ᠰᠢᠯᠢ ᠶᠢᠨ ᠬᠤᠲᠠ ᠶᠢᠨ ᠤᠯᠠᠭᠠᠨᠮᠥ᠋ᠴᠢᠷ 
ᠨᠡᠶᠢᠲᠡᠯᠡᠭᠰᠡᠨ ᠴᠠᠭ᠄
2024/4/11
    ᠰᠢᠯᠢ ᠶᠢᠨ ᠬᠤᠲᠠ ᠶᠢᠨ ᠤᠯᠠᠭᠠᠨᠮᠥ᠋ᠴᠢᠷ ᠨᠢ 1965 ᠣᠨ ᠳᠤ ᠪᠠᠶᠢᠭᠤᠯᠤᠭᠲᠠᠵᠤ᠂ ᠤᠤᠯ ᠨᠢ ᠠᠪᠠᠭ᠋ᠠᠨᠠᠷ ᠬᠤᠰᠢᠭᠤᠨ ᠤ ᠤᠯᠠᠭᠠᠨᠮᠥ᠋ᠴᠢᠷ ᠪᠠᠶᠢᠵᠤ᠂ 1983 ᠣᠨ ᠳᠤ ᠰᠢᠯᠢ ᠶᠢᠨ ᠬᠤᠲᠠ ᠶᠢᠨ ᠤᠯᠠᠭᠠᠨᠮᠥ᠋ᠴᠢᠷ ᠭᠡᠵᠦ ᠨᠡᠷᠡᠶᠢᠳᠦᠯ ᠢᠶᠠᠨ ᠬᠠᠯᠠᠵᠤ᠂ 2018 ᠣᠨ ᠳᠤ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠤᠯᠠᠭᠠᠨᠮᠥ᠋ᠴᠢᠷ ᠢᠶᠠᠷ ᠦᠨᠡᠯᠡᠭᠳᠡᠪᠡ᠃ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠰᠢᠯᠢ ᠶᠢᠨ ᠬᠤᠲᠠ ᠶᠢᠨ ᠤᠯᠠᠭᠠᠨᠮᠥ᠋ᠴᠢᠷ ᠢ ᠰᠢᠯᠢ ᠶᠢᠨ ᠬᠤᠲᠠ ᠶᠢᠨ ᠦᠨᠳᠦᠰᠦᠲᠡᠨ ᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠤᠷᠠᠯᠢᠭ ᠤᠨ ᠲᠥᠪ ᠪᠣᠯᠭᠠᠵᠤ᠂ ᠰᠢᠯᠢ ᠶᠢᠨ ᠬᠤᠳᠠ ᠶᠢᠨ ᠤᠯᠠᠭᠠᠨᠮᠥ᠋ᠴᠢᠷ ᠨᠢ ᠬᠤᠶᠠᠷ ᠫᠠᠶᠢᠰᠠ ᠲᠠᠢ  ᠪᠣᠯᠵᠣ᠂ ᠮᠠᠯᠴᠢᠳ  ᠲᠤ ︽ᠮᠣᠷᠢᠨ ᠨᠢᠷᠣᠭᠤᠨ ᠲᠡᠭᠡᠷᠡᠬᠢ ᠣᠯᠠᠭᠠᠨᠮᠦ᠋ᠴᠢᠷ︾ ᠭᠡᠵᠦ ᠨᠡᠷᠡᠶᠢᠳᠦᠭᠳᠡᠪᠡ᠃     ᠤᠯᠠᠭᠠᠨᠮᠥ᠋ᠴᠢᠷ ᠨᠢ ᠣᠲᠣ 52 ᠬᠥᠮᠦᠨ ᠤ ᠤᠷᠤᠨ ᠲᠤᠭ᠎ᠠ ᠲᠠᠢ᠂ ᠡᠭᠦᠨ  ᠳᠤ ᠠᠵᠢᠯ ᠤᠨ ᠪᠠᠶᠢᠷᠢ ᠳᠤ ᠪᠠᠶᠢᠭ᠎ᠠ ᠨᠢ 44 ᠬᠥᠮᠦᠨ ᠪᠣᠶ᠂ ᠪᠤᠰᠤᠳ ᠬᠤᠶᠠᠳᠤᠭᠠᠷ ᠱᠠᠲᠤᠨ ᠤ ᠨᠢᠭᠡᠴᠡ ᠳᠤ 8 ᠬᠥᠮᠦᠨ ᠲᠠᠢ᠂ ᠲᠦᠷ ᠴᠠᠭ ᠤᠷᠢᠨ ᠬᠡᠷᠡᠭᠯᠡᠭᠰᠡᠨ ᠠᠵᠢᠯᠲᠠᠨ 7 ᠬᠥᠮᠦᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ 4 ᠬᠦᠮᠦᠨ ᠲᠠᠢ ᠪᠠᠶᠢᠵᠤ᠂ ᠣᠳᠣᠬᠠᠨ ᠳᠤ ᠨᠡᠶᠢᠲᠡ 55 ᠲᠤᠭᠯᠠᠭᠴᠢ ᠲᠠᠢ᠃ ᠠᠵᠢᠯᠯᠠᠭᠰᠠᠨ ᠬᠤᠭᠤᠴᠠᠭ᠎ᠠ ᠨᠢ 30 ᠵᠢᠯ ᠠᠴᠠ ᠳᠡᠭᠡᠭᠰᠢ ᠬᠦᠮᠦᠨ 7᠂ ᠠᠵᠢᠯᠯᠠᠭᠰᠠᠨ ᠬᠤᠭᠤᠴᠠᠭ᠎ᠠ ᠨᠢ 20 ᠵᠢᠯ ᠠᠴᠠ ᠳᠡᠭᠡᠭᠰᠢ ᠬᠥᠮᠦᠨ 5᠂ ᠠᠵᠢᠯᠯᠠᠭᠰᠠᠨ  ᠬᠤᠭᠤᠴᠠᠭ᠎ᠠ ᠨᠢ 11 ᠵᠢᠯ ᠠᠴᠠ ᠳᠣᠷᠣᠭᠰᠢ ᠪᠠᠶᠢᠭ᠎ᠠ ᠨᠢ 40 ᠬᠥᠮᠦᠨ ᠪᠤᠢ᠃ ᠡᠭᠦᠨ ᠳᠤ ᠪᠥᠵᠢᠭᠴᠢᠨ 19 ᠬᠥᠮᠦᠨ ︵ᠡᠮᠡᠭᠲᠡᠶ 12 ᠬᠥᠮᠦᠨ᠂ ᠡᠷᠡᠭᠲᠡᠶ 7 ᠬᠥᠮᠦᠨ︶᠂ ᠬᠦᠭᠵᠢᠮᠴᠢᠨ  28 ᠬᠥᠮᠦᠨ᠂ ᠨᠢᠭᠲᠠᠯᠠᠨ ᠪᠤᠳᠤᠭᠴᠢ 1 ᠬᠥᠮᠦᠨ ᠪᠣᠢ᠃ ᠤᠯᠤᠰ ᠤᠨ ᠨᠢᠭᠡᠳᠦᠭᠡᠷ ᠳᠡᠰ ᠤᠨ ᠲᠣᠭᠯᠠᠭᠴᠢ 1 ᠬᠥᠮᠦᠨ᠂ ᠬᠤᠶᠠᠳᠤᠭᠠᠷ ᠳᠡᠰ ᠤᠨ ᠲᠣᠭᠯᠠᠭᠴᠢ 9 ᠬᠥᠮᠦᠨ᠂ ᠭᠤᠷᠪᠠᠳᠤᠭᠠᠷ ᠳᠡᠰ ᠤᠨ ᠲᠣᠭᠯᠠᠭᠴᠢ 15 ᠬᠦᠮᠦᠨ᠂ ᠳᠥᠷᠪᠡᠳᠦᠭᠡᠷ ᠳᠡᠰ ᠤᠨ ᠲᠣᠭᠯᠠᠭᠴᠢ 20 ᠬᠦᠮᠦᠨ ᠪᠤᠢ᠃ ᠬᠠᠮᠤᠭ ᠤᠨ ᠠᠬᠠᠮᠠᠳ ᠠᠵᠢᠯᠳᠠᠨ ᠨᠢ 54 ᠨᠠᠰᠤ ᠲᠠᠢ᠂ ᠬᠠᠮᠤᠭ ᠤᠨ ᠵᠠᠯᠠᠭᠤ ᠨᠢ 28 ᠨᠠᠰᠤ ᠲᠠᠢ᠂ ᠳᠤᠮᠳᠠᠴᠢ ᠨᠠᠰᠤ ᠨᠢ ᠪᠦᠬᠦᠯᠢ 36 ᠨᠠᠰᠤ ᠪᠠᠶᠢᠵᠤ᠂ ᠡᠭᠦᠨ ᠳᠤ ᠪᠥᠵᠢᠭᠴᠢᠨ ᠤ ᠬᠠᠮᠤᠭ ᠤᠨ ᠠᠬᠠᠮᠠᠳ ᠨᠢ ᠪᠦᠬᠦᠯᠢ 35 ᠨᠠᠰᠤ ᠲᠠᠢ᠂ ᠬᠠᠮᠤᠭ ᠵᠠᠯᠠᠭᠤ ᠨᠢ ᠪᠦᠬᠦᠯᠢ 28 ᠨᠠᠰᠤ ᠎ ᠲᠠᠢ᠂ ᠳᠤᠮᠳᠠᠴᠢ ᠨᠠᠰᠤ ᠨᠢ 30 ᠨᠠᠰᠣ ᠪᠣᠯᠣᠨ᠎ᠠ᠃ ᠲᠦᠷ  ᠴᠠᠭ  ᠎ ᠤᠨ  ᠲᠣᠭᠯᠠᠭᠴᠢ  7 ᠬᠦᠮᠦᠨ ᠢ ᠤᠷᠢᠨ ᠬᠡᠷᠡᠭᠯᠡᠵᠦ᠂ ᠲᠤᠰ ᠲᠤᠰ ︵ᠪᠥᠵᠢᠭᠴᠢᠨ 6 ᠬᠥᠮᠦᠨ᠂ ᠬᠦᠭᠵᠢᠮᠴᠢᠨ 1 ᠬᠥᠮᠦᠨ︶᠃ ᠨᠢᠭᠡ ᠮᠡᠷᠭᠡᠵᠢᠯ  ᠳᠤ ᠮᠡᠷᠭᠡᠰᠢᠭᠰᠡᠨ ᠣᠯᠠᠨ ᠴᠢᠳᠠᠪᠤᠷᠢ ᠲᠠᠢ ᠲᠣᠭᠯᠠᠭᠴᠢ 90%᠎ ᠳᠤ  ᠬᠦᠷᠦᠭᠰᠡᠨ ᠪᠠᠶᠢᠨ᠎ᠠ᠃     ᠲᠠᠯ᠎ᠠ ᠨᠤᠲᠤᠭ ᠲᠠᠭᠠᠨ ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠬᠦ ᠪᠣᠯ ᠤᠯᠠᠭᠠᠨᠮᠥ᠋ᠴᠢᠷ ᠤᠨ ᠦᠨᠳᠦᠰᠦᠨ ᠵᠣᠷᠢᠯᠲᠠ ᠪᠣᠯᠤᠨ᠎ᠠ᠃ ᠰᠢᠯᠢ ᠶᠢᠨ ᠬᠤᠲᠠ ᠶᠢᠨ ᠤᠯᠠᠭᠠᠨᠮᠥ᠋ᠴᠢᠷ ᠨᠢ ᠲᠠᠯ᠎ᠠ ᠨᠤᠲᠤᠭ ᠭᠤᠪᠢ ᠭᠠᠵᠠᠷ ᠎ ᠢᠶᠠᠷ ᠤᠷᠲᠤ ᠬᠤᠭᠤᠴᠠᠭ᠎ᠠ  ᠪᠠᠷ ᠵᠣᠷᠴᠢᠵᠣ᠂ ︽ᠬᠠᠮᠵᠢᠯᠴᠠᠨ ᠬᠠᠪᠰᠣᠷᠴᠦ᠂ ᠰᠣᠶᠣᠯ  ᠢ ᠣᠬᠠᠭᠤᠯᠬᠤ︾ ︽ᠰᠣᠶᠣᠯ  ᠢ ᠡᠷᠦᠬᠡ  ᠳᠤ ᠣᠷᠣᠭᠤᠯᠬᠤ︾ ︽ᠦᠨᠳᠦᠰᠦᠨ ᠱᠠᠳᠣᠨ  ᠳᠤ ᠪᠠᠶᠠᠷ ᠪᠠᠶᠠᠰᠣᠯ ᠠᠪᠴᠢᠷᠠᠵᠣ ᠥᠭᠬᠦ︾ ᠵᠡᠷᠭᠡ ᠬᠦᠳᠡᠯᠭᠡᠭᠡᠨ  ᠢᠶᠠᠷ ᠲᠠᠮᠵᠢᠵᠤ ᠤᠶᠢᠷ᠎ᠠ ᠶᠢᠨ ᠬᠤᠶᠠᠷ ᠵᠢᠯ ᠳᠤ 200 ᠭᠠᠷᠣᠢ ᠣᠳᠠᠭ᠎ᠠ  ᠦᠨᠳᠦᠰᠦᠨ ᠱᠠᠲᠤᠨ ᠳᠤ ᠪᠠᠭᠤᠵᠣ᠂ ᠮᠣᠩᠭᠤᠯ ᠵᠦᠴᠦᠭᠡ ︽ᠠᠮᠢᠨ  ᠵᠠᠶᠠᠭ᠎ᠠ︾ ︽ᠲᠠᠭᠤᠣ ᠪᠠᠷ ᠵᠢᠷᠭᠠᠬᠤ ᠡᠬᠡ ᠣᠷᠣᠨ︾᠂  ︽ᠰᠢᠳᠦᠭᠡᠨᠳᠦ ᠣᠪᠣᠭ᠎ᠠ︾᠂ ︽ᠪᠣᠷᠣᠭᠠᠨ︾᠂ ︽ᠨᠠᠶᠢᠵᠠ ᠲᠠᠨ ᠢ ᠪᠠᠨ ᠣᠭᠳᠣᠶ᠎ᠠ︾᠂ ︽ᠨᠠᠷᠠᠨ ᠢᠪᠡᠭᠡᠯᠳᠦ ᠬᠠᠶᠢᠷ᠎ᠠ︾᠂ ︽ᠰᠢᠯᠢ ᠶᠢᠨ ᠭᠤᠣᠯ ᠤᠨ ᠰᠥᠨᠢ ᠭᠤᠶᠣᠬᠠᠨ︾᠂ ︽ᠠᠪᠠᠭ᠋ᠠᠨᠠᠷ ᠪᠥᠬᠡ ᠶᠢᠨ ᠳᠠᠭᠤᠤ︾᠂ ︽ᠠᠮᠠᠷᠠᠭ ᠢᠶᠠᠨ ᠮᠥᠷᠥᠭᠡᠳᠬᠦ︾᠂ ᠪᠦᠵᠢᠭ ︽ᠮᠣᠷᠢ ᠰᠤᠷᠭᠠᠬᠤ ᠪᠥᠵᠢᠭ︾᠂ ︽ᠮᠢᠨᠦ ᠮᠣᠩᠭᠤᠯ ᠮᠣᠷᠢ︾᠂ ︽ᠤᠷᠲᠤ ᠶᠢᠨ ᠲᠠᠭᠤᠨ ᠤ ᠬᠠᠶᠢᠷ᠎ᠠ ᠰᠡᠳᠬᠢᠯᠭᠡ︾᠂ ᠨᠠᠶᠢᠷᠠᠯ ᠬᠥᠭᠵᠢᠮ      ︽ᠭᠤᠷᠪᠠᠨ ᠴᠢᠪᠬᠠᠳᠠᠰᠤ ᠪᠠ ᠶᠠᠩᠴᠢᠨ ᠤ ᠨᠠᠶᠢᠷᠠᠯ ᠬᠥᠭᠵᠢᠮ ᠷᠣᠮᠠᠨᠲ᠋ᠢᠭ ᠠᠲᠤᠭᠤᠴᠢᠨ︾  ︽ᠰᠡᠳᠬᠢᠯ ᠤᠨ ᠣᠶᠠᠩᠭ᠎ᠠ︾᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠱᠤᠭ ᠵᠥᠴᠦᠭᠡ ︽︿ᠵᠢᠭᠠᠰᠤ﹀᠎ ᠶᠢᠨ ᠭᠠᠶ︾᠂ ︽ᠭᠡᠮᠰᠢᠯ︾᠂ ᠬᠤᠯᠪᠤᠭ᠎ᠠ ︽ᠰᠢᠯᠢ ᠶᠢᠨ ᠭᠤᠣᠯ ᠤᠨ ᠮᠠᠭᠳᠠᠭᠤ︾ ᠵᠡᠷᠭᠡ ᠤᠤᠭᠠᠯ ᠪᠦᠲᠦᠭᠡᠯ ᠨᠢ ᠥᠷᠭᠡᠨ ᠣᠯᠠᠨ ᠲᠦᠮᠡᠨ ᠤ ᠳᠤᠷ᠎ᠠ ᠰᠣᠨᠢᠷᠬᠠᠯ ᠢ ᠶᠡᠬᠡᠳᠡ ᠲᠠᠲᠠᠵᠠᠶ᠃     ᠰᠢᠯᠢ ᠶᠢᠨ ᠬᠤᠲᠠ ᠶᠢᠨ ᠤᠯᠠᠭᠠᠨᠮᠥ᠋ᠴᠢᠷ ᠨᠢ ᠲᠣᠭᠯᠠᠭᠴᠢ ᠶᠢᠨ ᠴᠢᠳᠠᠪᠤᠷᠢ ᠪᠠ ᠬᠡᠪ ᠴᠢᠨᠠᠷ ᠢ ᠳᠡᠭᠡᠭᠰᠢᠯᠡᠭᠦᠯᠬᠦ ᠶᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠵᠢᠯ ᠪᠦᠷᠢ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠠᠴᠠ ᠡᠷᠬᠢᠯᠡᠭᠰᠡᠨ ᠡᠯ᠎ᠡ ᠲᠥᠷᠥᠯ ᠤᠨ ᠪᠤᠯᠪᠠᠰᠤᠷᠠᠯ ᠳᠤ ᠣᠷᠣᠯᠴᠠᠬᠤ᠂ ᠦᠪᠡᠷᠲᠡᠭᠡᠨ ᠪᠠᠭᠰᠢ ᠵᠠᠯᠠᠬᠤ ᠪᠠ ᠭᠠᠳᠠᠭᠰᠢ ᠭᠠᠷᠴᠤ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠠᠭᠤᠤ ᠬᠥᠭᠵᠢᠮ ᠤᠨ ᠵᠣᠬᠢᠶᠠᠨ ᠪᠦᠲᠦᠭᠡᠯᠭᠡ᠂ ᠪᠥᠵᠢᠭ ᠤᠨ ᠵᠣᠬᠢᠶᠠᠨ ᠪᠦᠲᠦᠭᠡᠯᠭᠡ ᠪᠠ ᠨᠠᠶᠢᠷᠠᠭᠤᠯᠭ᠎ᠠ ᠵᠢᠴᠢ ᠱᠤᠭ ᠵᠦᠴᠦᠭᠡ ᠵᠣᠬᠢᠶᠠᠨ ᠪᠦᠲᠦᠭᠡᠬᠦ ᠵᠡᠷᠭᠡ ᠡᠯ᠎ᠡ ᠲᠠᠯ᠎ᠠ ᠶᠢᠨ ᠪᠣᠯᠪᠠᠰᠤᠷᠠᠯ ᠢ ᠬᠦᠴᠦᠯᠡᠨ ᠥᠷᠨᠢᠭᠦᠯᠵᠦ᠂ ᠡᠩᠨᠡᠭᠡᠨ ᠤ ᠪᠠᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ᠂ ᠰᠢᠯᠢ ᠶᠢᠨ ᠬᠤᠲᠠ ᠶᠢᠨ ᠲᠡᠦᠬᠡ ᠰᠣᠶᠣᠯ᠂ ᠭᠠᠵᠠᠷ ᠣᠷᠣᠨ ᠤ ᠣᠨᠴᠠᠯᠢᠭ ᠪᠣᠯᠤᠨ ᠰᠢᠨ᠎ᠡ ᠴᠠᠭ ᠦᠶ᠎ᠡ ᠶᠢᠨ ᠲᠠᠯ᠎ᠠ ᠨᠤᠲᠤᠭ ᠤᠨ ᠬᠥᠪᠡᠭᠦᠳ ᠥᠬᠢᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠥᠭᠡᠭᠡᠴᠡᠯᠳᠦᠯ ᠲᠠᠢ ᠤᠶᠠᠯᠳᠤᠭᠤᠯᠤᠨ᠂ ᠣᠯᠠᠨ ᠲᠦᠮᠡᠨ ᠲᠠᠢ ᠣᠶᠢᠷᠠᠳᠴᠤ᠂ ᠠᠮᠢᠳᠤᠷᠠᠯ ᠲᠠᠢ ᠣᠶᠢᠷᠠᠳᠴᠤ᠂ ᠪᠣᠳᠠᠲᠤ ᠠᠬᠤᠶᠢᠴᠢ ᠰᠡᠳᠦᠪ ᠲᠤ ᠠᠩᠬᠠᠷᠤᠯ ᠢᠶᠠᠨ ᠲᠦᠪᠯᠡᠷᠡᠬᠦᠯᠵᠦ᠂ ᠨᠠᠮ ᠪᠠ ᠡᠬᠡ ᠤᠯᠤᠰ ᠢᠶᠠᠨ ᠮᠠᠭᠲᠠᠨ ᠳᠠᠭᠤᠯᠠᠭᠰᠠᠨ᠂ ᠠᠷᠠᠳ ᠲᠦᠮᠡᠨ ᠢᠶᠠᠨ ᠮᠠᠭᠲᠠᠨ ᠲᠠᠭᠤᠯᠠᠭᠰᠠᠨ ᠰᠣᠳᠣᠨ ᠪᠦᠲᠦᠭᠡᠯ ᠢ ᠣᠯᠠᠨ ᠠᠷᠪᠢᠨ ᠵᠣᠬᠢᠶᠠᠨ ᠪᠦᠳᠦᠭᠡᠭᠰᠡᠨ ᠪᠠᠶᠢᠨ᠎ᠠ᠃ ᠣᠶᠢᠷ᠎ᠠ ᠶᠢᠨ ᠬᠤᠶᠠᠷ ᠵᠢᠯ ᠳᠤ ᠣᠷᠣᠨ ᠨᠤᠲᠤᠭ ᠤᠨ ᠣᠨᠴᠠᠯᠢᠭ ᠲᠠᠢ᠂ ᠭᠤᠤᠯ ᠰᠡᠳᠦᠪ ᠲᠣᠪᠤᠶᠢᠮ᠎ᠠ᠂ ᠨᠤᠲᠤᠭ ᠤᠰᠤ ᠪᠠᠨ ᠮᠠᠭᠲᠠᠨ ᠳᠠᠭᠤᠯᠠᠭᠰᠠᠨ 25 ᠪᠦᠵᠢᠭ᠂ ᠳᠠᠭᠤᠤ᠂ ᠬᠥᠭᠵᠢᠮ᠂ ᠱᠤᠭ ᠵᠦᠴᠦᠭᠡ ᠬᠤᠯᠪᠤᠭ᠎ᠠ ᠵᠡᠷᠭᠡ 60 ᠭᠠᠷᠤᠶ ᠪᠦᠲᠦᠭᠡᠯ ᠢ ᠵᠣᠬᠢᠶᠠᠨ  ᠪᠦᠲᠦᠭᠡᠵᠦ᠂ ᠡᠭᠦᠨ ᠳᠤ ᠳᠠᠭᠤᠤ ︽ᠡᠯᠢᠭᠡᠨ ᠰᠠᠳᠣᠨ ᠮᠢᠨᠢ ᠠᠮᠣᠷ ᠮᠡᠨᠳᠦ ᠤᠤ︖︾  ︽ᠨᠠᠷᠠᠨ ᠢᠪᠡᠭᠡᠯᠳᠦ ᠬᠠᠶᠢᠷ᠎ᠠ︾᠂ ᠡᠯᠧᠺᠲᠷᠣᠨ ᠬᠦᠭᠵᠢᠮ ︽ᠰᠢᠯᠢ ᠶᠢᠨ ᠭᠤᠣᠯ  ︾ ︽ᠮᠠᠨ ᠤ  ᠤᠯᠠᠭᠠᠨᠮᠦ᠋ᠴᠢᠷ︾᠂ ︽ᠦᠯᠡᠮᠵᠢ ᠶᠢᠨ ᠰᠠᠶᠢᠬᠠᠨ ᠰᠢᠯᠢ ᠶᠢᠨ ᠬᠤᠳᠠ︾᠂ ᠪᠦᠵᠢᠭ ︽ᠡᠪᠦᠭᠡᠨ ᠰᠢᠪᠠᠭᠤ  ︾ ︽ᠠᠳᠣᠭᠤᠨ ᠲᠠᠮᠠᠭ᠎ᠠ︾      ︽ᠴᠠᠬᠤᠯᠠᠢ︾᠂ ᠠᠷᠠᠳ ᠤᠨ ᠨᠠᠶᠢᠷᠠᠯ ᠬᠦᠭᠵᠢᠮ ︽ᠰᠢᠨ᠎ᠡ ᠬᠠᠪᠤᠷ︾᠂ ᠨᠠᠶᠢᠷᠠᠯ ᠬᠦᠭᠵᠢᠮ ︽ᠲᠡᠷᠡ ᠨᠢᠭᠡᠨ ᠴᠡᠴᠡᠭ︾ ︽ᠰᠡᠳᠬᠢᠯ ᠤᠨ ᠣᠶᠠᠩᠭ᠎ᠠ︾ ︽ᠰᠠᠶᠢᠨ ᠰᠢᠨᠡᠯᠡᠪᠡᠣ︾ ᠵᠡᠷᠭᠡ ᠪᠦᠲᠦᠭᠡᠯ ᠨᠢ ᠲᠤᠰᠪᠤᠷᠢ ᠠᠲᠠᠯᠢ ᠪᠤᠰᠤ ᠲᠤᠭᠯᠠᠯᠲᠠ ᠶᠢᠨ ᠤᠷᠤᠯᠳᠤᠭᠠᠨ ᠲᠤᠮᠲᠠ ᠰᠢᠯᠢᠳᠡᠭ ᠪᠦᠲᠦᠮᠵᠢ ᠤᠯᠤᠭᠰᠠᠨ ᠪᠠᠶᠢᠨ᠎ᠠ᠃     ᠰᠢᠯᠢ ᠶᠢᠨ ᠬᠤᠲᠠ ᠶᠢᠨ ᠤᠯᠠᠭᠠᠨᠮᠥ᠋ᠴᠢᠷ ᠤᠨ ᠬᠡᠳᠦᠨ ᠦᠶ᠎ᠡ ᠶᠢᠨ ᠤᠷᠠᠯᠢᠭᠴᠢᠳ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠤᠶᠢᠷ᠎ᠠ ᠶᠢᠨ ᠬᠤᠶᠠᠷ ᠵᠢᠯ ᠳᠤ ᠣᠷᠣᠨ ᠤ  ᠲᠣᠳᠣᠨ᠎ᠠ ᠭᠠᠳᠠᠨᠠᠬᠢ ᠡᠯ᠎ᠡ ᠲᠥᠷᠥᠯ ᠤᠨ ᠢᠷᠠᠭᠤ ᠠᠯᠳᠠᠷ ᠢ ᠬᠦᠷᠳᠡᠵᠣ᠂ ᠡᠭᠦᠨ ᠳᠤ ᠤᠯᠠᠭᠠᠨᠮᠥ᠋ᠴᠢᠷ ᠤᠨ ᠭᠡᠰᠢᠭᠦᠳ ᠤᠨ ᠥᠪᠡᠷ ᠢᠶᠠᠨ ᠤᠲᠤᠷᠢᠳᠴᠤ ᠥᠪᠡᠷ ᠢᠶᠠᠨ ᠲᠣᠭᠯᠠᠭᠰᠠᠨ ᠮᠣᠩᠭᠤᠯ ᠵᠦᠴᠦᠭᠡ ︽ᠠᠮᠢᠨ ᠵᠠᠶᠠᠭ᠎ᠠ︾᠎ ᠨᠢ ᠠᠩᠬᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡᠨ ᠤ ᠰᠢ ᠵᠦᠴᠦᠭᠡ ᠶᠢᠨ ᠦᠵᠡᠭᠦᠯᠦᠯᠭᠡ ᠶᠢᠨ ᠬᠠᠮᠤᠭ ᠰᠢᠯᠢᠳᠡᠭ  ᠵᠦᠴᠦᠭᠡ ᠶᠢᠨ ᠭᠠᠷᠴᠠᠭ ᠤᠨ ᠱᠠᠩᠨᠠᠯ᠂ ᠬᠠᠮᠤᠭ ᠰᠢᠯᠢᠳᠡᠭ ᠬᠥᠭᠵᠢᠮ ᠤᠨ ᠱᠠᠩᠨᠠᠯ᠂ ᠲᠣᠭᠯᠠᠯᠲᠠ ᠶᠢᠨ ᠬᠤᠶᠠᠳᠤᠭᠠᠷ ᠭᠤᠷᠪᠠᠳᠤᠭᠠᠷ ᠳᠡᠰ ᠤᠨ ᠱᠠᠩᠨᠠᠯ ᠢ ᠬᠦᠷᠳᠡᠵᠦ᠂ ᠤᠤᠭᠠᠯ ᠪᠦᠲᠦᠭᠡᠯ ︽ᠭᠡᠷ ᠪᠦᠯᠢ ᠶᠢᠨ ᠬᠤᠷᠠᠯ︾᠎ ᠨᠢ ᠪᠦᠬᠦ ᠣᠷᠣᠨ ᠤ ᠬᠤᠶᠠᠳᠤᠭᠠᠷ ᠬᠤᠭᠤᠴᠠᠭᠠᠨ ᠤ ᠮᠣᠩᠭᠤᠯ ᠬᠢᠲᠠᠳ ᠬᠡᠯᠡᠨ ᠤ ᠱᠤᠭ ᠵᠦᠴᠦᠭᠡ ᠶᠢᠨ ᠤᠷᠤᠯᠳᠤᠭᠠᠨ ᠤ ᠰᠢᠯᠢᠳᠡᠭ ᠱᠠᠩᠨᠠᠯ ᠪᠠ ᠵᠦᠴᠦᠭᠡ ᠨᠠᠶᠢᠷᠠᠭᠤᠯᠣᠭᠰᠠᠨ ᠱᠠᠩᠨᠠᠯ ᠬᠦᠷᠳᠡᠵᠦ᠂ ᠬᠠᠮᠳᠣ ᠶᠢᠨ ᠪᠥᠵᠢᠭ ︽ᠲᠠᠯ᠎ᠠ ᠨᠤᠲᠤᠭ ᠤᠨ ᠨᠠᠷᠭᠢᠯ ᠳᠠᠭᠤᠤ︾᠎ ᠨᠢ ᠰᠢᠯᠢ ᠶᠢᠨ ᠭᠤᠤᠯ ᠠᠶᠢᠮᠠᠭ ᠤᠨ ᠪᠥᠵᠢᠭ ᠤᠨ ᠤᠷᠤᠯᠳᠤᠭᠠᠨ ᠤ ᠬᠠᠮᠳᠣ ᠶᠢᠨ ᠪᠥᠵᠢᠭ ᠤᠨ ᠳᠤᠭᠤᠶᠢᠯᠠᠩ ᠤᠨ ᠲᠣᠭᠯᠠᠯᠲᠠ ᠶᠢᠨ ᠰᠢᠯᠢᠳᠡᠭ ᠱᠠᠩᠨᠠᠯ ᠢ ᠬᠦᠷᠳᠡᠵᠦ᠂ ᠭᠤᠴᠣᠯᠠᠯ ᠪᠥᠵᠢᠭ ︽ᠲᠣᠷᠠᠰᠣᠮᠵᠢ︾᠎ ᠨᠢ ᠰᠢᠯᠢ ᠶᠢᠨ ᠭᠤᠤᠯ ᠠᠶᠢᠮᠠᠭ ᠤᠨ ᠪᠥᠵᠢᠭ ᠤᠨ ᠤᠷᠤᠯᠳᠤᠭᠠᠨ ᠤ ︽ᠰᠢᠯᠢᠳᠡᠭ ᠱᠠᠩᠨᠠᠯ︾᠎ ᠢ ᠬᠦᠷᠳᠡᠵᠦ᠂ ᠱᠤᠭ ᠵᠦᠴᠦᠭᠡ ︽ᠨᠤᠲᠤᠭ ᠤᠨ ᠥᠯᠢᠭᠡᠷ︾᠎ ᠨᠢ ᠪᠥᠬᠦ ᠠᠶᠢᠮᠠᠭ ᠤᠨ ᠤᠯᠠᠭᠠᠨᠮᠥ᠋ᠴᠢᠷ ᠤᠨ ᠱᠤᠭ ᠵᠦᠴᠦᠭᠡ ᠶᠢᠨ ᠤᠷᠤᠯᠳᠤᠭᠠᠨ ᠤ ᠭᠤᠷᠪᠠᠳᠤᠭᠠᠷ ᠳᠡᠰ ᠤᠨ ᠱᠠᠩᠨᠠᠯ ᠢ ᠬᠦᠷᠳᠡᠵᠦ᠂  ᠬᠤᠯᠪᠣᠭ᠎ᠠ ︽ᠲᠠᠯ᠎ᠠ ᠨᠤᠲᠤᠭ ᠤᠨ ᠮᠠᠭᠲᠠᠭᠠᠯ︾᠎ ᠨᠢ ᠪᠦᠬᠦ ᠣᠷᠣᠨ ᠤ ᠮᠣᠩᠭᠤᠯ ᠦᠵᠡᠭᠦᠯᠦᠯᠭᠡ ᠶᠢᠨ ᠰᠢᠯᠢᠳᠡᠭ ᠲᠣᠭᠯᠠᠯᠲᠠ ᠶᠢᠨ ᠱᠠᠩᠨᠠᠯ ᠢ ᠬᠦᠷᠳᠡᠵᠦ᠂ ᠪᠥᠵᠢᠭ  ︽ᠣᠪᠣᠭ᠎ᠠ︾᠎ ᠨᠢ ᠠᠩᠬᠠᠳᠤᠭᠠᠷ ᠬᠤᠭᠤᠴᠠᠭᠠᠨ ᠤ ᠪᠦᠬᠦ ᠣᠷᠣᠨ ᠤ ᠰᠢᠨ᠎ᠡ ᠬᠦᠮᠦᠨ ᠤ ᠰᠢᠨ᠎ᠡ ᠪᠦᠲᠦᠭᠡᠯ ᠤᠨ ᠤᠷᠤᠯᠳᠤᠭᠠᠨ ᠤ ᠭᠤᠷᠪᠠᠳᠤᠭᠠᠷ ᠳᠡᠰ ᠤᠨ ᠱᠠᠩᠨᠠᠯ ᠢ ᠬᠦᠷᠳᠡᠵᠦ᠂ ᠭᠡᠰᠢᠭᠦᠨ ᠪᠦᠦ ᠯᠢᠩᠬᠸ᠎ᠠ ᠶᠢᠨ ᠵᠣᠬᠢᠶᠠᠨ ᠪᠦᠳᠦᠭᠡᠭᠰᠡᠨ ︽ᠡᠯᠢᠭᠡᠨ ᠰᠠᠳᠣᠨ ᠮᠢᠨᠢ  ᠡᠷᠡᠬᠦᠯ ᠮᠡᠨᠳᠦ ᠤᠤ︖︾ ᠭᠡᠬᠦ ᠳᠠᠭᠤᠤ ᠨᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ  ᠶᠢᠨ ᠢᠨᠵᠧᠨᠧᠷᠢᠩ︾᠎ ᠤᠨ ᠱᠠᠩᠨᠠᠯ ᠢ ᠬᠦᠷᠳᠡᠵᠦ᠂ ᠭᠡᠰᠢᠭᠦᠨ ᠪᠤᠶᠠᠨᠳᠠᠯᠠᠶ ᠶᠢᠨ ᠲᠠᠭᠤᠯᠠᠭᠰᠠᠨ ︽ᠣᠪᠣᠭ᠎ᠠ ᠮᠢᠨᠢ︾ ᠭᠡᠬᠦ ᠳᠠᠭᠤᠤ ᠨᠢ ᠪᠥᠬᠦ ᠣᠷᠣᠨ ᠤ ᠤᠯᠠᠭᠠᠨᠮᠥ᠋ᠴᠢᠷ ᠤᠨ ᠰᠢᠨ᠎ᠡ ᠬᠦᠮᠦᠨ ᠤ ᠰᠢᠨ᠎ᠡ ᠪᠦᠲᠦᠭᠡᠯ ᠤᠨ ᠤᠷᠤᠯᠳᠤᠭᠠᠨ ᠳᠤ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ᠃ ᠰᠢᠯᠢ ᠶᠢᠨ ᠬᠤᠲᠠ ᠶᠢᠨ ᠤᠯᠠᠭᠠᠨᠮᠥ᠋ᠴᠢᠷ ᠨᠢ ᠪᠥᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠳᠤ ᠣᠷᠣᠯᠴᠠᠵᠤ ᠪᠦᠯᠬᠦᠮ ᠤᠨ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠪᠥᠵᠢᠭ ︽ᠮᠣᠩᠭᠤᠯ ᠮᠣᠷᠢ︾᠎ ᠨᠢ ᠪᠦᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ ᠮᠡᠷᠭᠡᠵᠢᠯ ᠤᠨ ᠭᠤᠷᠪᠠᠳᠤᠭᠠᠷ ᠳᠡᠰ ᠤᠨ ᠱᠠᠩᠨᠠᠯ ᠎ ᠢ ᠬᠦᠷᠳᠡᠵᠦ᠂ ᠠᠷᠠᠳ ᠤᠨ ᠨᠠᠶᠢᠷᠠᠯ ᠬᠥᠭᠵᠢᠮ ︽ᠰᠡᠳᠬᠢᠯ ᠤᠨ ᠣᠶᠠᠩᠭ᠎ᠠ︾᠎ ᠨᠢ ᠪᠦᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ ᠵᠣᠬᠢᠶᠠᠨ ᠪᠦᠳᠦᠭᠡᠯᠭᠡ ᠶᠢᠨ ᠭᠤᠷᠪᠠᠳᠤᠭᠠᠷ ᠳᠡᠰ ᠤᠨ ᠱᠠᠩᠨᠠᠯ ᠎ ᠢ ᠬᠦᠷᠳᠡᠵᠦ᠂  ︽ᠨᠠᠶᠢᠵᠠ ᠲᠠᠨ ᠢ ᠪᠠᠨ ᠤᠭᠲᠤᠶ᠎ᠠ︾ ᠭᠡᠬᠦ ᠳᠠᠭᠤᠤ ᠨᠢ ᠪᠥᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ ᠭᠤᠷᠪᠠᠳᠤᠭᠠᠷ ᠳᠡᠰ ᠤᠨ ᠱᠠᠩᠨᠠᠯ ᠢ ᠬᠦᠷᠳᠡᠵᠦ᠂ ︽ᠲᠠᠭᠤᠣ ᠪᠠᠷ ᠵᠢᠷᠭᠠᠬᠤ ᠡᠬᠡ ᠤᠯᠤᠰ︾ ᠭᠡᠬᠦ ᠳᠠᠭᠤᠤ ᠨᠢ ᠪᠥᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ ᠵᠤᠬᠢᠶᠠᠨ ᠪᠦᠲᠦᠭᠡᠯᠭᠡ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠳᠡᠵᠦ᠂ ᠲᠠᠪᠰᠢᠯᠳᠣ᠂ ᠰᠢ ᠯᠦᠩ᠂ ᠬᠦᠣᠳᠠᠭᠤᠯᠠ ᠪᠥᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠳᠤ ︽ᠨᠢᠭᠡ ᠮᠡᠷᠭᠡᠵᠢᠯ  ᠳᠤ ᠮᠡᠷᠭᠡᠰᠢᠭᠰᠡᠨ ᠣᠯᠠᠨ ᠴᠢᠳᠠᠪᠤᠷᠢ ᠲᠠᠢ ᠲᠣᠭᠯᠠᠭᠴᠢ︾ ᠭᠡᠬᠦ ᠱᠠᠩᠨᠠᠯ ᠬᠦᠷᠳᠡᠵᠦ᠂ ᠨᠠᠰᠤᠨᠪᠦ᠋ᠬᠡ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠤᠨ ︽ᠨᠢᠭᠡ ᠮᠡᠷᠭᠡᠵᠢᠯ  ᠳᠤ ᠮᠡᠷᠭᠡᠰᠢᠭᠰᠡᠨ ᠣᠯᠠᠨ ᠴᠢᠳᠠᠪᠤᠷᠢ ᠲᠠᠢ ᠪᠠᠶᠢᠬᠤ︾ ᠤᠷᠤᠯᠳᠤᠭᠠᠨ ᠳᠤ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠰᠦᠬᠡᠪᠠᠶᠠᠷ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠤᠨ ︽ᠨᠢᠭᠡ ᠮᠡᠷᠭᠡᠵᠢᠯ  ᠳᠤ ᠮᠡᠷᠭᠡᠰᠢᠭᠰᠡᠨ ᠣᠯᠠᠨ ᠴᠢᠳᠠᠪᠤᠷᠢ ᠲᠠᠢ ᠪᠠᠶᠢᠬᠤ  ︾  ᠤᠷᠤᠯᠳᠤᠭᠠᠨ ᠳᠤ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠭᠡᠰᠢᠭᠦᠨ ᠪᠠᠶ ᠮᠧᠶ ᠯᠢᠩ ᠪᠥᠬᠦ ᠣᠷᠣᠨ ᠤ ᠲᠠᠯ᠎ᠠ ᠨᠤᠲᠤᠭ ᠤᠨ ᠠᠯᠲᠠᠨ ᠨᠠᠮᠤᠷ ᠲᠠᠭᠤᠨ ᠤ ᠤᠷᠤᠯᠳᠤᠭᠠᠨ ᠳᠤ ᠣᠷᠣᠯᠴᠠᠵᠤ᠂ ︽ᠢᠷᠠᠭᠤ ᠬᠤᠭᠤᠯᠠᠢ ᠶᠢᠨ ᠳᠤᠭᠤᠶᠢᠯᠠᠩ ᠤᠨ ᠬᠤᠶᠠᠳᠤᠭᠠᠷ ᠳᠡᠰ ᠤᠨ ᠱᠠᠩᠨᠠᠯ︾᠎ ᠢ ᠬᠦᠷᠳᠡᠵᠦ᠂ ᠪᠤᠶᠠᠨᠳᠠᠯᠠᠢ ᠪᠥᠬᠦ ᠣᠷᠣᠨ ᠤ ᠲᠠᠯ᠎ᠠ ᠨᠤᠲᠤᠭ ᠤᠨ ᠠᠯᠲᠠᠨ ᠨᠠᠮᠤᠷ ᠲᠠᠭᠤᠨ ᠤ ᠤᠷᠤᠯᠳᠤᠭᠠᠨ ᠳᠤ ᠣᠷᠣᠯᠴᠠᠵᠤ᠂ ᠤᠷᠤᠰᠬᠠᠯ ᠤᠨ ᠳᠤᠭᠤᠶᠢᠯᠠᠩ ᠤᠨ ︽ᠰᠢᠯᠢᠳᠡᠭ ᠱᠠᠩᠨᠠᠯ︾᠎ ᠢ ᠭᠥᠷᠳᠡᠵᠦ᠂ ᠰᠦᠬᠡᠪᠠᠶᠠᠷ ᠪᠥᠬᠦ ᠠᠶᠢᠮᠠᠭ ᠤᠨ ᠮᠣᠷᠢᠨ ᠬᠤᠭᠤᠷ ᠤᠨ ᠤᠷᠤᠯᠳᠤᠭᠠᠨ ᠳᠤ ᠬᠤᠶᠠᠳᠤᠭᠠᠷ ᠳᠡᠰ ᠤᠨ ᠱᠠᠩᠨᠠᠯ ᠢ ᠭᠥᠷᠳᠡᠪᠡ᠃     ᠰᠢᠯᠢ ᠶᠢᠨ ᠬᠤᠲᠠ ᠶᠢᠨ ᠤᠯᠠᠭᠠᠨᠮᠥ᠋ᠴᠢᠷ ᠨᠢ ᠣᠯᠠᠨ ᠢᠷᠠᠭᠤ ᠠᠯᠳᠠᠷ ᠬᠦᠷᠳᠡᠭᠰᠡᠨ ᠢᠶᠠᠷ ᠪᠠᠷᠠᠬᠤ ᠦᠭᠡᠢ ᠪᠠᠰᠠ ᠨᠠᠮ ᠲᠥᠷᠥ ᠶᠢᠨ ᠤᠲᠤᠷᠢᠳᠤᠯᠭ᠎ᠠ ᠶᠢᠨ ᠲᠠᠭᠠᠰᠢᠶᠠᠯ ᠪᠠ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠂ 2014 ᠣᠨ ᠳᠤ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠢᠷᠡᠵᠦ ᠰᠤᠲᠤᠯᠤᠨ ᠪᠠᠶᠢᠴᠠᠭᠠᠬᠤ ᠦᠶᠡᠰ᠂ ᠪᠤᠯᠠᠭᠠᠨ ᠰᠣᠮᠣᠨ ᠤ ᠡᠪᠦᠯ ᠤᠨ ᠤᠯᠠᠷᠢᠯ ᠤᠨ ᠨᠠᠭᠠᠳᠤᠮ ᠤᠨ ᠬᠤᠷᠠᠯ ᠳᠤ ᠣᠷᠣᠯᠴᠠᠬᠤ ᠳᠠᠭᠠᠨ᠂ ᠰᠢᠯᠢ ᠎ ᠶᠢᠨ ᠬᠤᠲᠠ ᠶᠢᠨ ᠤᠯᠠᠭᠠᠨᠮᠥ᠋ᠴᠢᠷ ᠤᠨ ᠲᠣᠭᠯᠠᠯᠲᠠ ᠶᠢ ᠰᠣᠨᠢᠷᠬᠠᠨ ᠦᠵᠡᠵᠦ᠂ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠭᠰᠠᠨ ᠪᠢᠯᠡ᠃ ᠡᠭᠦᠨ ᠠᠴᠠ ᠡᠮᠦᠨ᠎ᠡ᠂ 1988 ᠣᠨ ᠳᠤ ᠰᠢᠯᠢ ᠶᠢᠨ ᠬᠤᠳᠠ ᠶᠢᠨ ᠤᠯᠠᠭᠠᠨᠮᠥ᠋ᠴᠢᠷ ᠤᠨ ᠭᠡᠰᠢᠭᠦᠨ ᠰᠠᠶᠢᠨᠰᠡᠴᠡᠨ ᠪᠡᠭᠡᠵᠢᠩ ᠤᠨ ᠰᠣᠶᠣᠯ ᠤᠨ ᠣᠷᠳᠣᠨ ᠳᠤ ᠲᠣᠭᠯᠠᠯᠲᠠ ᠭᠠᠷᠭᠠᠭᠰᠠᠨ ᠤ ᠲᠠᠷᠠᠭ᠎ᠠ᠂ ᠤᠯᠠᠭᠠᠨᠬᠦᠦ ᠨᠦᠬᠦᠷ ᠤᠨ ᠲᠣᠳᠣᠨᠣᠰᠤᠭ ᠠᠭᠤᠯᠵᠠᠯᠳᠠ ᠶᠢ ᠬᠦᠯᠢᠶᠡᠪᠡ᠃ 1991 ᠣᠨ ᠳᠤ ᠮᠣᠩᠭᠤᠯ ᠤᠯᠤᠰ ᠲᠤ ᠪᠣᠯᠣᠭᠰᠠᠨ ᠣᠯᠠᠨ ᠤᠯᠤᠰ ᠤᠨ ᠤᠷᠠᠯᠢᠭ ᠤᠨ ᠨᠠᠶᠢᠷ ᠎ ᠤᠨ ᠲᠣᠭᠯᠠᠯᠲᠠ  ᠳᠤ ᠣᠷᠣᠯᠴᠠᠭᠰᠠᠨ ᠤ ᠲᠠᠷᠠᠭ᠎ᠠ ᠮᠣᠩᠭᠤᠯ ᠤᠯᠤᠰ ᠤᠨ ᠶᠡᠷᠦᠩᠬᠡᠶᠢᠯᠡᠭᠴᠢ ᠲᠠᠢ ᠰᠡᠭᠦᠳᠡᠷ ᠲᠠᠳᠠᠵᠣ ᠳᠤᠷᠠᠰᠬᠠᠯ ᠦᠯᠡᠳᠡᠭᠡᠪᠡ᠃ 2003 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠬᠤ᠋ ᠶᠢᠨ ᠲᠤᠤ ᠦᠪᠦᠷ ᠮᠣᠩᠭᠤᠯ ᠳᠤ ᠠᠵᠢᠯ ᠪᠠᠶᠢᠴᠠᠭᠠᠵᠣ ᠪᠠᠶᠢᠬᠤ ᠳᠤ ᠪᠠᠨ ᠰᠢᠯᠢ ᠶᠢᠨ ᠬᠤᠲᠠ ᠶᠢᠨ ᠤᠯᠠᠭᠠᠨᠮᠥ᠋ᠴᠢᠷ ᠤᠨ ᠲᠣᠭᠯᠠᠯᠲᠠ ᠶᠢ ᠰᠣᠨᠢᠷᠬᠠᠪᠠ᠃ 2012 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠠᠩ ᠴᠦᠨ ᠰᠢᠯᠢ ᠶᠢᠨ ᠬᠤᠲᠠ ᠳᠤ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠭᠠᠨ ᠵᠢᠯᠤᠭᠤᠳᠴᠤ ᠪᠠᠶᠢᠬᠤ ᠲᠣᠮᠳᠠ ᠪᠠᠨ ᠪᠤᠯᠠᠭᠠᠨ ᠰᠤᠮᠤᠨ ᠤ ᠪᠠᠶᠠᠨᠳᠡᠯᠭᠡᠷ ᠭᠠᠴᠠᠭᠠᠨ ᠳᠤ ᠤᠯᠠᠭᠠᠨᠮᠥ᠋ᠴᠢᠷ ᠤᠨ ᠲᠣᠭᠯᠠᠯᠲᠠ  ᠰᠣᠨᠢᠷᠬᠠᠵᠠᠢ᠃     ᠢᠷᠡᠭᠡᠳᠦᠢ ᠳᠤ ᠬᠠᠨᠳᠣᠬᠤ ᠳᠠᠭᠠᠨ᠂ ᠰᠢᠯᠢ ᠶᠢᠨ ᠬᠤᠲᠠ ᠶᠢᠨ ᠤᠯᠠᠭᠠᠨᠮᠥ᠋ᠴᠢᠷ ᠨᠢ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠭᠤᠰᠢᠯᠠᠭᠤᠯᠵᠣ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠲᠦᠷᠢᠮ ᠲᠠᠢ ᠤᠶᠠᠯᠳᠤᠭᠤᠯᠵᠤ᠂ ᠤᠯᠠᠭᠠᠨᠮᠥ᠋ᠴᠢᠷ ᠤᠨ ᠢᠷᠠᠭᠤ ᠠᠯᠲᠠᠷᠲᠤ ᠤᠯᠠᠮᠵᠢᠯᠠᠯ ᠢ ᠪᠠᠳᠠᠷᠠᠭᠤᠯᠤᠨ᠂ ᠣᠯᠠᠨ ᠲᠦᠮᠡᠨ ᠤ ᠳᠤᠮᠳᠠ ᠬᠦᠨᠵᠡᠭᠡᠶᠢᠷᠡᠵᠦ᠂ ᠨᠡᠩ ᠣᠯᠠᠨ ᠣᠯᠠᠨ ᠲᠦᠮᠡᠨ ᠳᠤ ᠲᠠᠭᠠᠰᠢᠶᠠᠭᠳᠠᠭᠰᠠᠨ ᠰᠢᠯᠢᠳᠡᠭ ᠪᠦᠲᠦᠭᠡᠯ ᠢ ᠴᠢᠷᠮᠠᠶᠢᠨ ᠪᠦᠳᠦᠭᠡᠵᠦ᠂ ᠨᠠᠮ ᠤᠨ ᠬᠠᠶᠢᠷ᠎ᠠ ᠬᠠᠯᠠᠮᠵᠢ ᠶᠢ ᠨᠡᠩ ᠰᠠᠶᠢᠨ ᠲᠠᠮᠵᠢᠭᠤᠯᠵᠤ᠂ ᠥᠷᠭᠡᠨ ᠣᠯᠠᠨ ᠲᠦᠮᠡᠨ ᠳᠤ ᠰᠣᠶᠣᠯ ᠮᠡᠳᠡᠯᠭᠡ ᠪᠠ ᠦᠢᠯᠡᠴᠢᠯᠡᠭᠡ ᠬᠠᠩᠭᠠᠵᠤ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾  ᠪᠣᠯᠣᠨᠠᠮ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号