ᠡᠨᠡ ᠵᠢᠯ ᠮᠠᠨ ᠤ ᠠᠶᠢᠮᠠᠭ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶᠎ ᠶᠢᠨ ᠪᠡᠯᠡ ᠮᠥᠩᠭᠦ ᠶᠢ 377 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠬᠤ ᠪᠠᠷ ᠪᠤᠢ
ᠨᠡᠶᠢᠲᠡᠯᠡᠭᠰᠡᠨ ᠴᠠᠭ᠄
2024/4/11
     ᠰᠤᠷᠪᠤᠯᠵᠢᠯᠠᠭᠴᠢ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠠᠶᠢᠮᠠᠭ ᠡᠷᠠᠯᠵᠢᠶᠠᠴᠢᠨ ᠤᠷᠢᠵᠤ ᠪᠡᠯᠡ ᠲᠠᠲᠠᠬᠤ ︽ᠲᠡᠷᠢᠭᠦᠨ ᠢᠨᠵᠧᠨᠧᠷᠢᠩ︾ ᠢ ᠨᠠᠷᠢᠯᠢᠭ ᠤᠨᠤᠪᠴᠢᠲᠠᠢ ᠲᠥᠯᠥᠪᠯᠡᠵᠦ᠂ ᠠᠷᠠᠯᠵᠢᠶᠠᠴᠢᠨ ᠤᠷᠢᠬᠤ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠶᠢ ᠠᠬᠢᠭᠤᠯᠤᠨ᠂ ︽ᠰᠢᠯᠢ ᠶᠢᠨ ᠭᠤᠣᠯ ᠠᠶᠢᠮᠠᠭ ᠤᠨ 2024 ᠣᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠲᠥᠰᠥᠯ︾ ᠎ ᠢ  ᠳᠠᠷᠤᠮᠠᠯᠯᠠᠨ ᠲᠠᠷᠬᠠᠭᠠᠵᠤ᠂ ᠲᠣᠨᠣᠬᠯᠠᠯ ᠦᠢᠯᠡᠳᠭᠡᠯ ᠤᠨ ᠠᠵᠤ ᠦᠢᠯᠡᠰ ᠤᠨ ᠬᠡᠯᠬᠢᠶ᠎ᠡ᠂ ᠨᠦᠭᠡᠴᠡ ᠡᠨᠧᠷᠭᠢ ᠶᠢᠨ ᠳ᠋ᠢᠶᠠᠨ ᡂᠢ ᠶᠢᠨ ᠠᠵᠤ ᠦᠢᠯᠡᠰ ᠤᠨ ᠬᠡᠯᠬᠢᠶ᠎ᠡ᠂ ᠲᠡᠷᠢᠭᠦᠨ ᠤ ᠰᠢᠨ᠎ᠡ  ᠮᠠᠲ᠋ᠧᠷᠢᠶᠠᠯ ᠎ ᠤᠨ  ᠠᠵᠤ  ᠦᠢᠯᠡᠰ ᠤᠨ ᠬᠡᠯᠬᠢᠶ᠎ᠡ᠂ ᠹᠯᠣᠷ ᠬᠢᠮᠢ ᠶᠢᠨ ᠠᠵᠤ ᠦᠢᠯᠡᠳᠪᠦᠷᠢ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠵᠡᠷᠭᠡ ᠭᠤᠣᠯᠳᠠᠯᠭ᠎ᠠ ᠲᠠᠢ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠴᠢᠭᠯᠡᠯ ᠢ ᠲᠣᠳᠣᠷᠬᠠᠶᠢᠯᠠᠵᠤ᠂ ᠠᠷᠠᠯᠵᠢᠶᠠᠴᠢᠨ ᠤᠷᠢᠬᠤ ᠠᠵᠢᠯ ᠢ ᠠᠬᠢᠭᠤᠯᠪᠠ᠃      ᠮᠠᠨ ᠤ ᠠᠶᠢᠮᠠᠭ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶᠎ ᠶᠢᠨ ᠪᠡᠯᠡ ᠮᠥᠩᠭᠦ ᠶᠢ 334 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠬᠤ᠂ 15% ᠠᠴᠠ ᠳᠡᠭᠡᠭᠰᠢ ᠨᠡᠮᠡᠭᠳᠡᠭᠦᠯᠬᠦ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ 2024 ᠣᠨ ᠳᠤ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶᠎ ᠶᠢᠨ ᠪᠡᠯᠡ ᠮᠥᠩᠭᠦ ᠶᠢ 377 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠬᠤ᠂ 30%᠎ ᠪᠠᠷ ᠨᠡᠮᠡᠭᠳᠡᠭᠦᠯᠬᠦ ᠨᠠᠩ ᠥᠨᠳᠥᠷ ᠬᠠᠷᠠᠯᠲᠠ ᠶᠢ ᠰᠤᠳᠤᠯᠤᠨ ᠲᠣᠭᠲᠠᠭᠠᠵᠠᠢ᠃      ᠡᠯ᠎ᠡ ᠬᠤᠰᠢᠭᠤ ᠰᠢᠶᠠᠨ ᠬᠤᠲᠠ ︵ᠤᠷᠤᠨ︶᠎ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ︽ᠨᠠᠷᠢᠯᠢᠭ ᠤᠨᠤᠪᠴᠢᠲᠠᠢ ᠪᠠᠷ ᠠᠷᠠᠯᠵᠢᠶᠠᠴᠢᠨ ᠤᠷᠢᠬᠤ︾ ᠠᠵᠢᠯ ᠤᠨ ᠰᠡᠳᠬᠢᠮᠵᠢ ᠶᠣᠰᠣᠭᠠᠷ᠂ 2024 ᠣᠨ ᠤ ᠠᠷᠠᠯᠵᠢᠶᠠᠴᠢᠨ ᠤᠷᠢᠬᠤ ᠲᠥᠯᠥᠪᠯᠡᠭᠡ ᠶᠢ ᠲᠤᠬᠲᠠᠭᠠᠪᠠ᠃ ᠡᠮᠬᠢᠯᠡᠨ ᠳᠢᠭᠯᠡᠬᠦ ᠪᠠᠷ ᠳᠠᠮᠵᠢᠭᠠᠳ᠂ ᠡᠯ᠎ᠡ ᠬᠤᠰᠢᠭᠤ ᠰᠢᠶᠠᠨ ᠬᠤᠲᠠ ︵ᠤᠷᠤᠨ︶᠎ ᠨᠢ ᠠᠷᠠᠯᠵᠢᠶᠠᠴᠢᠨ ᠤᠷᠢᠬᠤ 169 ᠠᠵᠤ ᠠᠬᠤᠶᠢᠯᠠᠯ ᠢ ᠨᠠᠷᠢᠯᠢᠭ ᠤᠨᠤᠪᠴᠢᠲᠠᠢ ᠵᠣᠯᠭᠠᠭᠤᠯᠬᠤ ᠪᠠᠷ ᠲᠥᠯᠥᠪᠯᠡᠵᠦ᠂ 71 ᠠᠵᠦ ᠦᠢᠯᠡᠰ ᠤᠨ ᠬᠡᠯᠬᠢᠶ᠎ᠠ ᠶᠢᠨ ᠭᠤᠣᠯ ︵ᠳᠠᠭᠠᠭᠤᠯᠤᠭᠴᠢ︶ ᠠᠵᠤ ᠠᠬᠤᠶᠢᠯᠠᠯ ᠨᠢ ᠠᠷᠠᠯᠵᠢᠶᠠᠴᠢᠨ ᠤᠷᠢᠬᠤ ᠲᠥᠷᠥᠯ ᠵᠦᠢᠯ ᠤᠨ ᠰᠦᠪᠡᠭᠴᠢ ᠬᠠᠷᠠᠯᠲᠠ ᠲᠠᠢ 101 ᠠᠵᠤ ᠠᠬᠤᠶᠢᠯᠠᠯ ᠢ ᠵᠣᠯᠭᠠᠭᠤᠯᠬᠤ ᠪᠠᠷ ᠲᠥᠯᠥᠪᠯᠡᠵᠦ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠭᠡᠯ᠂ ᠨᠦᠭᠡᠴᠡ ᠡᠨᠧᠷᠭᠢ ᠶᠢᠨ ᠲᠣᠨᠣᠭᠯᠠᠯ ᠦᠢᠯᠡᠳᠭᠡᠯ᠂ ᠰᠢᠨ᠎ᠡ ᠮᠠᠲ᠋ᠧᠷᠢᠶᠠᠯ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ᠂ ᠥᠩᠭᠡᠲᠦ ᠲᠡᠮᠦᠷᠯᠢᠭ᠂ ᠹᠯᠣᠷ ᠬᠢᠮᠢ ᠶᠢᠨ ᠠᠵᠤ ᠦᠢᠯᠡᠳᠪᠦᠷᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠬᠦᠯᠦᠨ ᠪᠣᠯᠪᠠᠰᠤᠷᠠᠭᠤᠯᠬᠤ ᠵᠡᠷᠭᠡ ᠠᠷᠠᠯᠵᠢᠶᠠᠴᠢᠨ ᠤᠷᠢᠬᠤ ᠭᠤᠣᠯᠳᠠᠯᠭ᠎ᠠ ᠲᠠᠢ ᠬᠦᠷᠢᠶ᠎ᠡ ᠶᠢ ᠦᠨᠳᠦᠰᠦᠨ ᠳᠡᠭᠡᠨ ᠬᠠᠮᠤᠷᠴᠤ᠂ ᠡᠯ᠎ᠡ ᠭᠠᠵᠠᠷ ᠤᠨ ᠭᠤᠣᠯ ᠤᠳᠤᠷᠢᠳᠤᠯᠭ᠎ᠠ ᠪᠦᠯᠬᠦᠮ ᠳᠠᠭᠠᠭᠤᠯᠤᠨ ᠭᠠᠳᠠᠬᠰᠢ ᠭᠠᠷᠴᠦ ᠠᠷᠠᠯᠵᠢᠶᠠᠴᠢᠨ ᠤᠷᠢᠬᠤ ᠡᠵᠢᠯᠯᠠᠭ᠎ᠠ ᠶᠢ 21 ᠤᠳᠠᠭ᠎ᠠ ᠦᠷᠨᠢᠬᠦᠯᠵᠦ᠂ 110 ᠤᠳᠠᠭ᠎ᠠ  ᠠᠵᠤ  ᠠᠬᠤᠶᠢᠯᠠᠯ  ᠢ  ᠤᠷᠢᠵᠤ ᠶᠠᠷᠢᠯᠴᠠᠬᠤ ᠪᠤᠶᠤ ᠰᠢᠨᠵᠢᠯᠡᠨ ᠪᠠᠶᠢᠴᠠᠭᠠᠵᠤ᠂ 24 ᠵᠦᠪᠳᠡᠯᠴᠡᠭᠡᠷ ᠲᠣᠭᠲᠠᠠ᠂ ᠵᠦᠪᠳᠡᠯᠴᠡᠭᠡᠷ ᠤᠨ ᠮᠥᠡᠭᠭᠦ 459 ᠳ᠋ᠦᠩᠰᠢᠭᠤᠷ ᠲᠥᠭᠦᠷᠢᠭ ᠲᠤ ᠬᠦᠷᠬᠦ ᠪᠤᠯᠤᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号