ᠪᠥᠬᠦ ᠠᠶᠢᠮᠠᠭ ᠤᠨ ᠬᠡᠪᠴᠢᠶᠡᠵᠢᠯ ᠠᠴᠠ ᠲᠡᠭᠡᠭᠰᠢᠭᠢ 200 ᠭᠠᠷᠦᠢ ᠠᠵᠦ ᠠᠬᠤᠶᠢᠯᠠᠯ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2024/4/11
      ᠴᠠᠭᠠᠨ ᠰᠠᠷ᠎ᠠ ᠥᠩᠭᠡᠷᠡᠮᠡᠭᠴᠡ ᠪᠥᠬᠦ ᠠᠶᠢᠮᠠᠭ ᠤᠨ ᠡᠯ᠎ᠡ ᠭᠠᠵᠠᠷ ᠤᠨ ᠲᠥ᠋ᠷᠥᠯ ᠵᠦᠢᠯ ᠤᠨ ᠭᠤᠣᠯ ᠴᠣᠭᠴᠠ ᠶᠢᠨ ᠬᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠠᠭᠠᠯᠳᠤᠨ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠰᠢᠪᠳᠤᠯᠵᠦ᠂ ᠪᠥᠬᠦ ᠬᠦᠴᠦᠨ ᠢᠶᠠᠷ ᠡᠵᠤ ᠠᠬᠤᠢ ᠶᠢ ᠠᠳᠬᠤᠨ᠂ ᠰᠠᠶᠢᠨ ᠡᠭᠢᠯᠡᠯᠳᠡ ᠶᠢ ᠡᠭᠦᠳᠭᠦ ᠪᠠᠷ ᠭᠦᠴᠦᠯᠡᠵᠦ ᠪᠤᠢ᠃ ᠣᠲᠣ ᠪᠣᠯᠲᠠᠯ᠎ᠠ᠂ ᠪᠥᠬᠦ ᠠᠶᠢᠮᠠᠭ ᠤᠨ 265 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷᠠᠬᠢ ᠬᠡᠪ ᠤᠨ ᠦᠢᠯᠡᠳᠪᠦᠷᠢᠯᠡᠯ ᠢᠶᠠᠨ ᠰᠡᠷᠭᠦᠭᠡᠭᠰᠡᠨ ᠠᠵᠤ ᠠᠬᠤᠶᠢᠯᠠᠯ 205᠂ ᠤᠯᠠᠷᠢᠯ ᠤᠨ ᠴᠢᠨᠠᠷᠲᠠᠢ ᠬᠡᠪ ᠤᠨ ᠦᠢᠯᠡᠳᠪᠦᠷᠢᠯᠡᠯ ᠢᠶᠠᠨ ᠵᠣᠭᠰᠣᠭᠠᠭᠰᠠᠨ ᠠᠵᠤ ᠠᠬᠤᠶᠢᠯᠠᠯ 48 ᠪᠠᠶᠢᠵᠤ᠂ ᠤᠯᠠᠷᠢᠯ ᠤᠨ ᠴᠢᠨᠠᠷᠲᠠᠢ ᠦᠢᠯᠡᠳᠪᠦᠷᠢᠯᠡᠯ ᠢᠶᠠᠨ ᠵᠣᠭᠰᠣᠭᠠᠭᠰᠠᠨ ᠢ ᠭᠠᠷᠭᠠᠪᠠᠯ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ 95% ᠬᠥᠷᠪᠡ᠃      ᠪᠠᠷᠠᠭᠤᠨ ᠦᠵᠦᠮᠦᠴᠢᠨ ᠬᠤᠰᠢᠭᠤᠨ ᠤ  ᠪᠠᠶᠠᠨᠬᠤᠸᠠ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ᠂ ᠪᠠᠶᠠᠨᠬᠤᠸᠠ ᠠᠭᠤᠷᠬᠠᠢ ᠶᠢᠨ ᠳᠡᠷᠭᠡᠳᠡᠬᠢ ᠴᠠᠬᠢᠯᠭᠠᠨ ᠭᠠᠷᠭᠠᠬᠤ ᠺᠣᠮᠫᠠᠨᠢ ᠶᠢᠨ 2 × 66 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ ᠶᠢᠨ ᠰᠢᠨ᠎ᠡ ᠪᠠᠷ ᠪᠠᠶᠢᠭᠤᠯᠬᠤ ᠢᠨᠵᠧᠨᠧᠷᠢᠩ ᠤᠨ 1 ᠳ᠋ᠤᠭᠡᠷ ᠮᠠᠰᠢᠨ ᠴᠣᠭᠴᠠᠯᠠᠪᠤᠷᠢ ᠶᠢ ᠠᠮᠵᠢᠯᠲᠠ ᠲᠠᠢ ᠪᠠᠷ ᠲᠤᠤᠷ ᠲᠤ ᠨᠡᠶᠢᠯᠡᠭᠦᠯᠪᠡ᠃ ᠡᠨᠡ ᠨᠢ ᠲᠤᠰ ᠮᠠᠰᠢᠨ ᠴᠣᠭᠴᠠᠯᠠᠪᠤᠷᠢ ᠶᠢᠨ ᠰᠢᠯᠢ ᠶᠢᠨ ᠭᠤᠣᠯ ᠠᠶᠢᠮᠠᠭ ᠠᠴᠠ ᠲᠠᠶᠢᠵᠧᠦ ᠬᠦᠷᠬᠦ ±800 ᠺᠢᠯᠤᠸᠤᠯᠲ ᠤᠨ ᠥᠨᠳᠥᠷ ᠬᠦᠴᠦᠳᠡᠯᠲᠦ ᠲᠣᠭᠲᠠᠮᠠᠯ ᠭᠦᠶᠦᠳᠡᠯᠳᠦ ᠴᠠᠬᠢᠯᠭᠠᠨ ᠱᠤᠭᠤᠮ ᠢᠶᠠᠷ ᠳᠠᠮᠵᠢᠭᠤᠯᠤᠨ ᠭᠠᠳᠠᠭᠰᠢ ᠴᠠᠬᠢᠯᠭᠠᠨ ᠬᠦᠷᠭᠡᠬᠦ ᠴᠢᠳᠠᠪᠤᠷᠢ ᠶᠢ ᠪᠦᠷᠢᠳᠦᠭᠦᠯᠦᠭᠰᠡᠨ ᠢ ᠬᠠᠷᠠᠭᠤᠯᠵᠦ᠂ ᠪᠦᠬᠦᠨ ᠢᠶᠠᠷ ᠢᠶᠠᠨ ᠠᠰᠢᠭᠯᠠᠯᠲᠠ ᠳᠤ ᠣᠷᠣᠭᠰᠠᠨ ᠤ ᠳᠠᠷᠠᠭ᠎ᠠ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 60 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠮᠠᠨ ᠤ ᠠᠶᠢᠮᠠᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠨᠡᠭᠦᠷᠡᠰᠦ ᠶᠢ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠵᠢᠴᠢ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠪᠥᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠠᠷᠠᠯᠵᠢᠶᠠᠴᠢᠨ ᠤᠷᠢᠵᠤ ᠪᠡᠯᠡ ᠲᠠᠳᠠᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ︽ᠲᠡᠷᠢᠭᠦᠨ ᠢᠨᠵᠧᠨᠧᠷᠢᠩ︾ ᠪᠣᠯᠭᠠᠵᠤ᠂ ᠲᠥᠷᠥᠯ ᠵᠦᠢᠯ ᠤᠨ ᠲᠦᠷᠦᠭᠦᠴᠢ ᠶᠢᠨ ᠬᠤᠭᠤᠴᠠᠭᠠᠨ ᠤ ᠭᠠᠷᠳᠠᠮ ᠢ ᠭᠦᠢᠴᠡᠳᠬᠡᠬᠦ ᠪᠤᠭᠤᠮᠳᠠ ᠰᠢᠪᠳᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠶᠢᠮᠠᠭ ᠤᠨ ᠲᠠᠰ ᠤᠨ 188 ᠭᠤᠣᠯᠳᠠᠯᠭ᠎ᠠ ᠲᠠᠢ ᠲᠥᠷᠥᠯ ᠵᠦᠢᠯ ᠢ 4 ᠰᠠᠷ᠎ᠠ ᠶᠢᠨ ᠳᠤᠮᠳᠠᠴᠢ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠬᠦ ᠪᠠ ᠰᠡᠷᠭᠦᠭᠡᠬᠦ ᠨᠥᠬᠦᠴᠡᠯ ᠲᠠᠢ ᠪᠣᠯᠭᠠᠬᠤ ᠶᠢ ᠠᠬᠢᠭᠤᠯᠬᠤ ᠭᠡᠷᠡᠭᠳᠡᠢ ᠭᠡᠵᠦ ᠲᠤᠷᠠᠳᠪᠠ᠃ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠤ ᠲᠣᠬᠢᠷᠠᠭᠤᠯᠤᠯᠲᠠ ᠶᠢ ᠦᠨᠡᠨ ᠬᠦ ᠴᠢᠩᠭᠠᠳᠬᠠᠵᠤ᠂ ᠪᠠᠶᠠᠷ ᠤᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠬᠦᠴᠢᠷᠳᠡᠯ ᠪᠠ ᠠᠰᠠᠭᠤᠳᠠᠯ ᠢ ᠢᠯᠡᠷᠡᠭᠦᠯᠦᠨ ᠰᠶᠢᠳᠪᠦᠷᠢᠯᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ ᠶᠢ ᠪᠥᠬᠦ ᠬᠦᠴᠦᠨ ᠢᠶᠠᠷ ᠡᠬᠢᠭᠤᠯᠵᠤ᠂ ᠪᠥᠬᠦ ᠵᠢᠯ ᠤᠨ ᠠᠵᠤ ᠠᠬᠤᠢ ᠶᠢᠨ ᠬᠥᠭᠵᠢᠯᠲᠡ ᠳᠤ ᠰᠠᠶᠢᠨ ᠡᠷᠭᠢᠯᠳᠡ ᠲᠠᠢ᠂ ᠰᠠᠶᠢᠨ ᠡᠬᠢᠯᠡᠯᠲᠡ ᠲᠠᠢ ᠪᠣᠯᠭᠠᠪᠡ᠃ ᠨᠢᠳᠤᠨᠤᠨ ᠤ 9 ᠰᠠᠷ᠎ᠠ ᠳᠤ᠂ ᠪᠥᠬᠦ ᠠᠶᠢᠮᠠᠭ 2024 ᠣᠨ ᠤ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠲᠦᠷᠦᠭᠦᠴᠢ ᠶᠢᠨ ᠬᠤᠭᠤᠴᠠᠭᠠᠨ ᠤ ᠭᠠᠷᠳᠠᠮ ᠢ ᠭᠦᠢᠴᠡᠳᠬᠡᠬᠦ ᠲᠤᠰᠬᠠᠢ ᠠᠵᠢᠯᠯᠠᠭ᠎ᠠ ᠶᠢ ᠡᠬᠢᠯᠡᠭᠦᠯᠵᠦ᠂ ᠲᠥᠷᠥᠯ ᠵᠦᠢᠯ ᠤᠨ ᠡᠯ᠎ᠡ ᠵᠦᠢᠯ ᠤᠨ ᠭᠠᠷᠳᠠᠮ ᠢ ᠵᠦᠢᠯ ᠳᠠᠷᠠᠭᠠᠯᠠᠨ ᠡᠮᠬᠢᠯᠡᠨ ᠳᠢᠭᠯᠡᠵᠦ᠂ 1 ᠰᠠᠷ᠎ᠠ ᠶᠢᠨ ᠰᠡᠭᠦᠯᠴᠢ ᠪᠣᠯᠲᠠᠯ᠎ᠠ᠂ ᠡᠨᠧᠷᠭᠢ ᠶᠢᠨ ᠬᠦᠷᠢᠶᠡᠨ ᠳᠠᠬᠢ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ 35 ᠭᠠᠷᠳᠠᠮ ᠢ ᠪᠦᠷᠢᠨ ᠪᠡᠯᠡᠳᠭᠡᠵᠦ᠂ 4 ᠰᠠᠷ᠎ᠠ ᠶᠢᠨ 15᠎ ᠠᠴᠠ ᠡᠮᠦᠨ᠎ᠡ ᠠᠵᠢᠯ ᠡᠬᠢᠯᠡᠭᠦᠯᠬᠦ ᠨᠥᠬᠦᠴᠡᠯ ᠢ ᠪᠦᠬᠦᠨ ᠢ ᠪᠦᠷᠢᠯᠳᠦᠭᠦᠯᠦᠨ᠎ᠠ᠃      2024 ᠣᠨ ᠤ ᠦᠢᠯᠡᠳᠪᠦᠷᠢᠯᠡᠯ ᠬᠡᠷᠡᠭᠴᠡᠭᠡ ᠶᠢ ᠵᠣᠯᠭᠠᠭᠤᠯᠬᠤ ᠠᠵᠢᠯ ᠢ ᠡᠷᠲᠡᠬᠡᠨ ᠰᠠᠶᠢᠲᠤᠷ ᠬᠢᠬᠦ ᠶᠢᠨ ᠲᠥᠯᠥᠭᠡ᠂ ᠮᠠᠨ ᠤ ᠠᠶᠢᠮᠠᠭ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠲᠣᠭᠲᠠᠮᠠᠯ ᠬᠤᠭᠤᠴᠠᠭ᠎ᠠ ᠲᠠᠢ ᠪᠠᠷ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠬᠤᠷᠠᠯ ᠬᠤᠷᠠᠯᠳᠤᠭᠤᠯᠤᠨ᠂ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ᠂ ᠨᠦᠭᠡᠴᠡ ᠡᠨᠧᠷᠭᠢ ᠶᠢᠨ ᠴᠠᠬᠢᠯᠭᠠᠨ ᠥᠷᠲᠡᠭᠡ ᠶᠢᠨ ᠬᠢᠨ ᠢ ᠲᠣᠨᠣᠭᠯᠠᠯ ᠦᠢᠯᠡᠳᠭᠡᠯ᠂ ᠰᠡᠯᠪᠢᠭ ᠲᠣᠨᠤᠭ ᠤᠨ ᠠᠵᠤ ᠠᠬᠤᠶᠢᠯᠠᠯ ᠲᠠᠢ ᠵᠠᠬ᠎ᠠ ᠳᠡᠯᠭᠡᠭᠦᠷᠴᠢᠯᠡᠭᠰᠡᠨ ᠭᠡᠯᠪᠡᠷᠢ ᠪᠠᠷ ᠬᠠᠩᠭᠠᠯᠭ᠎ᠠ ᠬᠡᠷᠡᠭᠴᠡᠭᠡ ᠶᠢᠨ ᠬᠠᠮᠲᠤᠷᠠᠯᠴᠠᠭ᠎ᠠ ᠬᠢᠯᠭᠡᠵᠦ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠡᠷᠢᠵᠦ᠂ ᠵᠠᠬ᠎ᠠ ᠳᠡᠯᠭᠡᠭᠦᠷ ᠢ ᠨᠢ ᠥᠷᠭᠡᠳᠬᠡᠵᠦ ᠦᠭᠪᠡ᠃ 1 ᠰᠠᠷ᠎ᠠ ᠶᠢᠨ 26᠎ ᠤ ᠡᠳᠦᠷ ᠬᠤᠷᠠᠯᠳᠤᠭᠰᠠᠨ ᠪᠦᠬᠦ ᠠᠶᠢᠮᠠᠭ ᠤᠨ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠬᠤᠷᠠᠯ ᠳᠡᠭᠡᠷ᠎ᠡ᠂ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠶᠢᠨ ᠠᠵᠤ ᠠᠬᠤᠶᠢᠯᠠᠯ ᠵᠠᠬᠢᠶᠠᠯᠠᠭ᠎ᠠ ᠶᠢᠨ ᠬᠠᠮᠲᠤᠷᠠᠯᠴᠠᠭ᠎ᠠ ᠶᠢᠨ ᠰᠠᠨᠠᠮᠵᠢ ᠲᠤᠬᠳᠠᠵᠦ᠂ ᠳᠠᠷᠠᠭᠠᠴᠢ ᠪᠠᠷ ᠠᠶᠢᠮᠠᠭ ᠬᠤᠰᠢᠭᠤ ᠬᠤᠶᠠᠷ ᠱᠠᠲᠤᠨ ᠤ ᠬᠢᠨ ᠪᠦᠬᠦ ᠦᠶᠡᠯᠡᠯ ᠤᠨ ᠬᠤᠭᠤᠴᠠᠭᠠᠨ ᠳᠤ ᠮᠥᠷᠳᠡᠨ ᠦᠢᠯᠡᠴᠢᠯᠡᠬᠦ ᠠᠵᠢᠯ ᠢ ᠰᠠᠶᠢᠲᠤᠷ ᠬᠢᠭᠦ ᠪᠤᠯᠤᠨ᠎ᠠ᠃      ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠠᠶᠤᠯᠭᠦᠢ ᠦᠢᠯᠡᠳᠪᠦᠷᠢᠯᠡᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠪᠡ᠃ ᠪᠦᠬᠦ ᠠᠶᠢᠮᠠᠭ ᠤᠨ ᠡᠯ᠎ᠡ ᠭᠠᠵᠠᠷ ᠤᠨ ᠬᠢᠨ ᠣᠶᠢᠷ᠎ᠠ ᠶᠢᠨ ᠬᠤᠭᠤᠴᠠᠭᠠᠨ ᠤ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠠᠯᠬᠤᠮ ᠳᠠᠷᠠᠭ᠎ᠠ᠂ ᠴᠠᠭ ᠬᠤᠭᠤᠴᠠᠭ᠎ᠠ ᠵᠢᠴᠢ ᠠᠶᠤᠯ ᠲᠦᠭᠰᠢᠭᠦᠷᠢ ᠶᠢ ᠢᠯᠭᠠᠨ ᠲᠠᠨᠢᠬᠤ ᠠᠭᠤᠯᠭ᠎ᠠ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠭᠰᠠᠨ ᠰᠠᠭᠤᠷᠢᠨ ᠳᠡᠭᠡᠷ᠎ᠡ᠂ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠴᠠᠭᠠᠨ ᠰᠠᠷ᠎ᠠ ᠥᠩᠭᠡᠷᠡᠭᠰᠡᠨ ᠤ ᠳᠠᠷᠠᠭᠠᠬᠢ ᠡᠨᠡ ᠬᠦ ᠣᠨᠴᠠᠭᠠᠶ ᠱᠠᠲᠤ ᠦᠶ᠎ᠡ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠵᠢᠮ᠎ᠡ ᠶᠣᠰᠣ ᠶᠢ ᠦᠨᠳᠦᠰᠦᠯᠡᠨ᠂ ᠡᠯ᠎ᠡ ᠭᠠᠵᠠᠷ ᠢ ᠭᠤᠣᠯᠳᠠᠯᠭ᠎ᠠ ᠲᠠᠢ ᠣᠷᠣᠨ ᠪᠠᠶᠢᠷᠢ᠂ ᠴᠢᠬᠤᠯᠠ ᠭᠤᠭᠴᠤᠭ᠎ᠠ ᠵᠢᠴᠢ ᠲᠦᠭᠰᠢᠭᠦᠷᠢ ᠶᠡᠬᠡᠲᠡᠢ᠂ ᠳᠠᠯᠳᠠ ᠬᠡᠮ ᠣᠯᠠᠨᠲᠠᠢ ᠴᠡᠭ ᠲᠤ ᠭᠡᠮ ᠰᠤᠭᠤᠭ ᠢ ᠪᠠᠶᠢᠴᠠᠭᠠᠨ ᠵᠠᠰᠠᠬᠤ ᠠᠵᠢᠯ ᠥᠷᠨᠢᠭᠦᠯᠬᠦ ᠶᠢ ᠱᠠᠯᠠᠪᠳᠠᠭᠤᠯᠵᠦ᠂ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠪᠥᠬᠦ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠰᠠᠭᠤᠷᠢ ᠲᠠᠯᠪᠢᠵᠦ ᠪᠤᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号