ᠰᠢᠯᠤᠭᠤᠨ ᠬᠥᠭᠡ ᠬᠤᠰᠢᠭᠤᠨ ᠤ ᠶᠡᠷᠥᠩᠭᠡᠢ ᠡᠮᠨᠡᠯᠭᠡ ᠶᠢᠨ ᠬᠤᠷᠢᠶ᠎ᠠ ᠥᠢᠯᠡᠴᠢᠯᠡᠭᠡᠨ ᠤ  ᠰᠢᠨ᠎ᠠ ᠶᠢ ᠡᠬᠦᠳᠴᠥ ᠡᠪᠡᠳᠴᠢᠲᠠᠨ ᠳᠤ ᠨᠡᠩ ᠲᠥᠭᠦᠮ ᠥᠵᠡᠬᠦᠯᠵᠥ ᠪᠤᠢ
ᠨᠡᠶᠢᠲᠡᠯᠡᠭᠰᠡᠨ ᠴᠠᠭ᠄
2024/4/11
     ᠠᠷᠠᠳ ᠤᠯᠠᠨ ᠤ ᠡᠪᠡᠳᠴᠢᠨ ᠥᠵᠡᠬᠦᠯᠬᠦ ᠳᠤ ᠲᠥᠭᠦᠮ ᠥᠵᠡᠬᠦᠯᠬᠦ ᠶᠢᠨ ᠲᠥᠯᠥᠭᠡ ᠰᠢᠯᠤᠭᠤᠨ ᠬᠥᠭᠡ ᠬᠤᠰᠢᠭᠤᠨ ᠤ ᠶᠡᠷᠥᠩᠭᠡᠢ ᠡᠮᠨᠡᠯᠭᠡ ᠶᠢᠨ ᠬᠤᠷᠢᠶ᠎ᠠ ᠨᠢ ᠠᠷᠠᠳ ᠤᠯᠠᠨ ᠤ ᠬᠥᠴᠢᠷ ᠲᠥᠪᠡᠭᠲᠠᠢ ᠠᠰᠠᠭᠤᠲᠠᠯ ᠳᠤ ᠠᠩᠬᠠᠷᠤᠯ ᠢᠶᠠᠨ ᠲᠥᠪᠯᠡᠷᠡᠬᠦᠯᠤᠨ ᠲᠤᠲᠠᠭᠤᠲᠠᠯ ᠢᠶᠠᠨ ᠨᠥᠬᠦᠪᠤᠷᠢᠯᠡᠵᠥ᠂ ᠥᠢᠯᠡᠴᠢᠯᠡᠭᠡ ᠪᠠᠨ ᠰᠢᠯᠢᠲᠡᠭᠵᠢᠬᠦᠯᠵᠥ᠂ ᠡᠨᠡ ᠵᠢᠯ ᠤᠨ 1 ᠰᠠᠷ᠎ᠠ ᠶᠢᠨ 15 ᠤ ᠡᠲᠥᠷ ᠠᠴᠠ ᠡᠬᠢᠯᠡᠨ ᠨᠢᠭᠡᠲᠥᠭᠡᠷ ᠲᠠᠪᠬᠤᠷᠯᠢᠭ ᠤᠨ ᠶᠡᠭᠡ ᠲᠢᠩᠭᠢᠮ ᠳᠤ ︽ᠠᠷᠠᠳ ᠲᠤ ᠲᠥᠭᠦᠮ ᠥᠵᠡᠬᠦᠯᠬᠦ ᠡᠬᠦᠲᠡᠨ ᠡᠮᠨᠡᠯᠭᠡ︾ ᠶᠢᠨ ᠴᠤᠩᠬᠤᠪᠴᠢ ᠨᠡᠭᠡᠭᠡᠵᠥ᠂ ᠡᠪᠡᠳᠴᠢᠨ ᠥᠵᠡᠬᠦᠯᠬᠦ ᠳᠤ ᠤᠲᠠᠭᠠᠨ ᠪᠠᠶᠢᠭ᠎ᠠ ᠶᠠᠪᠤᠲᠠᠯ ᠢ ᠪᠥᠲᠥᠮᠵᠢᠲᠡᠢ ᠰᠶᠢᠳᠪᠤᠷᠢᠯᠡᠵᠥ ᠪᠠᠶᠢᠨ᠎ᠠ᠃      ︽ᠠᠷᠠᠳ ᠲᠤ ᠲᠥᠭᠦᠮ ᠥᠵᠡᠬᠦᠯᠬᠦ ᠡᠬᠦᠲᠡᠨ ᠡᠮᠨᠡᠯᠭᠡ︾ ᠶᠢ ᠭᠠᠷᠠᠭ ᠪᠥᠷᠢ ᠶᠢᠨ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠥᠲᠡ ᠶᠢᠨ ᠡᠮᠥᠨᠡᠬᠢ 8᠄ 30 — 11᠄ 30 ᠪᠤᠯᠲᠠᠯ᠎ᠠ ᠨᠡᠭᠡᠭᠡᠵᠥ᠂ ᠡᠪᠡᠳᠴᠢᠲᠠᠨ ᠳᠤ ᠪᠠᠶᠢᠴᠠᠭᠠᠯᠲᠠ ᠬᠢᠬᠦ᠂ ᠡᠮ ᠠᠪᠬᠤ ᠵᠡᠷᠭᠡ ᠭᠤᠭᠴᠤᠭ᠎ᠠ ᠶᠢ ᠰᠢᠯᠢᠲᠡᠭᠵᠢᠬᠦᠯᠵᠥ᠂ ᠲᠤᠰ ᠴᠤᠩᠬᠤᠪᠴᠢ ᠳᠤ ᠲᠤᠬᠠᠶᠢᠯᠠᠭᠰᠠᠨ ᠠᠵᠢᠯ ᠬᠥᠢᠴᠡᠳᠭᠡᠬᠦ ᠳᠤ ᠳ᠋ᠤᠭᠠᠷᠯᠠᠬᠤ ᠰᠥᠢᠳᠭᠡᠯ ᠬᠤᠷᠢᠶᠠᠬᠤ ᠥᠭᠡᠢ᠂ ᠡᠪᠡᠳᠴᠢᠲᠠᠨ ᠪᠤᠲᠠᠲᠠᠢ ᠬᠡᠷᠡᠭᠴᠡᠭᠡ ᠪᠠᠨ ᠥᠨᠲᠤᠰᠤᠯᠡᠨ ᠴᠤᠩᠬᠤᠪᠴᠢ ᠳᠤ ᠡᠮ ᠠᠪᠬᠤ᠂ ᠰᠢᠯᠭᠠᠨ ᠪᠠᠶᠢᠴᠠᠭᠠᠬᠤ ᠵᠡᠷᠭᠡ ᠲᠥᠷᠥᠯ ᠵᠥᠢᠯ ᠢ ᠰᠢᠭᠤᠳ ᠬᠥᠢᠴᠡᠳᠭᠡᠵᠥ ᠪᠤᠯᠤᠨ᠎ᠠ᠃ ᠤᠨᠴᠠᠭᠠᠶᠢᠯᠠᠨ ᠵᠠᠷᠢᠮ ᠤᠷᠲᠤ ᠬᠤᠭᠤᠴᠠᠭ᠎ᠠ ᠪᠠᠷ ᠡᠮ ᠤᠤᠭᠤᠬᠤ ᠴᠢᠬᠤᠯᠠᠲᠠᠢ ᠤᠲᠠᠭᠠᠨ ᠴᠢᠨᠠᠷᠲᠠᠢ ᠡᠪᠡᠳᠴᠢᠲᠠᠨ ᠳᠤ ᠲᠥᠭᠦᠮ ᠥᠵᠡᠬᠦᠯᠵᠥ᠂ ᠡᠪᠡᠳᠴᠢᠨ ᠥᠵᠡᠬᠦᠯᠬᠦ ᠥᠶ᠎ᠠ ᠳᠤ ᠳ᠋ᠤᠭᠠᠷᠯᠠᠬᠤ᠂ ᠨᠢᠭᠤᠷᠲᠠᠨ ᠡᠮᠨᠡᠬᠦᠯᠬᠦ ᠶᠠᠪᠤᠴᠠ ᠶᠢ ᠲᠥᠭᠦᠮᠴᠢᠯᠡᠨ᠂ ᠡᠮᠨᠡᠯᠭᠡ ᠶᠢᠨ ᠬᠤᠷᠢᠶᠠᠠ ᠤ ᠶᠡᠭᠡ ᠲᠢᠩᠭᠢᠮ ᠳᠤ ᠲᠠᠷᠤᠢ ᠰᠥᠢᠳᠭᠡᠯ ᠲᠤᠰᠢᠶᠠᠬᠤ᠂ ᠡᠮ ᠠᠪᠬᠤ ᠶᠢ ᠬᠥᠢᠴᠡᠳᠭᠡᠵᠥ ᠪᠤᠢ᠃ ᠲᠤᠰ ᠬᠤᠰᠢᠭᠤᠨ ᠤ ᠰᠠᠭᠤᠭᠠᠯᠢ ᠠᠷᠠᠳ ᠶᠤᠸᠠᠨ ᠰᠢᠤᠢ᠄ ︽ᠡᠨᠡᠬᠦ ᠠᠷᠠᠳ ᠲᠤ ᠲᠥᠬᠦᠮ ᠥᠵᠡᠬᠦᠯᠬᠦ ᠡᠬᠦᠲᠡᠨ ᠡᠮᠨᠡᠯᠭᠡ ᠨᠡᠪᠲᠡᠷᠡᠭᠰᠡᠨ ᠤ ᠲᠠᠷᠠᠭ᠎ᠠ᠂ ᠡᠪᠡᠳᠴᠢᠨ ᠥᠵᠡᠬᠦᠯᠬᠦ ᠳᠤ ᠮᠠᠰᠢ ᠲᠥᠭᠦᠮ ᠪᠤᠯᠵᠠᠢ᠃ ᠤᠲᠤ ᠰᠢᠭᠤᠳ ᠤᠴᠢᠵᠥ ᠪᠠᠶᠢᠴᠠᠭᠠᠬᠤ ᠬᠡᠵᠥ ᠪᠠᠶᠢᠭ᠎ᠠ ᠤᠴᠢᠷ ᠶᠠᠪᠤᠲᠠᠯ ᠢᠶᠠᠨ ᠴᠤᠩᠬᠤᠪᠴᠢ ᠡᠮᠨᠡᠯᠭᠡ ᠶᠢᠨ ᠠᠵᠢᠯᠲᠠᠨ ᠳᠤ ᠬᠡᠯᠡᠪᠡᠯ᠂ ᠲᠡᠲᠡ ᠰᠢᠭᠤᠳ ᠬᠠᠭᠤᠲᠠᠰᠤ ᠪᠢᠴᠢᠨ ᠪᠠᠶᠢᠴᠠᠭᠠᠯᠲᠠ ᠬᠢᠵᠥ ᠥᠭᠭᠦᠨ᠎ᠠ︾ ᠭᠡᠯ᠎ᠠ᠃      ᠤᠶᠢᠯᠠᠭᠠᠭᠰᠠᠨ ᠢᠶᠠᠷ᠂ ︽ᠠᠷᠠᠳ ᠲᠤ ᠲᠥᠭᠦᠮ ᠥᠵᠡᠬᠦᠯᠬᠦ ᠡᠬᠦᠲᠡᠨ ᠡᠮᠨᠡᠯᠭᠡ︾ ᠶᠢᠨ ᠴᠤᠩᠬᠤᠪᠴᠢ ᠨᠡᠭᠡᠭᠡᠭᠰᠡᠨ ᠠᠴᠠ ᠨᠠᠭᠠᠰᠢ᠂ ᠨᠢᠭᠡᠨᠲᠡ 1000 ᠭᠠᠷᠤᠢ ᠡᠪᠡᠳᠴᠢᠲᠠᠨ ᠲᠤᠰ ᠥᠢᠯᠡᠴᠢᠯᠡᠭᠡ ᠪᠠᠷ ᠲᠠᠮᠵᠢᠨ ᠡᠮ ᠠᠪᠴᠥ᠂ ᠪᠠᠶᠢᠴᠠᠭᠠᠯᠲᠠ ᠬᠢᠯᠭᠡᠪᠡ᠃ ︽ᠠᠷᠠᠳ ᠲᠤ ᠲᠥᠭᠦᠮ ᠥᠵᠡᠬᠦᠯᠬᠦ ᠡᠬᠦᠲᠡᠨ ᠡᠮᠨᠡᠯᠭᠡ︾ ᠨᠢ ᠡᠮᠴᠢ ᠨᠠᠷ ᠤᠨ ᠤᠨᠤᠰᠢᠯᠠᠨ ᠡᠮᠨᠡᠬᠦ ᠲᠠᠷᠤᠯᠲᠠ ᠶᠢ ᠰᠶᠢᠳᠪᠤᠷᠢᠯᠡᠭᠰᠡᠨ ᠢᠶᠠᠷ ᠪᠠᠷᠠᠬᠤ ᠥᠭᠡᠢ ᠪᠠᠰᠠ ᠤᠯᠠᠨ ᠲᠥᠮᠡᠨ ᠤ ᠡᠪᠡᠳᠴᠢᠨ ᠥᠵᠡᠬᠦᠯᠵᠥ ᠡᠮ ᠠᠪᠬᠤ ᠳᠤ ᠨᠡᠩ ᠲᠥᠭᠦᠮ ᠪᠤᠯᠭᠠᠵᠠᠢ᠃ ᠲᠤᠰ ᠬᠤᠰᠢᠭᠤᠨ ᠤ ᠶᠡᠷᠥᠩᠭᠡᠢ ᠡᠮᠨᠡᠯᠭᠡ ᠶᠢᠨ ᠬᠤᠷᠢᠶᠠᠨ ᠤ ᠱᠥᠵᠢ ᠾᠸᠥ ᠶᠠᠨ ᠰᠢᠶᠠ᠄ ︽ᠠᠷᠠᠳ ᠲᠤ ᠲᠥᠭᠦᠮ ᠥᠵᠡᠬᠦᠯᠬᠦ ᠡᠬᠦᠲᠡᠨ ᠡᠮᠨᠡᠯᠭᠡ ᠶᠢᠨ ᠴᠤᠩᠬᠤᠪᠴᠢ ᠳᠤ ᠳ᠋ᠤᠭᠠᠷᠯᠠᠬᠤ ᠬᠡᠷᠡᠭ ᠥᠭᠡᠢ᠂ ᠬᠡᠷᠡᠭᠴᠡᠭᠡ ᠪᠠᠨ ᠥᠨᠲᠤᠰᠤᠯᠡᠨ ᠰᠢᠭᠤᠳ ᠪᠠᠶᠢᠴᠠᠭᠠᠯᠲᠠ ᠬᠢᠬᠦ᠂ ᠰᠢᠨᠵᠢᠯᠡᠨ ᠰᠢᠯᠭᠠᠬᠤ᠂ ᠤᠲᠠᠭᠠᠨ ᠴᠢᠨᠠᠷᠲᠠᠢ ᠡᠪᠡᠳᠴᠢᠨ ᠤ ᠡᠮ ᠤᠨ ᠵᠥᠢᠯ ᠠᠪᠴᠥ ᠪᠤᠯᠤᠨ᠎ᠠ᠃ ᠲᠠᠷᠠᠭᠠᠴᠢ ᠪᠠᠷ ᠡᠮᠴᠢᠯᠡᠭᠡᠨ ᠤ ᠥᠢᠯᠡᠴᠢᠯᠡᠭᠡ ᠶᠢ ᠲᠠᠰᠤᠷᠠᠯᠲᠠ ᠥᠭᠡᠢ ᠰᠠᠶᠢᠵᠢᠷᠠᠭᠤᠯᠵᠥ᠂ ᠲᠤᠰᠬᠠᠢ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠥ᠂ ᠡᠪᠡᠳᠴᠢᠲᠠᠨ ᠤ ᠡᠪᠡᠳᠴᠢᠨ ᠥᠵᠡᠬᠦᠯᠬᠦ ᠬᠡᠷᠡᠭᠴᠡᠭᠡ ᠶᠢ ᠪᠥᠬᠦ ᠬᠥᠴᠥᠨ ᠢᠶᠠᠷ ᠬᠠᠨᠭ᠍ᠭᠠᠨ᠎ᠠ︾ ᠭᠡᠵᠥ ᠲᠠᠨᠢᠯᠴᠠᠭᠤᠯᠪᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号