ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠠᠰᠤ ᠴᠢᠨᠠᠷ ᠢ ᠳᠡᠭᠡᠭᠰᠢᠯᠡᠭᠦᠯᠬᠦ ᠤᠯᠠᠨ ᠵᠦᠢᠯ ᠤᠨ ᠢᠨᠵᠧᠨ᠋ᠸᠢᠷᠢᠩ ᠢ ᠦᠷᠭᠦᠯᠵᠢᠯᠡᠨ ᠭᠡᠷᠡᠭᠵᠢᠭᠦᠯᠵᠦ ᠪᠤᠢ
ᠨᠡᠶᠢᠲᠡᠯᠡᠭᠰᠡᠨ ᠴᠠᠭ᠄
2024/4/11
     2024 ᠣᠨ ᠳᠤ᠂ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠬᠦ᠂ ᠨᠡᠶᠢᠭᠡᠮ ᠤᠨ ᠪᠠᠲᠤᠯᠠᠭ᠎ᠠ ᠶᠢᠨ ᠥᠭᠡᠷᠡᠴᠢᠯᠡᠯᠲᠡ ᠬᠢᠬᠦ᠂ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠥᠵᠢᠭᠦᠯᠬᠦ᠂ ᠬᠥᠳᠡᠯᠮᠦᠷᠢ ᠶᠢᠨ ᠬᠠᠷᠢᠴᠠᠭ᠎ᠠ ᠶᠢ ᠵᠠᠰᠠᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠢᠳᠡᠭ ᠢ ᠡᠭᠦᠳᠬᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠡᠵᠡᠮᠳᠡᠭᠦ ᠬᠠᠰᠢᠯᠭ᠎ᠠ ᠶᠢ ᠪᠠᠶᠢᠭᠤᠯᠬᠤ ᠵᠡᠷᠭᠡ ᠣᠯᠠᠨ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠪᠠ ᠰᠢᠷᠢᠰ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂ ᠪᠥᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠭᠦᠴᠦᠨ ᠢᠶᠠᠨ ᠡᠷᠭᠦᠨ᠎ᠠ᠃      ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠮᠥᠨ ᠤ ᠬᠦᠴᠦᠨ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠳᠤᠯᠠᠭ᠎ᠠ ᠬᠠᠨᠭ᠍ᠭᠠᠨ᠎ᠠ᠃ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠪᠦᠭᠦ ᠠᠶᠢᠮᠠᠭ ᠤᠨ ᠭᠤᠷᠪᠠᠨ ᠵᠢᠯ ᠤᠨ ᠲᠥᠯᠥᠪᠯᠡᠭᠡ ᠪᠠ ︽ᠰᠢᠯᠢ ᠶᠢᠨ ᠭᠤᠣᠯ ᠤᠨ ᠦᠢᠯᠡᠰ ᠪᠤᠰᠬᠠᠬᠤ ᠠᠵᠢᠯᠯᠠᠭ᠎ᠠ︾᠎ ᠶᠢ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ ᠬᠤᠲᠠ ᠪᠠᠯᠭᠠᠰᠤᠨ ᠤ 0.78 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ 7.15 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5%᠎ ᠶᠢᠨ ᠳᠣᠲᠣᠷ᠎ᠠ ᠬᠢᠵᠠᠭᠠᠷᠯᠠᠨ᠎ᠠ᠃ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠵᠢᠯ ᠤᠨ ᠳᠣᠲᠣᠷ᠎ᠠ ᠪᠥᠬᠦ ᠠᠶᠢᠮᠠᠭ ᠤᠨ 76.43 ᠲᠦᠮᠡᠨ ᠬᠥᠮᠥᠨ ᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ 13.7 ᠲᠦᠮᠡᠨ ᠬᠥᠮᠥᠨ ᠢ ᠠᠵᠢᠯ ᠠᠯᠳᠠᠯᠲᠠ ᠶᠢᠨ ᠳᠠᠭᠠᠳᠬᠠᠯ᠂ 16.05 ᠲᠦᠮᠡᠨ ᠬᠥᠮᠥᠨ ᠢ ᠠᠵᠢᠯ ᠤᠨ ᠭᠡᠮᠲᠦᠯ ᠤᠨ ᠳᠠᠭᠠᠳᠬᠠᠯ ᠳᠤ ᠤᠷᠤᠭᠤᠯᠵᠦ᠂ ᠬᠦᠴᠢᠷᠳᠡᠯᠲᠡᠢ ᠬᠥᠮᠥᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠬᠤ ᠨᠣᠷᠮ᠎ᠠ ᠶᠢ 100% ᠭᠦ᠋ᠷᠭᠡᠵᠦ᠂ ᠰᠢᠨ᠎ᠡ ᠪᠠᠷ ᠠᠵᠢᠯ ᠡᠬᠢᠯᠡᠭᠦᠯᠭᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠤᠨ ᠭᠡᠮᠲᠦᠯ ᠤᠨ ᠳᠠᠭᠠᠳᠬᠠᠯ ᠳᠤ ᠣᠷᠣᠬᠤ ᠨᠣᠷᠮ᠎ᠠ ᠶᠢ 90% ᠠᠴᠠ ᠳᠡᠭᠡᠭᠰᠢ ᠭᠦᠷᠭᠡᠨ᠎ᠠ᠃      ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠲᠠᠯ᠎ᠠ ᠪᠠᠷ᠂ ᠵᠢᠯ ᠤᠨ ᠳᠣᠲᠣᠷ᠎ᠠ 1100 ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠰᠢᠨ᠎ᠡ ᠪᠠᠷ ᠨᠡᠮᠡᠭᠳᠡᠭᠦᠯᠵᠦ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠢᠨ᠎ᠠ ᠪᠠᠷ 1000 ᠬᠥᠮᠥᠨ ᠠᠴᠠ ᠳᠡᠭᠡᠭᠰᠢ ᠨᠡᠮᠡᠭᠳᠡᠭᠦᠯᠦᠨ᠎ᠡ᠃ ᠬᠥᠳᠡᠯᠮᠦᠷᠢ ᠠᠵᠢᠯᠳᠡᠨ ᠤ ᠶᠠᠪᠤᠳᠠᠯ ᠤᠨ ᠵᠠᠭᠤᠷᠠᠭᠠᠨ ᠢ ᠣᠯᠠᠨ ᠡᠰᠢᠵᠢᠭᠦᠯᠦᠨ ᠰᠶᠢᠳᠪᠦᠷᠢᠯᠡᠬᠦ ᠲᠣᠭᠲᠠᠴᠠ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠪᠤᠷᠤᠭᠤ ᠶᠢ ᠵᠠᠯᠠᠷᠠᠭᠤᠯᠤᠨ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ︽ᠢᠨᠲ᠋ᠧᠷ ᠰᠦᠯᠵᠢᠶ᠎ᠡ + ᠡᠶᠡᠳᠡᠭᠦᠯᠦᠨ ᠬᠥᠨᠳᠡᠯᠡᠨ ᠠᠴᠠ ᠲᠠᠰᠤᠯᠬᠤ︾ ᠪᠠᠶᠢᠭᠤᠯᠤᠯᠲᠠ ᠶᠢ ᠠᠬᠢᠭᠤᠯᠵᠦ᠂ ᠪᠦᠲᠦᠮᠵᠢᠲᠡᠶ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠯᠳᠦᠭᠦᠯᠦᠨ᠂ ᠪᠥᠬᠦ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠠᠮᠤᠷ ᠲᠦᠪᠰᠢᠨ ᠲᠣᠭᠲᠠᠭᠤᠨ ᠢ ᠦᠨᠡᠨ ᠬᠦ ᠪᠠᠲᠤᠯᠠᠵᠤ᠂ ᠵᠢᠯ ᠤᠨ ᠳᠣᠲᠣᠷ᠎ᠠ ᠬᠥᠳᠡᠯᠮᠦᠷᠢ ᠶᠢᠨ ᠪᠠᠲᠤᠯᠠᠭ᠎ᠠ ᠶᠢᠨ ᠢᠯᠡᠴᠢᠯᠡᠨ ᠵᠠᠭᠠᠯᠳᠤᠭᠰᠠᠨ ᠬᠡᠷᠡᠭ ᠢ ᠳᠠᠭᠤᠰᠬᠠᠬᠤ ᠨᠣᠷᠮ᠎ᠠ ᠶᠢ 98% ᠎ ᠠᠴᠠ ᠳᠡᠭᠡᠭᠰᠢ ᠭᠦᠷᠭᠡᠨ᠎ᠡ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠲᠣᠭᠠᠴᠢᠯᠠᠬᠰᠠᠨ  ᠬᠡᠯᠪᠡᠷᠢ  ᠲᠠᠶᠢᠰᠢ  ᠬᠤᠪᠢᠷᠠᠭᠤᠯᠬᠤ ᠎ ᠶᠢ  ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠴᠢᠨᠠᠷ ᠰᠠᠶᠢᠲᠠᠢ ᠳᠥᠭᠦᠮ ᠳᠥᠲᠡ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠨᠡᠯᠡᠯᠳᠡ 100%᠎ ᠪᠠᠷ ᠰᠠᠶᠢᠨ ᠪᠠᠶᠢᠬᠤ ᠶᠢ ᠪᠠᠳᠤᠯᠠᠨ᠎ᠠ᠃      ᠣᠶᠢᠯᠠᠭᠠᠭᠰᠠᠨ ᠢᠶᠠᠷ᠂ 2023 ᠣᠨ ᠳᠤ᠂ ᠪᠥᠬᠦ ᠠᠶᠢᠮᠠᠭ ᠤᠨ ᠬᠤᠲᠠ ᠪᠠᠯᠭᠠᠰᠤᠨ ᠤ 10998 ᠬᠥᠮᠥᠨ ᠳᠤ ᠰᠢᠨ᠎ᠡ ᠪᠠᠷ ᠠᠵᠢᠯ ᠤᠯᠭᠤᠵᠥ᠂ ᠮᠠᠯᠵᠢᠬᠤ ᠲᠠᠷᠢᠶᠠᠯᠠᠬᠤ ᠣᠷᠣᠨ ᠤ 81271 ᠭᠦᠳᠡᠯᠮᠦᠷᠢ ᠭᠦᠴᠦ ᠶᠢ ᠰᠢᠯᠵᠢᠬᠦᠯᠤᠨ ᠠᠵᠢᠯ ᠤᠯᠭᠤᠪᠠ︔ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 5789 ᠬᠥᠮᠥᠨ ᠤ ᠠᠵᠢᠯ ᠣᠯᠬᠤ ᠶᠢ ᠠᠬᠢᠭᠤᠯᠪᠠ︔ ᠪᠥᠬᠦ ᠠᠶᠢᠮᠠᠭ ᠤᠨ 72.27 ᠲᠦᠮᠡᠨ ᠬᠥᠮᠥᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠵᠤ᠂ 15.06 ᠲᠦᠮᠡᠨ ᠬᠥᠮᠥᠨ ᠠᠵᠢᠯ ᠤᠨ ᠭᠡᠮᠲᠦᠯ ᠤᠨ ᠳᠠᠭᠠᠳᠬᠠᠯ ᠳᠤ ᠣᠷᠣᠵᠤ᠂ 12.5 ᠲᠦᠮᠡᠨ ᠬᠥᠮᠥᠨ ᠠᠵᠢᠯ ᠠᠯᠳᠠᠯᠲᠠ ᠶᠢᠨ ᠳᠠᠭᠠᠳᠬᠠᠯ ᠳᠤ ᠤᠷᠤᠵᠦ᠂ ᠪᠥᠬᠦ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠦᠢᠯᠡᠰ ᠰᠢᠨ᠎ᠡ ᠦᠷ᠎ᠡ ᠪᠦᠲᠦᠮᠵᠢ ᠤᠯᠵᠦ᠂ ᠰᠢᠨ᠎ᠡ ᠳᠠᠪᠠᠯᠲᠠ ᠶᠢ ᠪᠡᠶᠡᠯᠡᠭᠦᠯᠦᠨ᠂ ᠰᠢᠨ᠎ᠡ ᠳᠡᠭᠲᠡᠷ ᠲᠤ ᠭᠠᠷᠪᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号