᠲᠡᠭᠦᠮᠵᠢᠯᠡᠨ ᠤᠷᠭᠤᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠤᠨ ᠡᠮᠦᠨ᠎ᠡ ᠵᠠᠬ᠎ᠠ ᠶᠢᠨ ᠠᠮᠢ ᠠᠬᠤᠢ ᠶᠢ ᠵᠠᠰᠠᠨ ᠰᠡᠷᠭᠦᠭᠡᠬᠦ ᠶᠡᠷᠦᠩᠬᠡᠶᠢᠯᠡᠭᠰᠡᠨ ᠵᠠᠰᠠᠯᠲᠠ ᠶᠢᠨ ᠲᠠᠶᠢᠪᠤᠰᠧ ᠬᠤᠰᠢᠭᠤᠨ ᠤ ᠵᠢᠱᠢᠶ᠎ᠡ ᠦᠵᠡᠭᠦᠯᠬᠦ ᠲᠥᠷᠥᠯ ᠵᠦᠢᠯ 19 ᠲᠦᠮᠡᠨ ᠮᠦ᠂ ᠲᠠᠯ᠎ᠠ ᠨᠤᠲᠤᠭ ᠤᠨ ᠰᠠᠶᠢᠵᠢᠷᠠᠭᠤᠯᠤᠯᠲᠠ 5 ᠲᠦᠮᠡᠨ ᠮᠦ᠂ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ 37 ᠲᠦᠮᠡᠨ ᠮᠦ ᠶᠢ ᠲᠤᠶᠢᠯᠪᠤᠷᠢᠲᠠᠢ ᠵᠠᠰᠠᠬᠤ ᠪᠣᠯᠤᠨ᠎ᠠ᠃ ᠮᠠᠨ ᠤ ᠠᠶᠢᠮᠠᠭ ᠤᠨ ᠭᠡᠷᠡᠯ ᠴᠡᠨᠡᠭ ᠤᠨ ᠡᠯᠡᠰᠦ ᠶᠢ ᠵᠠᠰᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠪᠠᠶᠢᠷᠢᠰᠢᠭᠤᠯᠤᠯᠲᠠ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠲᠠᠯ᠎ᠠ ᠪᠠᠷ ᠨᠡᠩ ᠶᠡᠭᠡ ᠬᠠᠷᠠᠭᠠᠯᠵᠠᠯ ᠦᠵᠡᠭᠦᠯᠬᠦ ᠎ ᠪᠠᠷ ᠴᠢᠷᠮᠠᠶᠢᠨ᠎ᠠ᠃ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ ᠵᠡᠷᠭᠡ ᠲᠣᠭᠲᠠᠴᠠ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠵᠢᠴᠢ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠯᠡᠰᠦᠷᠬᠡᠭ ᠭᠠᠵᠠᠷ ᠢ ᠵᠠᠰᠠᠬᠤ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠠᠮᠢ ᠠᠬᠤᠶ ᠶᠢᠨ ᠰᠠᠶᠢᠵᠢᠷᠠᠯᠲᠠ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠬᠤᠤᠰ ᠠᠮᠵᠢᠯᠲᠠ ᠶᠢ ᠠᠬᠢᠭᠤᠯᠤᠨ᠎ᠠ᠃        ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢᠶᠠᠨ ᠴᠡᠭᠴᠡᠯᠡᠨ ᠰᠠᠶᠢᠵᠢᠷᠠᠭᠤᠯᠬᠤ ᠪᠠ ᠪᠣᠬᠢᠷᠲᠤᠯ ᠢ ᠰᠡᠷᠭᠡᠶᠢᠯᠡᠨ ᠵᠠᠰᠠᠬᠤ ᠪᠠᠨ ᠭᠦᠨᠵᠡᠭᠡᠢ ᠠᠬᠢᠭᠤᠯᠤᠨ᠎ᠠ᠃  ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠲᠠ ᠳᠤ ᠲᠤᠰᠬᠠᠭᠰᠠᠨ ᠠᠰᠠᠭᠤᠳᠠᠯ ᠢᠶᠠᠨ ᠴᠡᠭᠴᠡᠯᠡᠨ ᠥᠭᠡᠷᠡᠴᠢᠯᠡᠬᠦ ᠶᠢ ᠴᠢᠨᠠᠷ ᠰᠠᠶᠢᠲᠠᠢ ᠠᠬᠢᠭᠤᠯᠣᠨ᠎ᠠ᠃ ᠠᠭᠠᠷ ᠤᠨ ᠴᠡᠪᠡᠷᠴᠡ ᠶᠢ ᠰᠠᠶᠢᠵᠢᠷᠠᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠭᠦᠢᠴᠡᠳᠬᠡᠯ ᠲᠤᠭ᠎ᠠ ᠶᠢ ᠪᠦᠬᠦ ᠣᠷᠣᠨ ᠤ ᠲᠡᠷᠢᠭᠦᠨ ᠳᠤ ᠦᠷᠭᠦᠯᠵᠢᠯᠡᠨ ᠲᠣᠭᠲᠠᠭᠤᠨ ᠢᠶᠠᠷ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠯ ᠢ ᠪᠠᠬᠢᠵᠢᠭᠦᠯᠬᠦ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠠᠵᠢᠯᠯᠠᠭᠠᠨ ᠤ ᠦᠷ᠎ᠡ ᠪᠦᠲᠦᠭᠡᠯ ᠢ ᠪᠠᠬᠢᠵᠢᠭᠦᠯᠵᠦ᠂ ᠨᠤᠨᠲᠠᠭ ᠨᠡᠭᠦᠷᠡᠰᠦᠨ ᠤ ᠦᠨᠡᠰᠦ ᠵᠡᠷᠭᠡ ᠠᠵᠤ ᠦᠢᠯᠡᠳᠪᠦᠷᠢ ᠶᠢᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠯ ᠢ ᠬᠡᠪᠴᠢᠶᠡᠵᠢᠭᠦᠯᠦᠨ ᠠᠰᠢᠭᠯᠠᠬᠤ ᠪᠠ ᠭᠠᠳᠠᠭᠰᠢ ᠲᠡᠭᠡᠭᠡᠪᠦᠷᠢᠯᠡᠵᠦ ᠪᠣᠷᠣᠯᠠᠭᠤᠯᠬᠤ ᠶᠢ ᠠᠬᠢᠭᠤᠯᠵᠤ᠂  ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠪᠣᠬᠢᠷᠳᠣᠯ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃        ᠪᠣᠬᠢᠷᠲᠤᠯ  ᠦᠭᠡᠢ  ᠳᠣᠣᠷ᠎ᠠ  ᠨᠡᠭᠦᠷᠡᠰᠦᠲᠥ᠋ᠷᠦᠭᠴᠢᠲᠦ ᠡᠷᠭᠢᠯᠲᠡᠲᠦ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠰᠢᠯ ᠲᠡᠶᠢᠰᠢ ᠰᠢᠯᠵᠢᠭᠦᠯᠬᠦ ᠶᠢ ᠤᠷᠢᠳᠠᠪᠡᠷ ᠲᠤᠷᠰᠢᠬᠤ ᠠᠵᠢᠯ ᠤᠨ ᠲᠥᠰᠦᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠪᠣᠳᠠᠲᠠᠢ ᠲᠠᠢ ᠪᠠᠨ ᠤᠶᠠᠯᠳᠤᠭᠤᠯᠤᠨ ᠮᠠᠨ ᠤ ᠠᠶᠢᠮᠠᠭ ᠤᠨ ᠨᠠᠶᠢᠳᠠᠪᠤᠷᠢᠵᠢᠭᠤᠯᠬᠤ ᠲᠥᠰᠦᠯ ᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ  ᠵᠠᠰᠠᠬᠤ  ᠣᠷᠣᠨ  ᠎ ᠠᠴᠠ  ᠪᠠᠭᠤᠯᠭᠠᠭᠰᠠᠨ ︽ᠠᠷᠪᠠᠨ  ᠳᠥᠷᠪᠡᠳᠦᠭᠡᠷ  ᠲᠠᠪᠤᠨ  ᠵᠢᠯ︾᠎ ᠤᠨ ᠬᠠᠷᠠᠯᠲᠠᠲᠤ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠨ᠎ᠠ᠃ ︽ᠪᠣᠬᠢᠷᠲᠤᠯ ᠦᠭᠡᠢ ᠴᠠᠬᠢᠯᠭᠠᠨ ᠢ ᠠᠰᠢᠭᠯᠠᠬᠤ + ᠡᠨᠧᠷᠭᠢ ᠶᠢᠨ ᠬᠤᠷᠣᠭᠳᠠᠯ ᠢ ᠬᠢᠵᠠᠭᠠᠷᠯᠠᠬᠤ︾ ᠲᠤᠰᠬᠠᠢ ᠲᠥᠷᠥᠯ ᠤᠨ ᠠᠵᠢᠯᠯᠠᠭᠠᠨ ᠤ ᠲᠥᠰᠦᠯ ᠢ ᠲᠣᠭᠲᠠᠭᠠᠵᠤ᠂ ᠭᠤᠣᠯᠳᠠᠯᠭ᠎ᠠ ᠲᠠᠢ ᠡᠨᠧᠷᠭᠢ ᠶᠢᠨ ᠬᠤᠷᠣᠭᠳᠠᠯ ᠤᠨ ᠠᠵᠤ ᠠᠬᠤᠶᠢᠯᠠᠯ ᠤᠨ ︽ᠨᠢᠭᠡ ᠠᠵᠤ ᠠᠬᠤᠶᠢᠯᠠᠯ ᠳᠤ ᠨᠢᠭᠡ ᠲᠥᠰᠦᠯ︾᠎ ᠲᠠᠢ ᠪᠠᠶᠢᠬᠤ ᠪᠣᠬᠢᠷᠲᠤᠯ ᠦᠭᠡᠢ ᠴᠠᠬᠢᠯᠭᠠᠨ ᠬᠡᠷᠡᠭᠯᠡᠬᠦ ᠶᠢ ᠵᠣᠷᠢᠭᠵᠢᠭᠤᠯᠵᠤ᠂ ᠲᠦᠮᠡᠨ ᠲᠤᠨ ᠠᠴᠠ ᠳᠡᠭᠡᠭᠰᠢᠬᠢ ᠡᠨᠧᠷᠭᠢ ᠶᠢᠨ ᠬᠤᠷᠣᠭᠳᠠᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠳᠠᠭᠠᠭᠠᠴᠠ ᠶᠢᠨ ᠳᠠᠯᠳᠠ ᠬᠦᠴᠦᠨ ᠢ ᠠᠭᠤᠳᠠᠯᠤᠨ ᠲᠣᠬᠢᠷᠠᠭᠤᠯᠵᠤ᠂ ᠦᠯᠡᠳᠡᠭᠡᠯ ᠡᠨᠧᠷᠭᠢ ᠶᠢᠨ ᠲᠥᠷᠥᠯ ᠵᠦᠢᠯ ᠢᠶᠠᠷ ᠪᠣᠬᠢᠷᠲᠤᠯ ᠦᠭᠡᠢ ᠴᠠᠬᠢᠯᠭᠠᠨ ᠢ ᠣᠷᠣᠯᠠᠭᠤᠯᠬᠤ ᠠᠵᠢᠯ ᠢᠶᠠᠨ ᠥᠷᠨᠢᠭᠦᠯᠦᠨ᠎ᠡ︔ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠴᠠᠬᠢᠯᠭᠠᠨ ᠬᠦᠴᠦᠨ ᠤ ᠣᠯᠠᠨ ᠲᠠᠯᠠᠲᠤ ᠵᠠᠬ᠎ᠠ ᠳᠡᠯᠭᠡᠭᠦᠷ ᠤᠨ ᠠᠷᠠᠯᠵᠢᠶᠠᠨ ᠳᠤ ᠣᠷᠣᠯᠴᠠᠬᠤ ᠶᠢ ᠵᠣᠷᠢᠭᠵᠢᠭᠤᠯᠵᠤ᠂ ᠰᠢᠨ᠎ᠡ ᠡᠨᠧᠷᠭᠢ ᠶᠢᠨ ᠴᠠᠬᠢᠯᠭᠠᠨ ᠬᠡᠮᠵᠢᠶ᠎ᠡ ᠶᠢ ᠭᠦᠢᠴᠡᠳ ᠲᠤᠭ᠎ᠠ ᠪᠠᠷ ᠠᠷᠠᠯᠵᠢᠶᠠᠯᠠᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠷᠠᠯᠵᠢᠶᠠᠨ ᠤ ᠬᠠᠷᠢᠴᠠᠯ ᠢ ᠳᠡᠭᠡᠭᠰᠢᠯᠡᠭᠦᠯᠦᠨ᠎ᠡ︔ ᠰᠢᠨ᠎ᠡ ᠨᠢᠭᠡᠨ ᠡᠭᠡᠯᠵᠢ ᠶᠢᠨ ᠠᠭᠤᠷᠬᠠᠢ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠪᠣᠬᠢᠷᠲᠤᠯ ᠥᠬᠡᠢ ᠬᠠᠶᠢᠨ ᠪᠠᠶᠢᠴᠠᠭᠠᠬᠤ᠂ ᠶᠡᠷᠦᠩᠬᠡᠶᠢᠯᠡᠨ ᠬᠠᠶᠢᠨ ᠪᠠᠶᠢᠴᠠᠭᠠᠬᠤ ᠶᠢ ᠲᠦᠷᠭᠡᠳᠬᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠤᠷᠤᠨ ᠠᠴᠠ ᠪᠠᠭᠤᠯᠭᠠᠭᠰᠠᠨ ︽ᠠᠷᠪᠠᠨ ᠳᠦᠷᠪᠡᠳᠦᠭᠡᠷ ᠲᠠᠪᠣᠨ ᠵᠢᠯ ᠤᠨ ᠲᠥᠯᠥᠪᠵᠢᠭᠦᠯᠭᠡ︾᠎ ᠶᠢᠨ ᠬᠤᠭᠤᠴᠠᠭᠠᠨ ᠳᠤ ᠵᠦᠪᠰᠢᠶᠡᠷᠡᠭᠰᠡᠨ ᠪᠤᠯᠪᠠᠴᠤ ᠬᠠᠩᠭᠠᠭᠠᠳᠦᠢ ᠭᠠᠵᠠᠷ ᠰᠢᠷᠣᠢ᠂ ᠰᠤᠯᠠ ᠪᠠᠶᠢᠭ᠎ᠠ ᠭᠠᠵᠠᠷ ᠰᠢᠷᠣᠢ ᠶᠢ ᠰᠶᠢᠳᠪᠦᠷᠢᠯᠡᠬᠦ ᠡᠭᠦᠷᠭᠡ ᠪᠠᠨ ᠤᠷᠢᠳᠴᠢᠯᠠᠨ ᠪᠡᠶᠡᠯᠡᠭᠦᠯᠦᠨ᠎ᠡ᠃        ︵ᠲᠦᠷᠪᠡ︶ ᠦᠭᠡᠷᠡᠴᠢᠯᠡᠯᠲᠡ ᠬᠢᠵᠦ ᠴᠢᠯᠥᠭᠡᠲᠡᠢ ᠶᠠᠪᠣᠯᠴᠠᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠴᠢ ᠬᠦᠴᠦᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ         ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠠᠶᠢᠮᠠᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠳᠠᠮᠵᠢᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠣᠣᠷ᠎ᠠ ᠦᠷ᠎ᠡ ᠪᠦᠲᠦᠮᠵᠢᠲᠦ ᠰᠤᠯᠠ ᠪᠠᠶᠢᠭ᠎ᠠ ᠡᠯ᠎ᠡ ᠲᠥᠷᠥᠯ ᠤᠨ ᠡᠳ᠋ ᠬᠥᠷᠥᠩᠭᠡ ᠶᠢ ᠪᠦᠲᠦᠮᠵᠢᠲᠡᠢ ᠠᠮᠢᠳᠤᠯᠢᠭ ᠢᠶᠠᠷ ᠠᠰᠢᠭᠯᠠᠬᠤ ᠶᠢ ᠳᠡᠮᠵᠢᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠠᠵᠤ ᠦᠢᠯᠡᠳᠪᠦᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠬᠤ᠂ ᠬᠡᠪᠴᠢᠶᠡᠵᠢᠭᠰᠡᠨ ᠠᠵᠣ ᠠᠬᠤᠢ ᠶᠢᠨ ᠪᠦᠷᠢᠳᠬᠡᠯ ᠳᠤ ᠣᠷᠣᠭᠤᠯᠬᠤ ᠪᠠ ᠭᠤᠣᠯᠳᠠᠯᠭ᠎ᠠ ᠲᠠᠢ ᠠᠵᠢᠯ ᠲᠥᠷᠥᠯ ᠤᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ᠂ ᠣᠷᠣᠨ ᠤ ᠭᠠᠳᠠᠨᠠᠬᠢ ᠬᠠᠤᠯᠢ ᠶᠢᠨ ᠡᠷᠬᠡᠲᠡᠨ ᠢ ᠬᠠᠷᠢᠶ᠎ᠠ ᠭᠠᠵᠠᠷ ᠲᠤᠨᠢ ᠳᠠᠩᠰᠠᠯᠠᠭᠤᠯᠬᠤ ᠵᠡᠷᠭᠡ ᠲᠡᠳᠬᠦᠨ ᠲᠡᠮᠵᠢᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠬᠦᠭᠵᠢᠯᠳᠡ ᠶᠢᠨ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ︽ᠬᠤᠪᠢ ᠶᠢᠨ ᠡᠵᠡᠩᠨᠡᠯᠳᠡ ᠶᠢᠨ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾᠂ ︽ᠵᠢᠵᠢᠭ ᠠᠵᠤ ᠠᠬᠤᠶᠢᠯᠠᠯ ᠢ ᠲᠦᠷᠢᠮᠵᠢᠬᠦᠯᠬᠦ︾᠂   ︽ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠬᠤ︾᠎ ᠶᠢ ᠶᠡᠬᠡᠪᠡᠷ ᠲᠦᠯᠬᠢᠨ ᠠᠬᠢᠭᠤᠯᠤᠨ᠎ᠠ᠃       ᠭᠠᠳᠠᠭᠠᠳᠤ ᠲᠠᠢ ᠴᠢᠯᠥᠭᠡᠲᠡᠢ ᠶᠠᠪᠤᠯᠴᠠᠬᠤ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠥᠷᠭᠡᠳᠬᠡᠨ᠎ᠡ᠃ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠰᠢᠨ᠎ᠡ ᠨᠡᠪᠲᠡᠷᠡᠯ ᠵᠠᠮ᠂ ᠵᠡᠭᠦᠨ ᠬᠤᠶᠢᠲᠤ ᠶᠢᠨ ᠬᠠᠭᠤᠷᠠᠢ ᠳᠠᠯᠠᠢ ᠶᠢᠨ ᠰᠢᠨ᠎ᠡ ᠨᠡᠪᠲᠡᠷᠡᠯ ᠵᠠᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠪᠡᠭᠡᠵᠢᠩ ᠲᠢᠶᠠᠨᠵᠢᠨ ᠾᠧᠪᠧᠢ᠂ ᠪᠦᠸᠧᠬᠠᠢ ᠲᠠᠩᠭᠢᠰ ᠢ ᠲᠣᠭᠤᠷᠢᠭᠰᠠᠨ ᠠᠵᠤ ᠠᠬᠤᠢ ᠶᠢᠨ ᠲᠣᠭᠤᠷᠢᠭ ᠪᠣᠯᠤᠨ    ︽ᠰᠢᠯᠢ ᠶᠢᠨ ᠭᠤᠤᠯ ᠤᠯᠠᠭᠠᠨᠬᠠᠳᠠ ᠴᠣᠣᠶᠠᠩ ᠵᠢᠨᠵᠧᠦ︾᠎ ᠶᠢᠨ ᠬᠠᠮᠵᠢᠯᠴᠠᠬᠤ ᠬᠤᠯᠪᠣᠭᠠᠨ ᠳᠤ ᠰᠠᠨᠠᠭᠠᠴᠢᠯᠠᠭ᠎ᠠ ᠠᠴᠠ ᠪᠠᠨ ᠨᠡᠶᠢᠯᠡᠨ  ᠂ ᠪᠣᠭᠤᠮᠲᠠ᠂ ᠭᠠᠷᠠᠮ᠂ ᠳᠣᠲᠣᠷ ᠭᠠᠵᠠᠷ ᠤᠨ ᠬᠠᠮᠵᠢᠯᠴᠠᠨ ᠬᠥᠭᠵᠢᠬᠦ ᠪᠠᠶᠢᠷᠢᠰᠢᠯ ᠢ ᠪᠣᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠡᠷᠢᠶᠡᠨ ᠬᠤᠲᠠ ᠶᠢᠨ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠡᠷᠢᠶᠡᠨ ᠤ ᠰᠠᠭᠤᠷᠢᠨ ᠭᠠᠵᠠᠷ᠂ ᠲᠡᠮᠦᠷ ᠵᠠᠮ ᠤᠨ ᠥᠷᠲᠡᠭᠡ ᠲᠠᠯᠠᠪᠤᠷ ᠤᠨ ᠴᠢᠳᠠᠮᠵᠢ ᠥᠷᠭᠡᠳᠬᠡᠬᠦ ᠥᠭᠡᠷᠡᠴᠢᠯᠡᠯᠲᠡ ᠶᠢᠨ ᠲᠥᠷᠥᠯ ᠵᠦᠢᠯ ᠢ ᠡᠬᠢᠯᠡᠭᠦᠯᠦᠨ᠎ᠡ᠃ ᠵᠡᠭᠦᠨ ᠬᠠᠲᠠᠪᠴᠢ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠨᠠᠷᠢᠨ ᠬᠢᠨᠠᠮᠠᠭᠠᠢ ᠰᠤᠳᠤᠯᠤᠨ ᠲᠥᠯᠥᠪᠯᠡᠵᠦ᠂ ᠵᠡᠭᠦᠨ ᠬᠠᠲᠠᠪᠴᠢ ᠲᠡᠮᠦᠷ ᠵᠠᠮ ᠤᠨ ᠪᠣᠭᠤᠮᠲᠠ ᠶᠢᠨ ᠮᠡᠳᠡᠭᠦᠯᠬᠦ ᠠᠵᠢᠯ ᠢ ᠲᠦᠷᠭᠡᠳᠬᠡᠨ ᠠᠬᠢᠭᠤᠯᠵᠤ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠲᠣᠭᠤᠷᠢᠭ᠂ ᠬᠢᠯᠢ ᠠᠯᠤᠰᠯᠠᠭᠰᠠᠨ ᠵᠢᠭᠤᠯᠴᠢᠯᠠᠯ ᠤᠨ ᠲᠤᠷᠰᠢᠯᠲᠠ ᠶᠢᠨ ᠲᠣᠭᠤᠷᠢᠭ ᠤᠨ ᠪᠠᠶᠢᠭᠤᠯᠤᠯᠲᠠ ᠶᠢ ᠡᠬᠢᠯᠡᠭᠦᠯᠦᠨ᠎ᠡ᠃        ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢ ᠦᠷᠭᠦᠯᠵᠢᠯᠡᠨ 20 %᠎ ᠠᠴᠠ ᠳᠡᠭᠡᠭᠰᠢ ᠨᠡᠮᠡᠭᠳᠡᠭᠦᠯᠵᠣ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 55 ᠡᠷᠦᠬᠡ ᠳᠤ ᠬᠦᠷᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 80 ᠡᠷᠦᠬᠡ ᠳᠤ ᠦᠨᠡᠯᠡᠭᠦᠯᠦᠨ ᠬᠥᠮᠥᠷᠭᠡᠯᠡᠬᠦ ᠪᠠᠷ ᠴᠢᠷᠮᠠᠶᠢᠨ᠎ᠠ︔  ᠴᠢᠳᠠᠪᠤᠷᠢᠲᠠᠨ ᠢ ᠬᠥᠮᠦᠵᠢᠭᠦᠯᠦᠨ᠂ ᠣᠷᠣᠭᠤᠯᠤᠨ ᠠᠪᠴᠢᠷᠠᠬᠤ᠂ ᠬᠥᠳᠡᠯᠦᠩᠭᠦᠢ ᠦᠨᠡᠯᠡᠯᠲᠡ ᠬᠢᠬᠦ ᠪᠠ ᠵᠣᠷᠢᠭᠵᠢᠭᠤᠯᠬᠤ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ 2 ᠎ ᠠᠴᠠ ᠳᠡᠭᠡᠭᠰᠢ᠂ ᠳᠠᠭᠠᠭᠤᠯᠤᠭᠴᠢ ᠴᠢᠳᠠᠪᠤᠷᠢᠲᠠᠨ ᠢ 5᠎ ᠠᠴᠠ ᠳᠡᠭᠡᠭᠰᠢ ᠣᠷᠢᠨ ᠣᠷᠣᠭᠤᠯᠵᠣ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ 1700 ᠬᠥᠮᠦᠨ ᠠᠴᠠ ᠳᠡᠭᠡᠭᠰᠢ᠂ ᠲᠤᠰᠬᠠᠢ ᠮᠡᠷᠭᠡᠵᠢᠯ ᠤᠨ ᠴᠢᠳᠠᠪᠤᠷᠢᠲᠠᠨ  ᠎ ᠢ 1000 ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ  ᠃                ︵ᠲᠠᠪᠤ︶ ᠰᠠᠭᠤᠷᠢ ᠲᠥᠬᠦᠭᠡᠷᠦᠮᠵᠢ ᠶᠢᠨ ᠳᠤᠲᠠᠭᠳᠠᠯ ᠢ ᠲᠦᠷᠭᠡᠪᠴᠢᠯᠡᠨ ᠨᠥᠬᠦᠪᠥᠷᠢᠯᠡᠵᠦ᠂ ᠬᠤᠲᠠ ᠬᠥᠳᠡᠭᠡ ᠶᠢᠨ ᠤᠶᠠᠯᠳᠤᠯ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠤᠨ᠎ᠠ      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠮᠢᠩᠭᠠᠨ ᠲᠦᠮᠡᠨ ᠢᠨᠵᠧᠨᠧᠷᠢᠩ︾  ᠎ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠲᠤᠰᠬᠠᠢ ᠲᠥᠷᠥᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠡᠮᠬᠢᠯᠡᠨ ᠨᠡᠶᠢᠯᠡᠭᠦᠯᠬᠦ ᠡᠷᠴᠢᠮ ᠢᠶᠠᠨ ᠨᠡᠮᠡᠭᠳᠡᠭᠦᠯᠦᠨ᠂ ᠠᠵᠤ ᠦᠢᠯᠡᠰ ᠤᠨ ᠪᠡᠯᠡ ᠮᠦᠩᠭᠦᠨ ᠤ ᠣᠷᠣᠭᠤᠯᠤᠯᠲᠠ ᠶᠢᠨ ᠬᠠᠷᠢᠴᠠᠯ ᠢ 70 %᠎ ᠠᠴᠠ ᠳᠣᠣᠷ᠎ᠠ ᠪᠠᠶᠢᠯᠭᠠᠬᠤ ᠥᠬᠡᠢ ᠪᠠᠶᠢᠬᠤ ᠶᠢ ᠦᠨᠡᠨᠬᠦ ᠪᠠᠲᠤᠯᠠᠨ᠎ᠠ᠃ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾᠎ ᠶᠢ ᠭᠦᠨᠵᠡᠭᠡᠢ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃      ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠢ ᠲᠦᠷᠭᠡᠳᠬᠡᠨ ᠪᠠᠶᠢᠭᠤᠯᠤᠨ᠎ᠠ᠃ ᠤᠯᠤᠰ ᠤᠨ ᠵᠠᠮ ᠤᠨ 303 ᠱᠤᠭᠤᠮ ᠤᠨ  ᠠᠴᠢᠠᠭᠤᠯᠠ ᠠᠴᠠ ᠰᠢᠯᠢ ᠶᠢᠨ ᠬᠤᠲᠠ ᠬᠦᠷᠬᠦ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ᠂ ᠤᠯᠤᠰ ᠤᠨ ᠵᠠᠮ ᠤᠨ 207  ᠱᠤᠭᠤᠮ ᠤᠨ ᠤᠰᠤᠨ ᠴᠥᠭᠦᠷᠥᠮ ᠠᠴᠠ ᠾᠦᠸᠧ ᠽᠢ  ᠯᠢᠶᠠᠩ ᠬᠦᠷᠬᠦ 2 ᠵᠤᠷᠪᠤᠰ ᠵᠠᠰᠠᠮᠠᠯ ᠵᠠᠮ ᠵᠠᠰᠠᠨ ᠲᠡᠷᠭᠡ ᠨᠡᠪᠳᠡᠷᠡᠭᠦᠯᠬᠦ ᠶᠢ ᠲᠦᠯᠬᠢᠨ ᠠᠬᠢᠭᠤᠯᠣᠨ᠎ᠠ᠃᠎ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠦᠷᠭᠡᠨ ᠬᠤᠷᠳᠤᠴᠠᠲᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ︽ᠰᠠᠭᠠᠳ ᠥᠭᠡᠢ ᠨᠡᠪᠳᠡᠷᠡᠬᠦ ᠲᠥᠷᠭᠡᠨ ᠬᠤᠷᠳᠤᠴᠠᠲᠤ ᠭᠠᠯᠲᠤ ᠲᠡᠷᠭᠡ ᠬᠥᠬᠡᠬᠤᠲᠠ ᠳᠤ ᠣᠷᠣᠬᠤ︾ ᠬᠠᠷᠠᠯᠲᠠ ᠪᠠᠨ ᠪᠡᠶᠡᠯᠡᠭᠦᠯᠦᠨ᠎ᠡ᠃      ᠬᠤᠲᠠ ᠪᠠᠯᠭᠠᠰᠤᠨ ᠤ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠢ᠂ ᠠᠵᠢᠯ ᠦᠢᠯᠡᠰ ᠪᠦᠲᠦᠭᠡᠬᠦ ᠳᠤ ᠲᠣᠬᠢᠷᠠᠮᠵᠢᠲᠠᠢ ᠬᠢᠷᠢ ᠲᠦᠪᠰᠢᠨ ᠢ ᠳᠡᠭᠡᠭᠰᠢᠯᠡᠭᠦᠯᠦᠨ᠎ᠡ᠃  ︽ᠬᠠᠶᠢᠷ᠎ᠠ ᠬᠠᠯᠠᠮᠵᠢ ᠶᠢᠨ ᠢᠨᠵᠧᠨᠧᠷᠢᠩ︾᠎ ᠢ ᠰᠠᠶᠢᠲᠤᠷ ᠬᠡᠷᠡᠭᠵᠢᠭᠦᠯᠵᠦ᠂ ᠢᠯᠴᠢ ᠴᠠᠬᠢᠯᠭᠠᠨ ᠢ ᠵᠡᠷᠭᠡᠪᠡᠷ ᠭᠠᠷᠭᠠᠬᠤ᠂ ᠢᠯᠴᠢ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠬᠦ ᠪᠠ ᠡᠪᠦᠯ ᠤᠨ ᠳᠣᠯᠠᠭᠠᠯᠠᠭ᠎ᠠ ᠶᠢᠨ ᠠᠰᠠᠭᠤᠳᠠᠯ ᠢ ᠵᠣᠨ ᠵᠠᠰᠠᠬᠤ ᠠᠵᠢᠯᠯᠠᠭᠠᠨ  ᠎ ᠤ ᠢᠨᠵᠧᠨᠧᠷᠢᠩ ᠢ ᠲᠦᠯᠬᠢᠨ ᠠᠬᠢᠭᠤᠯᠣᠨ᠎ᠠ᠃ ᠬᠤᠲᠠ ᠶᠢᠨ ᠰᠢᠨᠡᠴᠢᠯᠡᠯᠳᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ 71 ᠬᠠᠭᠤᠴᠢᠨ ᠰᠠᠭᠤᠭᠠᠯᠢ ᠲᠣᠭᠤᠷᠢᠭ᠂ 162 ᠢᠵᠢ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ᠂ 80 ᠺᠢᠯᠣᠮᠧᠲᠷ ᠤᠨ ᠭᠠᠵᠠᠷ ᠳᠣᠣᠷᠠᠬᠢ ᠬᠤᠭᠤᠯᠠᠢ ᠲᠣᠣᠷ ᠢ ᠥᠭᠡᠷᠡᠴᠢᠯᠡᠨ ᠪᠠᠶᠢᠭᠤᠯᠤᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠳᠤ 25 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠣᠨ᠎ᠠ᠃ ᠬᠤᠲᠠ ᠪᠠᠯᠭᠠᠰᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠮᠠᠨ ᠤ ᠠᠶᠢᠮᠠᠭ ᠢᠶᠠᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠣᠯᠭᠠᠨ ᠠᠮᠵᠢᠯᠲᠠᠲᠠᠢ ᠪᠦᠲᠦᠭᠡᠨ ᠪᠠᠶᠢᠭᠤᠯᠬᠤ ᠶᠢ ᠪᠠᠲᠤᠯᠠᠨ᠎ᠠ᠃      ︵ᠵᠢᠷᠭᠤᠭ᠎ᠠ︶  ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠣᠢ ᠪᠣᠯᠭᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠢᠮᠠᠭᠲᠠ ᠠᠩᠬᠠᠷᠴᠤ ᠢᠳᠡᠪᠬᠢᠲᠡᠢ ᠪᠠᠷ ᠬᠠᠷᠢᠭᠤ ᠲᠣᠰᠬᠠᠨ᠎ᠠ      ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢᠶᠠᠨ ᠦᠷᠭᠦᠯᠵᠢᠯᠡᠨ ᠳᠡᠭᠡᠭᠰᠢᠯᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ  ᠦᠰᠦᠭ ᠪᠢᠴᠢᠭ ᠢ ᠭᠤᠶᠢᠪᠢᠰᠢ ᠥᠬᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠨᠢᠭᠡᠳᠦᠯᠲᠡᠢ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠨᠠᠶᠢᠷᠠᠭᠤᠯᠬᠤ ᠡᠭᠦᠷᠭᠡ ᠤᠷᠤᠭᠰᠢᠲᠠᠢ ᠪᠡᠶᠡᠯᠡᠭᠳᠡᠬᠦ ᠶᠢ ᠦᠨᠡᠨᠬᠦ ᠪᠠᠳᠣᠯᠠᠨ᠎ᠠ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠪᠡᠭᠡᠵᠢᠩ ᠤᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠵᠡᠷᠭᠡ ᠤᠷᠤᠨ ᠤ ᠳᠤᠳᠤᠨ᠎ᠠ ᠭᠠᠳᠠᠨᠠᠬᠢ ᠰᠤᠷᠭᠠᠭᠤᠯᠢ᠂ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠬᠠᠮᠳᠤᠷᠠᠨ ᠰᠤᠷᠭᠠᠭᠤᠯᠢ ᠡᠷᠬᠢᠯᠡᠬᠦ ᠬᠠᠮᠲᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠳᠤ ᠲᠦᠰᠢᠭᠯᠡᠨ ᠬᠥᠮᠦᠵᠢᠭᠦᠯᠬᠦ᠂ ᠲᠥᠷᠥᠯ ᠵᠦᠢᠯ ᠢᠶᠠᠷ ᠲᠦᠯᠬᠢᠨ ᠠᠬᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠢᠭᠡ ᠪᠦᠯᠦᠭ ᠨᠡᠷᠡᠲᠦ ᠪᠠᠭᠰᠢ ᠨᠡᠷᠡᠳᠣ ᠰᠤᠷᠭᠠᠭᠤᠯᠢ ᠶᠢᠨ ᠵᠠᠬᠢᠷᠣᠯ ᠪᠠ ᠬᠢᠴᠢᠶᠡᠯ ᠲᠥᠷᠥᠯ ᠤᠨ ᠳᠠᠭᠠᠭᠤᠯᠤᠭᠴᠢ ᠪᠠᠭᠰᠢ ᠶᠢ ᠬᠦᠮᠦᠵᠢᠭᠦᠯᠦᠨ᠎ᠠ᠃ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠳᠤ ᠳᠡᠪᠰᠢᠬᠦ ᠶᠢ ᠳᠡᠮᠵᠢᠨ᠎ᠡ᠃ ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠯᠲᠡ ᠶᠢ ᠠᠬᠢᠭᠤᠯᠵᠤ᠂ ᠵᠢᠭᠠᠨ ᠰᠤᠷᠭᠠᠯᠲᠠ ᠶᠢᠨ ᠲᠤᠷᠰᠢᠯᠲᠠ ᠶᠢᠨ ᠲᠠᠰᠤᠭ ᠪᠠ ᠲᠤᠷᠰᠢᠯᠲᠠ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠎ ᠪᠠᠨ ᠴᠢᠩᠭᠠᠳᠬᠠᠨ᠎ᠠ᠃ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠢᠯᠭᠠᠨ ᠬᠤᠷᠢᠶᠠᠬᠤ ᠪᠠ C᠂ D ᠳᠡᠰ ᠤᠨ ᠰᠤᠷᠭᠠᠭᠤᠯᠢ ᠶᠢᠨ ᠪᠠᠶᠢᠷᠢ ᠶᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠎ ᠢᠶᠠᠨ ᠪᠦᠬᠦ ᠲᠠᠯ᠎ᠠ ᠪᠠᠷ ᠪᠡᠶᠡᠯᠡᠭᠦᠯᠵᠦ᠂ ᠠᠮᠤᠷ ᠲᠦᠪᠰᠢᠨ ᠢᠲᠡᠭᠡᠮᠵᠢᠲᠡᠢ ᠰᠤᠷᠭᠠᠭᠤᠯᠢ ᠶᠢᠨ ᠬᠦᠷᠢᠶ᠎ᠡ ᠶᠢ ᠴᠣᠭᠴᠠᠯᠠᠨ ᠪᠠᠶᠢᠭᠤᠯᠤᠨ᠎ᠠ᠃         ᠠᠷᠠᠳ ᠣᠯᠠᠨ ᠤ ᠡᠷᠡᠭᠦᠯ ᠮᠡᠨᠳᠦ ᠶᠢ ᠦᠨᠡᠨᠬᠦ ᠪᠠᠳᠣᠯᠠᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠵᠡᠩᠨᠡᠯᠲᠡ ᠬᠠᠮᠢᠶᠠᠷᠤᠯᠲᠠ᠂ ᠡᠮᠴᠢᠯᠡᠭᠡᠨ ᠤ ᠲᠤᠰᠬᠠᠢ ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ᠂ ᠰᠢᠶᠠᠨ ᠤ ᠬᠡᠪᠴᠢᠶᠡᠨ ᠤ ᠡᠮᠴᠢᠯᠡᠭᠡᠨ ᠤ ᠨᠢᠭᠲᠠ ᠬᠡᠯᠪᠡᠷᠢ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ᠂ ᠡᠮᠴᠢᠯᠡᠭᠡᠨ ᠤ ᠦᠢᠯᠡᠴᠢᠯᠡᠭᠡᠨ ᠤ ᠰᠠᠶᠢᠵᠢᠷᠠᠭᠤᠯᠤᠯᠲᠠ ᠵᠡᠷᠭᠡ ᠳᠥᠷᠪᠡᠨ ᠶᠡᠭᠡ ᠰᠢᠪᠲᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠠᠬᠢᠭᠤᠯᠤᠨ᠎ᠠ᠃ ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶᠠᠨ ᠤ ᠭᠤᠷᠪᠠᠨ ᠬᠥᠬᠡ ᠳᠡᠰ ᠤᠨ ᠮᠡᠳᠡᠷᠡᠯ ᠤᠨ ᠡᠪᠡᠳᠴᠢᠨ ᠤ ᠲᠤᠰᠬᠠᠢ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠪᠦᠬᠦ ᠠᠶᠢᠮᠠᠭ ᠤᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠨᠢᠭᠡ ᠴᠣᠭᠴᠠᠵᠢᠭᠰᠠᠨ ᠮᠡᠳᠡᠭᠡ ᠵᠠᠩᠭᠢ ᠶᠢᠨ ᠰᠢᠰᠲ᠋ᠧᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠨ ᠪᠡᠶᠡᠯᠡᠭᠦᠯᠵᠣ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠣᠠᠠᠴᠠᠵᠢᠭᠤᠯᠥᠠᠠᠰᠠᠨ ᠡᠮᠴᠢᠯᠡᠭᠡᠨ ᠤ  ᠦᠢᠯᠡᠴᠢᠯᠡᠭᠡ ᠶᠢᠨ ᠰᠢᠨ᠎ᠡ ᠵᠬᠠᠪᠤᠷ ᠢ ᠪᠠᠶᠢᠭᠤᠯᠤᠨ᠎ᠠ᠃        ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃  ᠠᠵᠢᠯ ᠎ ᠤᠨ ᠪᠠᠶᠢᠷᠢ  ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠎ ᠪᠠᠨ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠤᠲᠠ  ᠪᠠᠯᠭᠠᠰᠣᠨ ᠤ ᠠᠵᠢᠯ ᠣᠯᠭᠤᠯᠲᠠ ᠳᠤ ᠲᠦᠮᠡᠨ ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠮᠠᠯᠴᠢᠨ ᠲᠠᠷᠢᠶᠠᠴᠢᠨ ᠎ ᠢ ᠨᠡᠶᠢᠲᠡ 7 ᠲᠦᠮᠡᠨ ᠬᠥᠮᠦᠨ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠵᠤ᠂ ᠬᠤᠲᠠ  ᠪᠠᠯᠭᠠᠰᠣᠨ ᠤ ᠠᠵᠢᠯ  ᠠᠯᠳᠠᠭᠰᠠᠳ ᠤᠨ ᠳᠠᠩᠰᠠᠯᠠᠭᠤᠯᠬᠤ ᠨᠣᠷᠮ᠎ᠠ ᠶᠢ 5 %᠎ ᠤ ᠳᠣᠲᠣᠷ᠎ᠠ ᠬᠢᠵᠠᠭᠠᠷᠯᠠᠨ᠎ᠠ᠃ ᠠᠵᠢᠯ ᠣᠯᠤᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠲᠤ ᠦᠨᠡᠨ ᠨᠡᠷ᠎ᠡ ᠶᠢᠨ ᠳᠦᠷᠢᠮ ᠤᠨ ᠬᠠᠪᠰᠤᠷᠤᠨ ᠲᠡᠳᠬᠦᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠵᠢᠯ ᠤᠨ ᠡᠴᠦᠰ ᠤᠨ ᠠᠵᠢᠯ ᠣᠯᠭᠤᠬᠤ ᠨᠣᠷᠮ᠎ᠠ ᠶᠢ 90 %᠎ ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ  ᠪᠠᠲᠤᠯᠠᠨ᠎ᠠ᠃  ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95 %  ᠎ ᠠᠴᠠ ᠳᠡᠭᠡᠭᠰᠢ ᠪᠠᠶᠢᠯᠭᠠᠨ᠎ᠠ᠃      ᠣᠯᠠᠨ ᠨᠡᠶᠢᠲᠡ ᠶᠢᠨ ᠰᠣᠶᠣᠯ ᠲᠠᠮᠢᠷ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠡᠯ᠎ᠡ ᠲᠥᠷᠥᠯ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠪᠠ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠠᠭᠠᠨᠮᠥ᠋ᠴᠢᠷ ᠤᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 1000 ᠤᠳᠠᠭ᠎ᠠ ᠭᠠᠷᠭᠠᠨ᠎ᠠ᠃ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠣᠯᠠᠨ ᠲᠦᠮᠡᠨ ᠤ ᠮᠥᠰᠥ ᠴᠠᠰᠤᠨ ᠤ ᠤᠯᠠᠷᠢᠯ — ᠰᠢᠯᠢ ᠶᠢᠨ ᠭᠤᠣᠯ ᠠᠶᠢᠮᠠᠭ ᠤᠨ ᠲᠠᠪᠤᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠲᠠᠮᠢᠷ ᠤᠨ ᠴᠤᠭᠯᠠᠭᠠᠨ ᠵᠢᠴᠢ ᠪᠦᠬᠦ ᠠᠶᠢᠮᠠᠭ ᠤᠨ ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ ᠤᠷᠤᠯᠳᠤᠭᠠᠨ ᠤ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃      ︵ᠲᠤᠯᠤᠭ᠎ᠠ︶ ᠠᠮᠤᠭᠤᠯᠠᠩ ᠰᠢᠯᠢ ᠶᠢᠨ ᠭᠤᠣᠯ ᠠᠶᠢᠮᠠᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠪᠦᠯᠬᠦᠮᠳᠡᠯ ᠲᠠᠢ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢᠶᠠᠨ ᠪᠠᠬᠢᠵᠢᠭᠦᠯᠦᠨ ᠬᠥᠭᠵᠢᠭᠦᠯᠦᠨ᠎ᠡ᠃      ᠦᠨᠳᠦᠰᠦᠲᠡᠨ ᠤ ᠪᠦᠯᠬᠦᠮᠳᠡᠯ ᠪᠣᠯᠤᠨ ᠬᠢᠯᠢ ᠬᠢᠵᠠᠭᠠᠷ ᠣᠷᠣᠨ ᠤ ᠲᠣᠭᠲᠠᠭᠤᠨ ᠢ ᠯᠠᠪᠳᠠᠭᠤᠨ ᠪᠠᠲᠤ ᠲᠠᠢ ᠠᠬᠢᠭᠤᠯᠣᠨ᠎ᠠ᠃ ᠳᠥᠷᠪᠡᠨ ᠱᠠᠲᠤ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢᠶᠠᠨ ᠪᠣᠳᠠᠲᠠᠢ ᠠᠳᠬᠤᠨ᠂ ᠵᠢᠯ ᠤᠨ ᠳᠣᠲᠣᠷ᠎ᠠ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ︽ᠬᠢᠯᠢ ᠬᠢᠵᠠᠭᠠᠷ ᠢᠶᠠᠨ ᠬᠥᠭᠵᠢᠭᠦᠯᠦᠨ ᠠᠷᠠᠳ ᠢᠶᠠᠨ ᠪᠠᠶᠠᠵᠢᠭᠤᠯᠬᠤ︾    ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠢᠯᠢ ᠬᠢᠵᠠᠭᠠᠷ ᠲᠤ ᠣᠷᠣᠭᠤᠯᠬᠤ︾ ᠵᠡᠷᠭᠡ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠬᠢᠯᠢ ᠬᠢᠵᠠᠭᠠᠷ ᠣᠷᠣᠨ ᠤ ︽ᠬᠤᠭᠤᠰᠣᠨ ᠪᠠᠶᠢᠬᠤ︾ ᠠᠰᠠᠭᠤᠳᠠᠯ ᠢ ᠰᠶᠢᠳᠪᠦᠷᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠎ ᠢᠶᠠᠨ ᠪᠠᠶᠢᠩᠭᠤᠵᠢᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠪᠥᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ  ᠰᠢᠶᠠᠨ︾᠎ ᠢ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ  ᠬᠡᠷᠡᠭᠵᠢᠬᠦᠯᠵᠣ᠂ ᠵᠠᠬᠢᠳᠠᠯ ᠰᠤᠷᠪᠤᠯᠵᠢᠯᠠᠭ᠎ᠠ ᠶᠢᠨ ᠬᠦᠰᠡᠯ ᠱᠠᠭᠠᠷᠳᠠᠯᠭ᠎ᠠ ᠶᠢ 90 %᠎ ᠠᠴᠠ ᠳᠡᠭᠡᠭᠰᠢ ᠳᠤ ᠬᠠᠤᠯᠢ ᠶᠣᠰᠣᠭᠠᠷ ᠲᠥᠷᠥᠯ ᠬᠤᠪᠢᠶᠠᠨ ᠰᠢᠢᠳᠪᠤᠷᠢᠯᠡᠨ᠎ᠡ᠃      ᠠᠶᠣᠯᠬᠦᠢ ᠦᠢᠯᠡᠳᠪᠦᠷᠢᠯᠡᠯ ᠢ ᠭᠤᠶᠢᠪᠢᠰᠢ ᠦᠭᠡᠢ ᠡᠷᠡᠰ ᠴᠢᠩᠭ᠎ᠠ ᠠᠳᠬᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠶᠣᠯᠬᠦᠢ ᠦᠢᠯᠡᠳᠪᠦᠷᠢᠯᠡᠯ ᠎ ᠤᠨ ᠵᠥᠪᠯᠡᠯ ᠤᠨ 15 ᠵᠤᠷᠪᠤᠰ ᠴᠢᠩᠭ᠎ᠠ ᠬᠦᠴᠦᠲᠠᠢ ᠠᠷᠭ᠎ᠠ ᠬᠡᠮᠵᠢᠶ᠎ᠡ ᠪᠣᠯᠤᠨ ᠥᠪᠡᠷᠲᠡᠭᠡᠨ ᠵᠠᠰᠠᠬᠤ ᠣᠷᠣᠨ ᠤ 135 ᠵᠤᠷᠪᠤᠰ ᠴᠢᠩᠭ᠎ᠠ ᠬᠦᠴᠦᠲᠠᠢ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠣᠨᠴᠠ ᠲᠥᠷᠥᠯ ᠤᠨ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭᠠᠨ ᠤ ᠳᠠᠯᠳᠠ ᠭᠡᠮ ᠢ ᠲᠤᠰᠬᠠᠢ ᠴᠡᠭᠴᠡᠯᠡᠨ ᠵᠠᠰᠠᠬᠤ ᠶᠢ ᠲᠥᠪᠯᠡᠷᠡᠭᠦᠯᠦᠨ ᠥᠷᠨᠢᠭᠦᠯᠵᠦ᠂ ᠣᠨᠴᠠ ᠶᠡᠭᠡ ᠠᠶᠣᠯᠬᠦᠢ ᠦᠢᠯᠡᠳᠪᠦᠷᠢᠯᠡᠯ ᠤᠨ ᠠᠳᠠᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠳᠠ ᠰᠢᠪᠳᠣᠯᠬᠤ ᠭᠤᠷᠪᠠᠨ ᠵᠢᠯ ᠤᠨ ᠠᠵᠢᠯᠯᠠᠭ᠎ᠠ ᠪᠠ ︽ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠣᠨ︾᠎ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 5.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ 20 ᠨᠡᠭᠦᠷᠡᠰᠦᠨ ᠠᠭᠤᠷᠬᠠᠢ᠂ 14 ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ ᠳᠤ ᠤᠶᠤᠨᠴᠢᠯᠠᠬᠤ ᠲᠥᠷᠥᠯ ᠵᠦᠢᠯ ᠢ 132 ᠬᠡᠷᠡᠭᠵᠢᠭᠦᠯᠬᠦ ᠪᠠᠷ ᠲᠥᠯᠥᠪᠯᠡᠵᠦ᠂ ︽ᠮᠠᠰᠢᠨᠴᠢᠯᠠᠯᠲᠠ ᠪᠠᠷ ᠬᠥᠮᠦᠨ ᠰᠣᠯᠢᠬᠤ᠂ ᠠᠦ᠋ᠲ᠋ᠦᠴᠢᠯᠠᠯᠲᠠ ᠪᠠᠷ ᠬᠥᠮᠦᠨ ᠬᠠᠰᠤᠬᠤ︾᠎ ᠶᠢ ᠢᠳᠡᠪᠬᠢᠲᠠᠢ ᠲᠦᠯᠬᠢᠨ ᠠᠬᠢᠭᠤᠯᠤᠨ᠎ᠠ᠃      ᠲᠡᠷᠢᠭᠦᠯᠡᠭᠴᠢ ᠨᠠᠷ᠂ ᠭᠡᠰᠢᠭᠦᠳ ᠡ᠂ ᠡᠨᠡ ᠵᠢᠯ ᠤᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠨᠢ ᠲᠣᠶᠢᠯ ᠤᠨ ᠶᠡᠷᠦ ᠪᠤᠰᠤ ᠶᠢᠨ ᠠᠴᠢ ᠬᠤᠯᠪᠣᠭᠳᠠᠯ ᠲᠠᠢ ᠪᠦᠭᠡᠳ ᠡᠭᠦᠷᠭᠡ ᠬᠦᠨᠳᠦ ᠨᠦᠰᠡᠷ ᠪᠠᠶᠢᠭᠰᠠᠭᠠᠷ ᠶᠣᠮ᠃ ᠪᠢᠳᠡ ᠶᠡᠷᠦᠩᠬᠡᠶ ᠱᠦᠵᠢ ᠰᠢ ᠶᠢᠨ ᠫᠢᠩ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠡᠭᠡᠵᠣ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠵᠢᠴᠢ ᠭᠡᠰᠢᠭᠦᠳ ᠤᠨ ᠬᠦᠴᠦᠲᠡᠶ ᠳᠡᠮᠵᠢᠯᠭᠡ ᠳᠤᠤᠷ᠎ᠠ᠂ ᠬᠦᠰᠡᠯ ᠨᠠᠶᠢᠳᠠᠯᠭ᠎ᠠ ᠪᠠᠨ ᠪᠠᠲᠤ ᠴᠡᠭᠡᠵᠢᠯᠡᠵᠦ᠂ ᠡᠷᠡᠯᠬᠡᠭᠯᠡᠨ ᠤᠷᠤᠭᠰᠢᠯᠠᠵᠤ᠂ ᠦᠨᠡᠨ ᠪᠣᠳᠠᠲᠠᠶ ᠠᠵᠢᠯᠯᠠᠵᠤ᠂ ᠡᠷᠡᠰ ᠰᠢᠭᠤᠷᠬᠠᠶ ᠪᠠᠷ ᠤᠷᠤᠭᠰᠢᠯᠠᠨ ᠳᠡᠪᠰᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ᠂ ︽ᠭᠤᠷᠪᠠᠨ ᠤᠮᠠᠷᠠᠲᠤ︾᠎ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠣᠳᠣᠬᠢᠴᠢᠯᠠᠭᠰᠠᠨ ᠰᠢᠯᠢ ᠶᠢᠨ ᠭᠤᠤᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕      ᠲᠠ ᠪᠦᠬᠦᠨ ᠳᠤ ᠲᠠᠯᠠᠷᠬᠠᠯ᠎ᠠ︕
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号