ᠵᠡᠬᠦᠨ ᠬᠠᠲᠠᠪᠴᠢ ᠪᠤᠭᠤᠮᠲᠠ ᠶᠢᠨ ᠰᠢᠨ᠎ᠠ ᠪᠠᠷ ᠪᠠᠶᠢᠭᠤᠯᠤᠭᠰᠠᠨ ᠪᠠᠷᠠᠭᠠᠨ ᠤ ᠲᠡᠭᠡᠭᠡᠪᠤᠷᠢ ᠶᠢᠨ ᠵᠠᠮ ᠠᠰᠢᠭᠯᠠᠯᠲᠠ ᠳᠤ ᠤᠷᠤᠪᠠ
ᠨᠡᠶᠢᠲᠡᠯᠡᠭᠰᠡᠨ ᠴᠠᠭ᠄
2024/4/11
     ᠤᠶᠢᠷ᠎ᠠ ᠶᠢᠨ ᠵᠢᠯ ᠳᠤ ᠵᠡᠬᠦᠨ ᠥᠵᠥᠮᠥᠴᠢᠨ ᠬᠤᠰᠢᠭᠤ ᠶᠡᠷᠥᠩᠭᠡᠢ ᠱᠥᠵᠢ ᠰᠢ ᠶᠢᠨ ᠫᠢᠡᠭ ᠤᠨ ᠥᠪᠤᠷ ᠮᠤᠩᠭᠤᠯ ᠳᠤ ᠲᠤᠰᠢᠶᠠᠭᠰᠠᠨ ︽ᠲᠠᠪᠤᠨ ᠶᠡᠭᠡ ᠡᠬᠦᠷᠭᠡ︾ ᠶᠢ ᠨᠠᠶᠢᠲᠠᠪᠤᠷᠢᠵᠢᠭᠤᠯᠬᠤ ᠶᠢ ᠲᠥᠷᠭᠡᠳᠭᠡᠨ ᠠᠬᠢᠭᠤᠯᠵᠥ᠂ ᠵᠡᠬᠦᠨ ᠬᠠᠲᠠᠪᠴᠢ ᠪᠤᠭᠤᠮᠲᠠ ᠶᠢᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠦᠢᠯᠡᠳᠦᠯ ᠢ ᠬᠥᠢᠴᠡᠳ ᠪᠠᠲᠠᠷᠠᠭᠤᠯᠤᠨ ᠪᠤᠭᠤᠮᠲᠠ ᠶᠢᠨ ᠰᠠᠭᠤᠷᠢ ᠲᠥᠭᠦᠭᠡᠷᠥᠮᠵᠢ ᠶᠢᠨ ᠪᠥᠲᠥᠭᠡᠨ ᠪᠠᠶᠢᠭᠤᠯᠤᠯᠲᠠ ᠶᠢ ᠥᠷᠬᠦᠯᠵᠢᠯᠡᠨ ᠠᠬᠢᠭᠤᠯᠵᠥ᠂ ᠪᠤᠭᠤᠮᠲᠠ ᠪᠠᠷ ᠥᠡᠭᠭᠡᠷᠡᠬᠦ ᠥᠢᠯᠡᠴᠢᠯᠡᠭᠡᠨ ᠤ ᠴᠢᠲᠠᠮᠵᠢ ᠶᠢ ᠲᠡᠭᠡᠭᠰᠢᠯᠡᠬᠦᠯᠪᠡ᠃ 2023 ᠤᠨ ᠳᠤ ᠵᠡᠬᠦᠨ ᠬᠠᠲᠠᠪᠴᠢ ᠪᠤᠭᠤᠮᠲᠠ ᠪᠠᠷ ᠥᠡᠭᠭᠡᠷᠡᠭᠰᠡᠨ ᠪᠠᠷᠠᠭᠠᠨ ᠤ ᠶᠡᠷᠥᠩᠭᠡᠢ ᠬᠡᠮᠵᠢᠶ᠎ᠠ 270 ᠲᠥᠮᠡᠨ ᠲᠤᠨ ᠢ ᠲᠠᠪᠠᠵᠥ᠂ ᠲᠡᠥᠭᠡ ᠶᠢᠨ ᠬᠠᠮᠤᠭ ᠥᠨᠲᠤᠷ ᠬᠡᠮᠵᠢᠭᠲᠡᠯ ᠲᠠᠢ ᠬᠠᠷᠢᠴᠠᠭᠤᠯᠪᠠᠯ 77.6% ᠪᠠᠷ ᠨᠡᠮᠡᠭᠲᠡᠭᠰᠡᠨ ᠪᠥᠭᠡᠳ ᠥᠪᠡᠷᠲᠡᠭᠡᠨ ᠵᠠᠰᠠᠬᠤ ᠤᠷᠤᠨ ᠤ ᠭᠤᠤᠯᠲᠠᠯᠭ᠎ᠠ ᠲᠠᠢ ᠲᠤᠰᠬᠠᠢ ᠮᠡᠷᠭᠡᠵᠢᠯ ᠤᠨ ᠪᠤᠭᠤᠮᠲᠠ ᠪᠠᠷ ᠵᠢᠭᠰᠠᠭᠠᠭᠲᠠᠵᠠᠢ᠃ ᠰᠢᠨ᠎ᠠ ᠪᠠᠷ ᠪᠠᠶᠢᠭᠤᠯᠤᠭᠰᠠᠨ ᠪᠠᠷᠠᠭᠠᠨ ᠤ ᠲᠡᠭᠡᠭᠡᠪᠤᠷᠢ ᠶᠢᠨ ᠵᠠᠮ ᠨᠢ ᠠᠰᠢᠭᠯᠠᠯᠲᠠ ᠳᠤ ᠤᠷᠤᠭᠰᠠᠨ ᠤ ᠲᠠᠷᠠᠭ᠎ᠠ᠂ ᠪᠤᠭᠤᠮᠲᠠ ᠪᠠᠷ ᠥᠡᠭᠭᠡᠷᠡᠬᠦ ᠬᠤᠷᠲᠤᠴᠠ ᠨᠡᠮᠡᠭᠲᠡᠵᠥ᠂ ᠠᠶᠠᠨᠴᠢᠳ ᠪᠠ ᠪᠠᠷᠠᠭᠠᠨ ᠤ ᠵᠥᠢᠯ ᠢ ᠰᠠᠯᠭᠠᠨ ᠲᠡᠰ ᠲᠡᠪᠰᠢᠬᠦᠯᠬᠦ ᠪᠤᠯᠤᠨ ᠪᠥᠬᠦ ᠲᠠᠯ᠎ᠠ ᠪᠠᠷ ᠤᠶᠤᠨᠴᠢ ᠪᠠᠷ ᠪᠤᠭᠤᠮᠲᠠ ᠥᠡᠭᠭᠡᠷᠡᠬᠦ ᠶᠢ ᠪᠡᠶᠡᠯᠡᠬᠦᠯᠵᠥ᠂ ᠪᠤᠭᠤᠮᠲᠠ ᠪᠠᠷ ᠥᠡᠭᠭᠡᠷᠡᠬᠦ ᠴᠢᠲᠠᠪᠤᠷᠢ ᠪᠠ ᠥᠷ᠎ᠠ ᠪᠥᠲᠥᠮᠵᠢ ᠶᠢ ᠶᠡᠬᠡᠪᠡᠷ ᠲᠡᠭᠡᠭᠰᠢᠯᠡᠬᠦᠯᠵᠥ᠂ ᠪᠤᠭᠤᠮᠲᠠ ᠶᠢᠨ ᠪᠠᠷᠠᠭᠠᠨ ᠤ ᠲᠡᠭᠡᠭᠡᠪᠤᠷᠢ ᠶᠢᠨ ᠬᠡᠮᠵᠢᠶ᠎ᠠ ᠶᠢ ᠲᠠᠬᠢᠨ ᠢᠶᠠᠷ ᠨᠡᠮᠡᠭᠲᠡᠬᠦᠯᠬᠦ ᠪᠤᠯᠤᠨ᠎ᠠ᠃      ᠲᠠᠷᠠᠭᠠᠴᠢ ᠪᠠᠷ ᠲᠤᠰ ᠬᠤᠰᠢᠭᠤ ᠪᠤᠭᠤᠮᠲᠠ ᠶᠢᠨ ᠲᠠᠪᠠᠭᠤᠯᠢᠭ ᠪᠤᠯᠤᠨ ᠡᠬᠢ ᠪᠠᠶᠠᠯᠢᠭ ᠤᠨ ᠲᠠᠪᠠᠭᠤᠯᠢᠭ ᠲᠠᠭᠠᠨ ᠰᠠᠭᠤᠷᠢᠯᠠᠵᠥ᠂ ︽ᠨᠡᠬᠦᠷᠡᠰᠥᠨ ᠤ ᠨᠥᠭᠡᠴᠡ᠂ ᠵᠠᠮ ᠨᠡᠭᠡᠭᠡᠬᠦ᠂ ᠤᠷᠤᠨ ᠪᠥᠰᠡ ᠶᠢᠨ ᠬᠠᠮᠵᠢᠯᠴᠠᠭ᠎ᠠ᠂ ᠬᠢᠯᠢ ᠲᠠᠭᠠᠭᠰᠠᠨ ᠠᠶᠠᠯᠠᠯ ᠵᠢᠭᠤᠯᠴᠢᠯᠠᠯ︾ ᠵᠡᠷᠭᠡ ᠤᠯᠤᠰ ᠤᠨ ᠭᠤᠤᠯᠲᠠᠯᠭ᠎ᠠ ᠲᠠᠢ ᠲᠡᠮᠵᠢᠬᠦ ᠬᠥᠷᠢᠶᠡᠨ ᠳᠤ ᠠᠩᠬᠠᠷᠤᠯ ᠢᠶᠠᠨ ᠲᠥᠪᠯᠡᠷᠡᠬᠦᠯᠤᠨ ᠪᠤᠭᠤᠮᠲᠠ ᠶᠢᠨ ᠰᠠᠭᠤᠷᠢ ᠨᠥᠬᠦᠴᠡᠯ ᠢ ᠥᠷᠬᠦᠯᠵᠢᠯᠡᠨ ᠰᠠᠶᠢᠵᠢᠷᠠᠭᠤᠯᠵᠥ᠂ ᠲᠡᠮᠥᠷ ᠵᠠᠮ ᠤᠨ ᠪᠤᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠲᠥᠯᠲᠡᠢ ᠲᠥᠯᠥᠪᠵᠢᠬᠦᠯᠥᠨ ᠬᠡᠷᠡᠭᠵᠢᠬᠦᠯᠵᠥ᠂ ᠪᠤᠭᠤᠮᠲᠠ ᠶᠢᠨ ᠬᠤᠲᠠᠯᠲᠤᠭ᠎ᠠ ᠡᠷᠬᠢᠯᠡᠬᠦ ᠤᠷᠴᠢᠨ ᠨᠥᠬᠦᠴᠡᠯ ᠢ ᠰᠢᠯᠢᠲᠡᠭᠵᠢᠬᠦᠯᠵᠥ᠂ ᠡᠳ᠋ᠰᠢᠬᠦᠯᠥᠨ ᠪᠤᠯᠪᠠᠰᠤᠷᠠᠭᠤᠯᠬᠤ ᠠᠵᠤ ᠥᠢᠯᠡᠰ ᠢ ᠬᠥᠭᠵᠢᠬᠦᠯᠥᠨ ᠪᠤᠵᠠᠭᠠᠶᠢᠷᠠᠭᠤᠯᠵᠥ᠂ ᠨᠡᠩ ᠥᠨᠲᠤᠷ ᠲᠥᠪᠰᠢᠨ ᠪᠥᠬᠦᠢ ᠭᠠᠲᠠᠭᠠᠲᠤ ᠨᠡᠭᠡᠭᠡᠯᠲᠡ ᠶᠢ ᠪᠡᠶᠡᠯᠡᠬᠦᠯᠵᠥ᠂ ᠥᠪᠡᠷᠲᠡᠭᠡᠨ ᠵᠠᠰᠠᠬᠤ ᠤᠷᠤᠨ ᠤ ︽ᠰᠢᠨ᠎ᠠ ᠵᠠᠮ ᠨᠡᠭᠡᠭᠡᠵᠥ᠂ ᠲᠤᠮᠲᠠ ᠲᠥᠪᠰᠢᠨ ᠳᠤ ᠤᠷᠤᠬᠤ︾ ᠬᠠᠷᠠᠯᠲᠠ ᠶᠢ ᠪᠡᠶᠡᠯᠡᠬᠦᠯᠬᠦ ᠳᠤ ᠬᠤᠪᠢ ᠨᠡᠮᠡᠷᠢ ᠡᠷᠬᠦᠬᠦ ᠪᠤᠯᠤᠨ᠎ᠠ᠃      ᠵᠡᠬᠦᠨ ᠬᠠᠲᠠᠪᠴᠢ ᠪᠤᠭᠤᠮᠲᠠ ᠶᠢᠨ ᠬᠢᠯᠢ ᠪᠠᠷ ᠤᠷᠤᠵᠥ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠲᠠᠷᠤᠭ᠎ᠠ ᠶᠠ ᠸᠧᠢ᠄ ︽ᠪᠠᠷᠠᠭᠠᠨ ᠤ ᠲᠡᠭᠡᠭᠡᠪᠤᠷᠢ ᠶᠢᠨ ᠰᠢᠨ᠎ᠠ ᠵᠠᠮ  ᠢ ᠨᠡᠪᠲᠡᠷᠡᠬᠦᠯᠥᠭᠰᠡᠨ ᠨᠢ ᠵᠡᠬᠦᠨ ᠬᠠᠲᠠᠪᠴᠢ ᠪᠤᠭᠤᠮᠲᠠ ᠶᠢᠨ ᠥᠨᠲᠤᠷ ᠲᠥᠪᠰᠢᠨ ᠢᠶᠠᠷ ᠨᠡᠭᠡᠭᠡᠯᠲᠡ ᠬᠢᠬᠦ ᠰᠢᠨ᠎ᠠ ᠪᠠᠶᠢᠷᠢᠰᠢᠯ ᠢ ᠪᠠᠶᠢᠭᠤᠯᠬᠤ ᠶᠢᠨ ᠴᠢᠬᠤᠯᠠ ᠨᠢᠭᠡ ᠠᠯᠬᠤᠮ ᠪᠤᠯᠤᠨ᠎ᠠ᠃ ᠵᠡᠬᠦᠨ ᠬᠠᠲᠠᠪᠴᠢ ᠬᠢᠯᠢ ᠪᠠᠷ ᠤᠷᠤᠵᠥ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠥᠷᠲᠡᠭᠡ ᠨᠢ ᠥᠪᠡᠷᠲᠡᠭᠡᠨ ᠵᠠᠰᠠᠬᠤ ᠤᠷᠤᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠳᠤ ᠪᠥᠬᠦ ᠬᠥᠴᠥᠨ ᠢᠶᠠᠷ ᠥᠢᠯᠡᠴᠢᠯᠡᠵᠥ᠂ ᠠᠷᠠᠳ ᠲᠤ ᠲᠥᠭᠦᠮ ᠥᠵᠡᠬᠦᠯᠬᠦ ᠠᠵᠤ ᠠᠬᠤᠶᠢᠯᠠᠯ ᠳᠤ ᠠᠰᠢᠭᠲᠠᠢ ᠨᠡᠩ ᠤᠯᠠᠨ ᠥᠢᠯᠡᠴᠢᠯᠡᠭᠡᠨ ᠤ ᠠᠷᠭ᠎ᠠ ᠬᠡᠮᠵᠢᠶ᠎ᠠ ᠲᠤᠭᠲᠠᠭᠠᠵᠥ᠂ ᠤᠯᠤᠰ ᠤᠨ ᠡᠬᠦᠲᠡ ᠶᠢᠨ ᠠᠮᠤᠷ ᠲᠥᠪᠰᠢᠨ ᠪᠤᠯᠤᠨ ᠪᠤᠭᠤᠮᠲᠠ ᠶᠢᠨ ᠬᠥᠭᠵᠢᠯᠲᠡ ᠶᠢ ᠬᠠᠮᠠᠭᠠᠯᠠᠵᠥ᠂ ᠪᠥᠬᠦ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠥᠨᠲᠤᠷ ᠲᠥᠪᠰᠢᠨ ᠲᠠᠢ ᠨᠡᠭᠡᠭᠡᠯᠲᠡ ᠬᠢᠬᠦ ᠶᠢ ᠪᠥᠬᠦ ᠬᠥᠴᠥᠨ ᠢᠶᠠᠷ ᠠᠬᠢᠭᠤᠯᠤᠨ᠎ᠠ︾ ᠭᠡᠵᠥ ᠶᠠᠷᠢᠯ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号