ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠵᠥᠪᠰᠢᠶᠡᠷᠡᠯ ᠤᠯᠵᠦ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/4/11
     ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠠᠶᠢᠭᠤᠯᠬᠤ ᠶᠢ ᠴᠣᠬᠤᠯᠠᠪᠤᠷᠢᠯᠠᠨ ᠵᠥᠪᠰᠢᠶᠡᠷᠡᠪᠡ᠃ ᠬᠠᠮᠲᠤᠷᠠᠯᠴᠠᠭᠠᠨ ᠤ ᠣᠷᠣᠨ ᠤ ᠲᠥᠯᠥᠪᠵᠢᠭᠦᠯᠦᠭᠰᠡᠨ ᠲᠠᠯᠠᠪᠠᠢ 18.03 ᠬᠠᠪᠲᠠᠭᠠᠢ ᠳᠥᠷᠪᠡᠯᠵᠢᠨ  ᠺᠢᠯᠤᠮᠧᠲᠷ ᠪᠠᠶᠢᠵᠦ᠂ ᠡᠭᠦᠨ ᠳᠤ ᠳᠤᠮᠳᠠᠳᠤ ᠶᠢᠨ ᠲᠠᠯ᠎ᠠ ᠶᠢᠨ ᠬᠢᠨ ᠤ ᠲᠠᠯᠠᠪᠠᠢ 9.03 ᠬᠠᠪᠲᠠᠭᠠᠢ ᠳᠥᠷᠪᠡᠯᠵᠢᠨ  ᠺᠢᠯᠤᠮᠧᠲᠷ᠂ ᠮᠣᠩᠭᠤᠯ ᠤᠨ ᠲᠠᠯ᠎ᠠ ᠶᠢᠨ ᠬᠢᠨ ᠤ ᠲᠠᠯᠠᠪᠠᠢ 9 ᠬᠠᠪᠲᠠᠭᠠᠢ ᠳᠥᠷᠪᠡᠯᠵᠢᠨ ᠺᠢᠯᠤᠮᠧᠲᠷ ᠪᠤᠯᠤᠨ᠎ᠠ᠃ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠳᠤ ᠵᠠᠬ᠎ᠠ ᠳᠡᠯᠭᠡᠭᠦᠷ᠂ ᠮᠡᠷᠭᠡᠵᠢᠯ ᠪᠠ ᠬᠥᠷᠥᠩᠭᠡ ᠶᠢᠨ ᠳᠠᠪᠠᠭᠤᠯᠢᠭ ᠲᠠᠢ ᠤᠯᠠᠨ ᠤᠯᠤᠰ ᠤᠨ ᠠᠷᠠᠯᠵᠢᠶ᠎ᠠ᠂ ᠤᠯᠠᠨ ᠤᠯᠤᠰ ᠤᠨ ᠪᠠᠷᠠᠭᠠᠨ ᠤ ᠭᠦᠢᠯᠭᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠦᠨ ᠪᠤᠯᠪᠠᠰᠤᠷᠠᠭᠤᠯᠤᠯᠳᠡ᠂ ᠬᠢᠯᠢ ᠠᠯᠤᠰᠯᠠᠭᠰᠠᠨ ᠵᠢᠭᠤᠯᠴᠢᠯᠠᠯ ᠵᠢᠴᠢ ᠬᠤᠯᠪᠣᠭᠳᠠᠯ ᠪᠦᠬᠦᠢ ᠢᠵᠢ ᠪᠦᠷᠢᠳᠦᠭᠰᠡᠨ ᠦᠢᠯᠡᠴᠢᠯᠡᠭᠡ ᠶᠢ ᠭᠤᠣᠯᠳᠠᠯᠭ᠎ᠠ ᠲᠠᠢ ᠬᠥᠭᠵᠢᠭᠦᠯᠦᠨ᠎ᠡ︔ ᠮᠣᠩᠭᠤᠯ ᠤᠨ ᠲᠠᠯ᠎ᠠ ᠶᠢᠨ ᠣᠷᠣᠨ ᠪᠦᠰᠡ ᠳᠤ ᠡᠬᠢ ᠪᠠᠶᠠᠯᠢᠭ᠂ ᠣᠷᠣᠨ ᠪᠠᠶᠢᠷᠢ ᠪᠠ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠲᠠᠢ ᠶᠡᠭᠡ ᠬᠡᠮᠵᠢᠶᠡᠨ ᠤ ᠲᠠᠸᠠᠷ ᠤᠨ ᠪᠠᠷᠠᠭᠠᠨ ᠤ ᠭᠦᠢᠯᠭᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠤᠨ ᠪᠤᠯᠪᠠᠰᠤᠷᠠᠭᠤᠯᠤᠯᠳᠡ᠂ ᠣᠯᠠᠨ ᠤᠯᠤᠰ ᠤᠨ ᠠᠷᠠᠯᠵᠢᠶ᠎ᠠ ᠬᠤᠳᠠᠯᠳᠤᠭ᠎ᠠ ᠪᠠ ᠰᠣᠶᠣᠯ ᠵᠢᠭᠤᠯᠴᠢᠯᠠᠯ ᠤᠨ ᠦᠢᠯᠡᠰ ᠢ ᠭᠤᠣᠯᠳᠠᠯᠭ᠎ᠠ ᠲᠠᠢ ᠬᠥᠭᠵᠢᠭᠦᠯᠦᠨ᠎ᠡ᠃      ᠡᠨᠡ ᠪᠣᠯ ᠳᠤᠮᠳᠠᠳᠤ ᠤᠯᠤᠰ ᠪᠣᠯᠣᠨ ᠬᠥᠷᠰᠢ ᠵᠡᠷᠭᠡᠯᠡᠳᠡᠭᠡ ᠤᠯᠤᠰ ᠤᠨ ᠬᠠᠮᠲᠤ ᠪᠠᠷ ᠪᠠᠶᠢᠭᠤᠯᠤᠭᠰᠠᠨ ᠭᠤᠷᠪᠠᠳᠠᠭᠢ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠣᠯᠣᠨ᠎ᠠ᠃ ᠡᠷᠢᠶᠡᠨ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ ᠬᠡᠯᠡᠬᠦ ᠳᠡᠭᠡᠨ᠄ ︽ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠵᠥᠪᠰᠢᠶᠡᠷᠡᠯ ᠣᠯᠣᠭᠰᠠᠨ ᠶᠠᠪᠤᠳᠠᠯ ᠨᠢ ᠳᠤᠮᠳᠠᠳᠤ ᠮᠣᠩᠭᠤᠯ ᠤᠨ ᠬᠢᠨ ᠤ ᠠᠷᠠᠯᠵᠢᠶ᠎ᠠ᠂ ᠪᠠᠷᠠᠭᠠᠨ ᠤ ᠭᠦᠢᠯᠭᠡᠭᠡ᠂ ᠦᠢᠯᠡᠳᠬᠦ ᠦᠢᠯᠡᠰ᠂ ᠵᠢᠭᠤᠯᠴᠢᠯᠠᠯ᠂ ᠦᠢᠯᠡᠴᠢᠯᠡᠭᠡ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠵᠤ᠂ ᠬᠢᠯᠢ ᠳᠠᠭᠠᠤ ᠭᠠᠵᠠᠷ ᠣᠷᠣᠨ ᠤ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡᠲᠦ ᠲᠠᠪᠴᠠᠩ᠂ ︿ᠨᠢᠭᠡ ᠪᠦᠰᠡ ᠨᠢᠭᠡ ᠵᠠᠮ﹀ ᠤᠨ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠠ ᠳᠤᠮᠳᠠᠳᠤ ᠮᠣᠩᠭᠤᠯ ᠤᠨ ᠨᠥᠬᠦᠷᠰᠡᠭ ᠬᠠᠮᠲᠤᠷᠠᠯᠴᠠᠭᠠᠨ ᠤ ᠨᠡᠶᠢᠲᠡᠯᠢᠭ ᠵᠢᠱᠢᠶ᠎ᠡ ᠶᠢ ᠴᠢᠷᠮᠠᠶᠢᠨ ᠡᠬᠦᠳᠬᠦ ᠪᠣᠯᠣᠨ᠎ᠠ︾ ᠭᠡᠯ᠎ᠠ᠃      ᠲᠠᠷᠠᠭᠠᠴᠢ ᠶᠢᠨ ᠠᠯᠬᠤᠮ ᠳᠤ ᠡᠷᠢᠶᠡᠨ ᠬᠤᠲᠠ ᠵᠢᠷᠭᠤᠭᠠᠨ ᠵᠦᠢᠯ ᠤᠨ ᠶᠠᠪᠤᠳᠠᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ ᠨᠢᠭᠡ ᠳᠤ᠂ ᠡᠯ᠎ᠡ ᠲᠥᠷᠥᠯ ᠤᠨ ᠲᠥᠯᠦᠪᠵᠢᠭᠦᠯᠭᠡ ᠶᠢ ᠨᠠᠷᠢᠯᠢᠭᠵᠢᠭᠤᠯᠤᠨ ᠲᠡᠭᠦᠯᠳᠡᠷᠵᠢᠭᠦᠯᠦᠨ᠎ᠡ᠃ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠶᠢᠨ ᠶᠡᠷᠦᠩᠬᠡᠢ ᠲᠥᠯᠦᠪᠵᠢᠭᠦᠯᠭᠡ᠂ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠵᠡᠷᠭᠡ ᠳᠤ ᠨᠤᠲᠠᠯᠠᠯᠲᠠ ᠪᠠ ᠴᠣᠬᠤᠯᠠᠪᠤᠷᠢ ᠬᠢᠬᠦ ᠠᠵᠢᠯ ᠢ ᠱᠠᠯᠠᠪᠳᠠᠨ ᠬᠢᠨ᠎ᠡ᠃ ᠬᠤᠶᠠᠷ ᠲᠤ᠂ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠤᠨ᠎ᠠ᠃ ᠮᠣᠩᠭᠤᠯ  ᠤᠯᠤᠰ  ᠯᠤᠭ᠎ᠠ ᠎ ᠶᠢᠨ  ᠨᠡᠪᠲᠡᠷᠡᠯᠴᠡᠭᠡ  ᠬᠠᠷᠢᠯᠴᠠᠭ᠎ᠠ ᠪᠠᠨ ᠴᠢᠩᠭᠠᠳᠬᠠᠵᠦ᠂ ᠬᠢᠯᠢ ᠠᠯᠤᠰᠯᠠᠭᠰᠠᠨ ᠨᠡᠪᠲᠡᠷᠡᠬᠦ ᠵᠠᠮ᠂ ᠬᠠᠮᠲᠤ ᠪᠠᠷ ᠬᠥᠭᠵᠢᠬᠦ ᠶᠡᠷᠦᠩᠬᠡᠢ ᠲᠥᠰᠥᠯ ᠵᠡᠷᠭᠡ ᠤᠴᠢᠷ ᠶᠠᠪᠤᠳᠠᠯ ᠢ ᠲᠣᠭᠲᠠᠭᠠᠬᠤ ᠶᠢ ᠵᠣᠬᠢᠴᠠᠩᠭᠤᠢ ᠪᠠᠷ ᠠᠬᠢᠭᠤᠯᠤᠨ᠎ᠠ᠃ ᠭᠤᠷᠪᠠ ᠳᠤ᠂ ᠪᠣᠭᠤᠮᠲᠠ ᠶᠢᠨ ᠪᠢᠳᠡᠬᠦᠮᠵᠢᠯᠡᠭᠰᠡᠨ ᠬᠠᠮᠢᠶᠠᠷᠤᠯᠳᠠ ᠶᠢ ᠪᠥᠬᠦ ᠬᠦᠴᠦᠨ ᠢᠶᠠᠷ ᠠᠬᠢᠭᠤᠯᠤᠨ᠎ᠠ᠃ ᠬᠤᠶᠠᠷ ᠤᠯᠤᠰ ᠤᠨ ᠵᠠᠰᠠᠭ ᠤᠨ ᠣᠷᠳᠣᠨ ᠤ ᠬᠤᠭᠤᠷᠣᠨᠳᠣᠬᠢ ᠵᠦᠪᠳᠡᠯᠴᠡᠭᠡᠷ ᠲᠤ  ᠪᠤᠯᠵᠤᠠ  ᠲᠤᠬᠲᠠᠬᠰᠠᠨ  ᠶᠣᠰᠣᠭᠠᠷ᠂ ᠬᠢᠨᠠᠨ  ᠬᠠᠮᠢᠶᠠᠷᠬᠤ  ᠲᠥᠰᠥᠯ  ᠲᠣᠭᠲᠠᠭᠠᠠ᠂ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠲᠣᠳᠣᠷᠬᠠᠶᠢᠯᠠᠵᠦ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠵᠢᠯ ᠤᠨ ᠳᠣᠲᠣᠷ᠎ᠠ ᠪᠣᠭᠤᠮᠲᠠ ᠶᠢᠨ ᠪᠢᠳᠡᠬᠦᠮᠵᠢᠯᠡᠭᠰᠡᠨ ᠬᠠᠮᠢᠶᠠᠷᠤᠯᠳᠠ ᠶᠢ ᠭᠡᠷᠡᠭᠵᠢᠭᠦᠯᠬᠦ ᠪᠠᠷ ᠴᠢᠷᠮᠠᠶᠢᠨ᠎ᠠ᠃ ᠳᠥᠷᠪᠡ ᠳᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠤᠨ᠎ᠠ᠃ ᠪᠣᠳᠠᠲᠠᠢ ᠳᠡᠮᠵᠢᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠡᠯ᠎ᠡ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠮᠢᠳᠤᠯᠢᠭ ᠬᠡᠷᠡᠭᠯᠡᠨ᠎ᠠ᠃ ᠲᠠᠪᠤ ᠳᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠨᠠᠷᠢᠨ ᠨᠢᠮᠪᠠᠢ ᠲᠥᠯᠥᠪᠯᠡᠨ᠎ᠡ᠃ ᠬᠠᠮᠲᠤᠷᠠᠯᠴᠠᠭᠠᠨ ᠤ ᠣᠷᠣᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ ︽ᠲᠥᠷᠥᠯ ᠵᠦᠢᠯ ᠤᠨ ᠬᠥᠮᠥᠷᠭᠡ︾᠎ ᠶᠢ ᠲᠡᠭᠦᠯᠳᠡᠷᠵᠢᠭᠦᠯᠤᠨ᠂ ︽ᠠᠵᠤ ᠦᠢᠯᠡᠰ ᠤᠨ ᠬᠡᠯᠬᠢᠶ᠎ᠡ︾᠎ ᠶᠢ ᠤᠷᠳᠤᠳᠬᠠᠵᠦ᠂ ᠵᠢᠯ ᠤᠨ ᠳᠣᠲᠣᠷ᠎ᠠ 3 — 5 ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠠᠬᠢᠭᠤᠯᠤᠨ᠎ᠠ᠃ ᠵᠢᠷᠭᠤᠭ᠎ᠠ ᠳᠤ᠂ ᠬᠠᠮᠲᠤᠷᠠᠯᠴᠠᠭᠠᠨ ᠤ ᠣᠷᠣᠨ ᠤ ᠬᠠᠮᠢᠶᠠᠷᠤᠯᠲᠠ ᠶᠢᠨ ᠵᠥᠪᠯᠡᠯ ᠪᠠᠶᠢᠭᠤᠯᠬᠤ ᠪᠠᠷ ᠭᠤᠶᠤᠴᠢᠯᠠᠨ᠎ᠠ᠃ ᠬᠠᠮᠲᠤᠷᠠᠯᠴᠠᠭᠠᠨ ᠤ ᠣᠷᠣᠨ ᠤ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠤᠨ᠎ᠠ᠃ 3 ᠵᠢᠯ ᠤᠨ ᠴᠢᠷᠮᠠᠶᠢᠯᠭ᠎ᠠ ᠪᠠᠷ ᠳᠡᠮᠵᠢᠨ᠂ ᠬᠠᠮᠲᠤᠷᠠᠯᠴᠠᠭᠠᠨ ᠤ ᠣᠷᠣᠨ ᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠠᠵᠤ ᠦᠢᠯᠡᠰ ᠤᠨ ᠬᠥᠭᠵᠢᠯᠲᠡ ᠶᠢᠨ ᠬᠠᠮᠵᠢᠯᠴᠠᠨ ᠤᠷᠤᠬᠰᠢᠯᠠᠬᠤ᠂ ᠠᠷᠠᠯᠵᠢᠶ᠎ᠠ ᠪᠡᠯᠡ ᠣᠷᠣᠭᠤᠯᠤᠯᠲᠠ ᠶᠢᠨ ᠴᠢᠯᠦᠭᠡᠲᠡᠢ ᠪᠥᠭᠡᠳ ᠲᠥᠬᠦᠮ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠪᠡᠶᠡᠯᠡᠭᠦᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠨᠠᠩ ᠰᠠᠶᠢᠳᠤᠷ ᠦᠢᠯᠡᠴᠢᠯᠡᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号