ᠰᠢᠯᠢ ᠶᠢᠨ ᠬᠤᠲᠠ ᠶᠢᠨ ᠤᠯᠠᠭᠠᠨᠮᠥ᠋ᠴᠢᠷ ᠨᠢ 1965 ᠣᠨ ᠳᠤ ᠪᠠᠶᠢᠭᠤᠯᠤᠭᠲᠠᠵᠤ᠂ ᠤᠤᠯ ᠨᠢ ᠠᠪᠠᠭ᠋ᠠᠨᠠᠷ | ᠬᠤᠰᠢᠭᠤᠨ ᠤ ᠤᠯᠠᠭᠠᠨᠮᠥ᠋ᠴᠢᠷ ᠪᠠᠶᠢᠵᠤ᠂ 1983 ᠣᠨ ᠳᠤ ᠰᠢᠯᠢ ᠶᠢᠨ ᠬᠤᠲᠠ ᠶᠢᠨ ᠤᠯᠠᠭᠠᠨᠮᠥ᠋ᠴᠢᠷ ᠭᠡᠵᠦ | ᠨᠡᠷᠡᠶᠢᠳᠦᠯ ᠢᠶᠠᠨ ᠬᠠᠯᠠᠵᠤ᠂ 2018 ᠣᠨ ᠳᠤ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ | ᠤᠯᠠᠭᠠᠨᠮᠥ᠋ᠴᠢᠷ ᠢᠶᠠᠷ ᠦᠨᠡᠯᠡᠭᠳᠡᠪᠡ᠃ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ | ᠦᠨᠳᠦᠰᠦᠯᠡᠨ᠂ ᠰᠢᠯᠢ ᠶᠢᠨ ᠬᠤᠲᠠ ᠶᠢᠨ ᠤᠯᠠᠭᠠᠨᠮᠥ᠋ᠴᠢᠷ ᠢ ᠰᠢᠯᠢ ᠶᠢᠨ ᠬᠤᠲᠠ ᠶᠢᠨ ᠦᠨᠳᠦᠰᠦᠲᠡᠨ ᠤ ᠪᠣᠳᠠᠰ ᠤᠨ | ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠤᠷᠠᠯᠢᠭ ᠤᠨ ᠲᠥᠪ ᠪᠣᠯᠭᠠᠵᠤ᠂ ᠰᠢᠯᠢ ᠶᠢᠨ ᠬᠤᠳᠠ ᠶᠢᠨ | ᠤᠯᠠᠭᠠᠨᠮᠥ᠋ᠴᠢᠷ ᠨᠢ ᠬᠤᠶᠠᠷ ᠫᠠᠶᠢᠰᠠ ᠲᠠᠢ ᠪᠣᠯᠵᠣ᠂ ᠮᠠᠯᠴᠢᠳ ᠲᠤ ︽ᠮᠣᠷᠢᠨ ᠨᠢᠷᠣᠭᠤᠨ ᠲᠡᠭᠡᠷᠡᠬᠢ | ᠣᠯᠠᠭᠠᠨᠮᠦ᠋ᠴᠢᠷ︾ ᠭᠡᠵᠦ ᠨᠡᠷᠡᠶᠢᠳᠦᠭᠳᠡᠪᠡ᠃ | ᠤᠯᠠᠭᠠᠨᠮᠥ᠋ᠴᠢᠷ ᠨᠢ ᠣᠲᠣ 52 ᠬᠥᠮᠦᠨ ᠤ ᠤᠷᠤᠨ ᠲᠤᠭ᠎ᠠ ᠲᠠᠢ᠂ ᠡᠭᠦᠨ ᠳᠤ ᠠᠵᠢᠯ ᠤᠨ ᠪᠠᠶᠢᠷᠢ ᠳᠤ | ᠪᠠᠶᠢᠭ᠎ᠠ ᠨᠢ 44 ᠬᠥᠮᠦᠨ ᠪᠣᠶ᠂ ᠪᠤᠰᠤᠳ ᠬᠤᠶᠠᠳᠤᠭᠠᠷ ᠱᠠᠲᠤᠨ ᠤ ᠨᠢᠭᠡᠴᠡ ᠳᠤ 8 ᠬᠥᠮᠦᠨ ᠲᠠᠢ᠂ ᠲᠦᠷ ᠴᠠᠭ | ᠤᠷᠢᠨ ᠬᠡᠷᠡᠭᠯᠡᠭᠰᠡᠨ ᠠᠵᠢᠯᠲᠠᠨ 7 ᠬᠥᠮᠦᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ 4 | ᠬᠦᠮᠦᠨ ᠲᠠᠢ ᠪᠠᠶᠢᠵᠤ᠂ ᠣᠳᠣᠬᠠᠨ ᠳᠤ ᠨᠡᠶᠢᠲᠡ 55 ᠲᠤᠭᠯᠠᠭᠴᠢ ᠲᠠᠢ᠃ ᠠᠵᠢᠯᠯᠠᠭᠰᠠᠨ ᠬᠤᠭᠤᠴᠠᠭ᠎ᠠ ᠨᠢ 30 | ᠵᠢᠯ ᠠᠴᠠ ᠳᠡᠭᠡᠭᠰᠢ ᠬᠦᠮᠦᠨ 7᠂ ᠠᠵᠢᠯᠯᠠᠭᠰᠠᠨ ᠬᠤᠭᠤᠴᠠᠭ᠎ᠠ ᠨᠢ 20 ᠵᠢᠯ ᠠᠴᠠ ᠳᠡᠭᠡᠭᠰᠢ ᠬᠥᠮᠦᠨ 5᠂ | ᠠᠵᠢᠯᠯᠠᠭᠰᠠᠨ ᠬᠤᠭᠤᠴᠠᠭ᠎ᠠ ᠨᠢ 11 ᠵᠢᠯ ᠠᠴᠠ ᠳᠣᠷᠣᠭᠰᠢ ᠪᠠᠶᠢᠭ᠎ᠠ ᠨᠢ 40 ᠬᠥᠮᠦᠨ ᠪᠤᠢ᠃ ᠡᠭᠦᠨ ᠳᠤ | ᠪᠥᠵᠢᠭᠴᠢᠨ 19 ᠬᠥᠮᠦᠨ ︵ᠡᠮᠡᠭᠲᠡᠶ 12 ᠬᠥᠮᠦᠨ᠂ ᠡᠷᠡᠭᠲᠡᠶ 7 ᠬᠥᠮᠦᠨ︶᠂ ᠬᠦᠭᠵᠢᠮᠴᠢᠨ 28 ᠬᠥᠮᠦᠨ᠂ | ᠨᠢᠭᠲᠠᠯᠠᠨ ᠪᠤᠳᠤᠭᠴᠢ 1 ᠬᠥᠮᠦᠨ ᠪᠣᠢ᠃ ᠤᠯᠤᠰ ᠤᠨ ᠨᠢᠭᠡᠳᠦᠭᠡᠷ ᠳᠡᠰ ᠤᠨ ᠲᠣᠭᠯᠠᠭᠴᠢ 1 ᠬᠥᠮᠦᠨ᠂ | ᠬᠤᠶᠠᠳᠤᠭᠠᠷ ᠳᠡᠰ ᠤᠨ ᠲᠣᠭᠯᠠᠭᠴᠢ 9 ᠬᠥᠮᠦᠨ᠂ ᠭᠤᠷᠪᠠᠳᠤᠭᠠᠷ ᠳᠡᠰ ᠤᠨ ᠲᠣᠭᠯᠠᠭᠴᠢ 15 ᠬᠦᠮᠦᠨ᠂ | ᠳᠥᠷᠪᠡᠳᠦᠭᠡᠷ ᠳᠡᠰ ᠤᠨ ᠲᠣᠭᠯᠠᠭᠴᠢ 20 ᠬᠦᠮᠦᠨ ᠪᠤᠢ᠃ ᠬᠠᠮᠤᠭ ᠤᠨ ᠠᠬᠠᠮᠠᠳ ᠠᠵᠢᠯᠳᠠᠨ ᠨᠢ 54 ᠨᠠᠰᠤ ᠲᠠᠢ᠂ | ᠬᠠᠮᠤᠭ ᠤᠨ ᠵᠠᠯᠠᠭᠤ ᠨᠢ 28 ᠨᠠᠰᠤ ᠲᠠᠢ᠂ ᠳᠤᠮᠳᠠᠴᠢ ᠨᠠᠰᠤ ᠨᠢ ᠪᠦᠬᠦᠯᠢ 36 ᠨᠠᠰᠤ ᠪᠠᠶᠢᠵᠤ᠂ ᠡᠭᠦᠨ ᠳᠤ | ᠪᠥᠵᠢᠭᠴᠢᠨ ᠤ ᠬᠠᠮᠤᠭ ᠤᠨ ᠠᠬᠠᠮᠠᠳ ᠨᠢ ᠪᠦᠬᠦᠯᠢ 35 ᠨᠠᠰᠤ ᠲᠠᠢ᠂ ᠬᠠᠮᠤᠭ ᠵᠠᠯᠠᠭᠤ ᠨᠢ ᠪᠦᠬᠦᠯᠢ 28 ᠨᠠᠰᠤ | ᠲᠠᠢ᠂ ᠳᠤᠮᠳᠠᠴᠢ ᠨᠠᠰᠤ ᠨᠢ 30 ᠨᠠᠰᠣ ᠪᠣᠯᠣᠨ᠎ᠠ᠃ ᠲᠦᠷ ᠴᠠᠭ ᠤᠨ ᠲᠣᠭᠯᠠᠭᠴᠢ 7 ᠬᠦᠮᠦᠨ ᠢ ᠤᠷᠢᠨ | ᠬᠡᠷᠡᠭᠯᠡᠵᠦ᠂ ᠲᠤᠰ ᠲᠤᠰ ︵ᠪᠥᠵᠢᠭᠴᠢᠨ 6 ᠬᠥᠮᠦᠨ᠂ ᠬᠦᠭᠵᠢᠮᠴᠢᠨ 1 ᠬᠥᠮᠦᠨ︶᠃ ᠨᠢᠭᠡ ᠮᠡᠷᠭᠡᠵᠢᠯ ᠳᠤ | ᠮᠡᠷᠭᠡᠰᠢᠭᠰᠡᠨ ᠣᠯᠠᠨ ᠴᠢᠳᠠᠪᠤᠷᠢ ᠲᠠᠢ ᠲᠣᠭᠯᠠᠭᠴᠢ 90% ᠳᠤ ᠬᠦᠷᠦᠭᠰᠡᠨ ᠪᠠᠶᠢᠨ᠎ᠠ᠃ | ᠲᠠᠯ᠎ᠠ ᠨᠤᠲᠤᠭ ᠲᠠᠭᠠᠨ ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠬᠦ ᠪᠣᠯ ᠤᠯᠠᠭᠠᠨᠮᠥ᠋ᠴᠢᠷ ᠤᠨ | ᠦᠨᠳᠦᠰᠦᠨ ᠵᠣᠷᠢᠯᠲᠠ ᠪᠣᠯᠤᠨ᠎ᠠ᠃ ᠰᠢᠯᠢ ᠶᠢᠨ ᠬᠤᠲᠠ ᠶᠢᠨ ᠤᠯᠠᠭᠠᠨᠮᠥ᠋ᠴᠢᠷ ᠨᠢ ᠲᠠᠯ᠎ᠠ ᠨᠤᠲᠤᠭ ᠭᠤᠪᠢ ᠭᠠᠵᠠᠷ | ᠢᠶᠠᠷ ᠤᠷᠲᠤ ᠬᠤᠭᠤᠴᠠᠭ᠎ᠠ ᠪᠠᠷ ᠵᠣᠷᠴᠢᠵᠣ᠂ ︽ᠬᠠᠮᠵᠢᠯᠴᠠᠨ ᠬᠠᠪᠰᠣᠷᠴᠦ᠂ ᠰᠣᠶᠣᠯ ᠢ ᠣᠬᠠᠭᠤᠯᠬᠤ︾ ︽ | ᠰᠣᠶᠣᠯ ᠢ ᠡᠷᠦᠬᠡ ᠳᠤ ᠣᠷᠣᠭᠤᠯᠬᠤ︾ ︽ᠦᠨᠳᠦᠰᠦᠨ ᠱᠠᠳᠣᠨ ᠳᠤ ᠪᠠᠶᠠᠷ ᠪᠠᠶᠠᠰᠣᠯ ᠠᠪᠴᠢᠷᠠᠵᠣ ᠥᠭᠬᠦ︾ | ᠵᠡᠷᠭᠡ ᠬᠦᠳᠡᠯᠭᠡᠭᠡᠨ ᠢᠶᠠᠷ ᠲᠠᠮᠵᠢᠵᠤ ᠤᠶᠢᠷ᠎ᠠ ᠶᠢᠨ ᠬᠤᠶᠠᠷ ᠵᠢᠯ ᠳᠤ 200 ᠭᠠᠷᠣᠢ ᠣᠳᠠᠭ᠎ᠠ ᠦᠨᠳᠦᠰᠦᠨ | ᠱᠠᠲᠤᠨ ᠳᠤ ᠪᠠᠭᠤᠵᠣ᠂ ᠮᠣᠩᠭᠤᠯ ᠵᠦᠴᠦᠭᠡ ︽ᠠᠮᠢᠨ ᠵᠠᠶᠠᠭ᠎ᠠ︾ ︽ᠲᠠᠭᠤᠣ ᠪᠠᠷ ᠵᠢᠷᠭᠠᠬᠤ ᠡᠬᠡ ᠣᠷᠣᠨ︾᠂ | ︽ᠰᠢᠳᠦᠭᠡᠨᠳᠦ ᠣᠪᠣᠭ᠎ᠠ︾᠂ ︽ᠪᠣᠷᠣᠭᠠᠨ︾᠂ ︽ᠨᠠᠶᠢᠵᠠ ᠲᠠᠨ ᠢ ᠪᠠᠨ ᠣᠭᠳᠣᠶ᠎ᠠ︾᠂ ︽ᠨᠠᠷᠠᠨ ᠢᠪᠡᠭᠡᠯᠳᠦ | ᠬᠠᠶᠢᠷ᠎ᠠ︾᠂ ︽ᠰᠢᠯᠢ ᠶᠢᠨ ᠭᠤᠣᠯ ᠤᠨ ᠰᠥᠨᠢ ᠭᠤᠶᠣᠬᠠᠨ︾᠂ ︽ᠠᠪᠠᠭ᠋ᠠᠨᠠᠷ ᠪᠥᠬᠡ ᠶᠢᠨ ᠳᠠᠭᠤᠤ︾᠂ ︽ | ᠠᠮᠠᠷᠠᠭ ᠢᠶᠠᠨ ᠮᠥᠷᠥᠭᠡᠳᠬᠦ︾᠂ ᠪᠦᠵᠢᠭ ︽ᠮᠣᠷᠢ ᠰᠤᠷᠭᠠᠬᠤ ᠪᠥᠵᠢᠭ︾᠂ ︽ᠮᠢᠨᠦ ᠮᠣᠩᠭᠤᠯ ᠮᠣᠷᠢ︾᠂ ︽ | ᠤᠷᠲᠤ ᠶᠢᠨ ᠲᠠᠭᠤᠨ ᠤ ᠬᠠᠶᠢᠷ᠎ᠠ ᠰᠡᠳᠬᠢᠯᠭᠡ︾᠂ ᠨᠠᠶᠢᠷᠠᠯ ᠬᠥᠭᠵᠢᠮ ︽ᠭᠤᠷᠪᠠᠨ ᠴᠢᠪᠬᠠᠳᠠᠰᠤ ᠪᠠ | ᠶᠠᠩᠴᠢᠨ ᠤ ᠨᠠᠶᠢᠷᠠᠯ ᠬᠥᠭᠵᠢᠮ ᠷᠣᠮᠠᠨᠲ᠋ᠢᠭ ᠠᠲᠤᠭᠤᠴᠢᠨ︾ ︽ᠰᠡᠳᠬᠢᠯ ᠤᠨ ᠣᠶᠠᠩᠭ᠎ᠠ︾᠂ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠱᠤᠭ ᠵᠥᠴᠦᠭᠡ ︽︿ᠵᠢᠭᠠᠰᠤ﹀ ᠶᠢᠨ ᠭᠠᠶ︾᠂ ︽ | ᠭᠡᠮᠰᠢᠯ︾᠂ ᠬᠤᠯᠪᠤᠭ᠎ᠠ ︽ᠰᠢᠯᠢ ᠶᠢᠨ ᠭᠤᠣᠯ ᠤᠨ ᠮᠠᠭᠳᠠᠭᠤ︾ ᠵᠡᠷᠭᠡ ᠤᠤᠭᠠᠯ ᠪᠦᠲᠦᠭᠡᠯ ᠨᠢ ᠥᠷᠭᠡᠨ ᠣᠯᠠᠨ | ᠲᠦᠮᠡᠨ ᠤ ᠳᠤᠷ᠎ᠠ ᠰᠣᠨᠢᠷᠬᠠᠯ ᠢ ᠶᠡᠬᠡᠳᠡ ᠲᠠᠲᠠᠵᠠᠶ᠃ | ᠰᠢᠯᠢ ᠶᠢᠨ ᠬᠤᠲᠠ ᠶᠢᠨ ᠤᠯᠠᠭᠠᠨᠮᠥ᠋ᠴᠢᠷ ᠨᠢ ᠲᠣᠭᠯᠠᠭᠴᠢ ᠶᠢᠨ ᠴᠢᠳᠠᠪᠤᠷᠢ ᠪᠠ ᠬᠡᠪ ᠴᠢᠨᠠᠷ ᠢ | ᠳᠡᠭᠡᠭᠰᠢᠯᠡᠭᠦᠯᠬᠦ ᠶᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠵᠢᠯ ᠪᠦᠷᠢ ᠤᠯᠤᠰ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ ᠠᠴᠠ ᠡᠷᠬᠢᠯᠡᠭᠰᠡᠨ ᠡᠯ᠎ᠡ ᠲᠥᠷᠥᠯ ᠤᠨ ᠪᠤᠯᠪᠠᠰᠤᠷᠠᠯ ᠳᠤ ᠣᠷᠣᠯᠴᠠᠬᠤ᠂ ᠦᠪᠡᠷᠲᠡᠭᠡᠨ ᠪᠠᠭᠰᠢ | ᠵᠠᠯᠠᠬᠤ ᠪᠠ ᠭᠠᠳᠠᠭᠰᠢ ᠭᠠᠷᠴᠤ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠠᠭᠤᠤ ᠬᠥᠭᠵᠢᠮ ᠤᠨ | ᠵᠣᠬᠢᠶᠠᠨ ᠪᠦᠲᠦᠭᠡᠯᠭᠡ᠂ ᠪᠥᠵᠢᠭ ᠤᠨ ᠵᠣᠬᠢᠶᠠᠨ ᠪᠦᠲᠦᠭᠡᠯᠭᠡ ᠪᠠ ᠨᠠᠶᠢᠷᠠᠭᠤᠯᠭ᠎ᠠ ᠵᠢᠴᠢ ᠱᠤᠭ ᠵᠦᠴᠦᠭᠡ ᠵᠣᠬᠢᠶᠠᠨ | ᠪᠦᠲᠦᠭᠡᠬᠦ ᠵᠡᠷᠭᠡ ᠡᠯ᠎ᠡ ᠲᠠᠯ᠎ᠠ ᠶᠢᠨ ᠪᠣᠯᠪᠠᠰᠤᠷᠠᠯ ᠢ ᠬᠦᠴᠦᠯᠡᠨ ᠥᠷᠨᠢᠭᠦᠯᠵᠦ᠂ ᠡᠩᠨᠡᠭᠡᠨ ᠤ ᠪᠠᠨ ᠪᠦᠬᠦᠯᠢ | ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠶᠢᠨ | ᠲᠣᠭᠤᠷᠢᠨ ᠳᠤ᠂ ᠰᠢᠯᠢ ᠶᠢᠨ ᠬᠤᠲᠠ ᠶᠢᠨ ᠲᠡᠦᠬᠡ ᠰᠣᠶᠣᠯ᠂ ᠭᠠᠵᠠᠷ ᠣᠷᠣᠨ ᠤ ᠣᠨᠴᠠᠯᠢᠭ ᠪᠣᠯᠤᠨ ᠰᠢᠨ᠎ᠡ ᠴᠠᠭ | ᠦᠶ᠎ᠡ ᠶᠢᠨ ᠲᠠᠯ᠎ᠠ ᠨᠤᠲᠤᠭ ᠤᠨ ᠬᠥᠪᠡᠭᠦᠳ ᠥᠬᠢᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ | ᠬᠥᠭᠡᠭᠡᠴᠡᠯᠳᠦᠯ ᠲᠠᠢ ᠤᠶᠠᠯᠳᠤᠭᠤᠯᠤᠨ᠂ ᠣᠯᠠᠨ ᠲᠦᠮᠡᠨ ᠲᠠᠢ ᠣᠶᠢᠷᠠᠳᠴᠤ᠂ ᠠᠮᠢᠳᠤᠷᠠᠯ ᠲᠠᠢ ᠣᠶᠢᠷᠠᠳᠴᠤ᠂ | ᠪᠣᠳᠠᠲᠤ ᠠᠬᠤᠶᠢᠴᠢ ᠰᠡᠳᠦᠪ ᠲᠤ ᠠᠩᠬᠠᠷᠤᠯ ᠢᠶᠠᠨ ᠲᠦᠪᠯᠡᠷᠡᠬᠦᠯᠵᠦ᠂ ᠨᠠᠮ ᠪᠠ ᠡᠬᠡ ᠤᠯᠤᠰ ᠢᠶᠠᠨ ᠮᠠᠭᠲᠠᠨ | ᠳᠠᠭᠤᠯᠠᠭᠰᠠᠨ᠂ ᠠᠷᠠᠳ ᠲᠦᠮᠡᠨ ᠢᠶᠠᠨ ᠮᠠᠭᠲᠠᠨ ᠲᠠᠭᠤᠯᠠᠭᠰᠠᠨ ᠰᠣᠳᠣᠨ ᠪᠦᠲᠦᠭᠡᠯ ᠢ ᠣᠯᠠᠨ ᠠᠷᠪᠢᠨ ᠵᠣᠬᠢᠶᠠᠨ | ᠪᠦᠳᠦᠭᠡᠭᠰᠡᠨ ᠪᠠᠶᠢᠨ᠎ᠠ᠃ ᠣᠶᠢᠷ᠎ᠠ ᠶᠢᠨ ᠬᠤᠶᠠᠷ ᠵᠢᠯ ᠳᠤ ᠣᠷᠣᠨ ᠨᠤᠲᠤᠭ ᠤᠨ ᠣᠨᠴᠠᠯᠢᠭ ᠲᠠᠢ᠂ ᠭᠤᠤᠯ ᠰᠡᠳᠦᠪ | ᠲᠣᠪᠤᠶᠢᠮ᠎ᠠ᠂ ᠨᠤᠲᠤᠭ ᠤᠰᠤ ᠪᠠᠨ ᠮᠠᠭᠲᠠᠨ ᠳᠠᠭᠤᠯᠠᠭᠰᠠᠨ 25 ᠪᠦᠵᠢᠭ᠂ ᠳᠠᠭᠤᠤ᠂ ᠬᠥᠭᠵᠢᠮ᠂ ᠱᠤᠭ ᠵᠦᠴᠦᠭᠡ | ᠬᠤᠯᠪᠤᠭ᠎ᠠ ᠵᠡᠷᠭᠡ 60 ᠭᠠᠷᠤᠶ ᠪᠦᠲᠦᠭᠡᠯ ᠢ ᠵᠣᠬᠢᠶᠠᠨ ᠪᠦᠲᠦᠭᠡᠵᠦ᠂ ᠡᠭᠦᠨ ᠳᠤ ᠳᠠᠭᠤᠤ ︽ᠡᠯᠢᠭᠡᠨ ᠰᠠᠳᠣᠨ | ᠮᠢᠨᠢ ᠠᠮᠣᠷ ᠮᠡᠨᠳᠦ ᠤᠤ︖︾ ︽ᠨᠠᠷᠠᠨ ᠢᠪᠡᠭᠡᠯᠳᠦ ᠬᠠᠶᠢᠷ᠎ᠠ︾᠂ ᠡᠯᠧᠺᠲᠷᠣᠨ ᠬᠦᠭᠵᠢᠮ ︽ᠰᠢᠯᠢ ᠶᠢᠨ | ᠭᠤᠣᠯ ︾ ︽ᠮᠠᠨ ᠤ ᠤᠯᠠᠭᠠᠨᠮᠦ᠋ᠴᠢᠷ︾᠂ ︽ᠦᠯᠡᠮᠵᠢ ᠶᠢᠨ ᠰᠠᠶᠢᠬᠠᠨ ᠰᠢᠯᠢ ᠶᠢᠨ ᠬᠤᠳᠠ︾᠂ ᠪᠦᠵᠢᠭ ︽ | ᠡᠪᠦᠭᠡᠨ ᠰᠢᠪᠠᠭᠤ ︾ ︽ᠠᠳᠣᠭᠤᠨ ᠲᠠᠮᠠᠭ᠎ᠠ︾ ︽ᠴᠠᠬᠤᠯᠠᠢ︾᠂ ᠠᠷᠠᠳ ᠤᠨ ᠨᠠᠶᠢᠷᠠᠯ ᠬᠦᠭᠵᠢᠮ ︽ | ᠰᠢᠨ᠎ᠡ ᠬᠠᠪᠤᠷ︾᠂ ᠨᠠᠶᠢᠷᠠᠯ ᠬᠦᠭᠵᠢᠮ ︽ᠲᠡᠷᠡ ᠨᠢᠭᠡᠨ ᠴᠡᠴᠡᠭ︾ ︽ᠰᠡᠳᠬᠢᠯ ᠤᠨ ᠣᠶᠠᠩᠭ᠎ᠠ︾ ︽ᠰᠠᠶᠢᠨ | ᠰᠢᠨᠡᠯᠡᠪᠡᠣ︾ ᠵᠡᠷᠭᠡ ᠪᠦᠲᠦᠭᠡᠯ ᠨᠢ ᠲᠤᠰᠪᠤᠷᠢ ᠠᠲᠠᠯᠢ ᠪᠤᠰᠤ ᠲᠤᠭᠯᠠᠯᠲᠠ ᠶᠢᠨ ᠤᠷᠤᠯᠳᠤᠭᠠᠨ ᠲᠤᠮᠲᠠ ᠰᠢᠯᠢᠳᠡᠭ | ᠪᠦᠲᠦᠮᠵᠢ ᠤᠯᠤᠭᠰᠠᠨ ᠪᠠᠶᠢᠨ᠎ᠠ᠃ | ᠰᠢᠯᠢ ᠶᠢᠨ ᠬᠤᠲᠠ ᠶᠢᠨ ᠤᠯᠠᠭᠠᠨᠮᠥ᠋ᠴᠢᠷ ᠤᠨ ᠬᠡᠳᠦᠨ ᠦᠶ᠎ᠡ ᠶᠢᠨ ᠤᠷᠠᠯᠢᠭᠴᠢᠳ ᠤᠨ ᠴᠥᠬᠦᠷᠡᠰᠢ ᠦᠭᠡᠢ | ᠴᠢᠷᠮᠠᠶᠢᠯᠭ᠎ᠠ ᠪᠠᠷ ᠳᠠᠮᠵᠢᠨ᠂ ᠤᠶᠢᠷ᠎ᠠ ᠶᠢᠨ ᠬᠤᠶᠠᠷ ᠵᠢᠯ ᠳᠤ ᠣᠷᠣᠨ ᠤ ᠲᠣᠳᠣᠨ᠎ᠠ ᠭᠠᠳᠠᠨᠠᠬᠢ ᠡᠯ᠎ᠡ ᠲᠥᠷᠥᠯ ᠤᠨ | ᠢᠷᠠᠭᠤ ᠠᠯᠳᠠᠷ ᠢ ᠬᠦᠷᠳᠡᠵᠣ᠂ ᠡᠭᠦᠨ ᠳᠤ ᠤᠯᠠᠭᠠᠨᠮᠥ᠋ᠴᠢᠷ ᠤᠨ ᠭᠡᠰᠢᠭᠦᠳ ᠤᠨ ᠥᠪᠡᠷ ᠢᠶᠠᠨ ᠤᠲᠤᠷᠢᠳᠴᠤ | ᠥᠪᠡᠷ ᠢᠶᠠᠨ ᠲᠣᠭᠯᠠᠭᠰᠠᠨ ᠮᠣᠩᠭᠤᠯ ᠵᠦᠴᠦᠭᠡ ︽ᠠᠮᠢᠨ ᠵᠠᠶᠠᠭ᠎ᠠ︾ ᠨᠢ ᠠᠩᠬᠠᠳᠤᠭᠠᠷ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡᠨ ᠤ ᠰᠢ ᠵᠦᠴᠦᠭᠡ ᠶᠢᠨ ᠦᠵᠡᠭᠦᠯᠦᠯᠭᠡ ᠶᠢᠨ ᠬᠠᠮᠤᠭ ᠰᠢᠯᠢᠳᠡᠭ | ᠵᠦᠴᠦᠭᠡ ᠶᠢᠨ ᠭᠠᠷᠴᠠᠭ ᠤᠨ ᠱᠠᠩᠨᠠᠯ᠂ ᠬᠠᠮᠤᠭ ᠰᠢᠯᠢᠳᠡᠭ ᠬᠥᠭᠵᠢᠮ ᠤᠨ ᠱᠠᠩᠨᠠᠯ᠂ ᠲᠣᠭᠯᠠᠯᠲᠠ ᠶᠢᠨ ᠬᠤᠶᠠᠳᠤᠭᠠᠷ | ᠭᠤᠷᠪᠠᠳᠤᠭᠠᠷ ᠳᠡᠰ ᠤᠨ ᠱᠠᠩᠨᠠᠯ ᠢ ᠬᠦᠷᠳᠡᠵᠦ᠂ ᠤᠤᠭᠠᠯ ᠪᠦᠲᠦᠭᠡᠯ ︽ᠭᠡᠷ ᠪᠦᠯᠢ ᠶᠢᠨ ᠬᠤᠷᠠᠯ︾ ᠨᠢ ᠪᠦᠬᠦ | ᠣᠷᠣᠨ ᠤ ᠬᠤᠶᠠᠳᠤᠭᠠᠷ ᠬᠤᠭᠤᠴᠠᠭᠠᠨ ᠤ ᠮᠣᠩᠭᠤᠯ ᠬᠢᠲᠠᠳ ᠬᠡᠯᠡᠨ ᠤ ᠱᠤᠭ ᠵᠦᠴᠦᠭᠡ ᠶᠢᠨ ᠤᠷᠤᠯᠳᠤᠭᠠᠨ ᠤ | ᠰᠢᠯᠢᠳᠡᠭ ᠱᠠᠩᠨᠠᠯ ᠪᠠ ᠵᠦᠴᠦᠭᠡ ᠨᠠᠶᠢᠷᠠᠭᠤᠯᠣᠭᠰᠠᠨ ᠱᠠᠩᠨᠠᠯ ᠬᠦᠷᠳᠡᠵᠦ᠂ ᠬᠠᠮᠳᠣ ᠶᠢᠨ ᠪᠥᠵᠢᠭ ︽ᠲᠠᠯ᠎ᠠ | ᠨᠤᠲᠤᠭ ᠤᠨ ᠨᠠᠷᠭᠢᠯ ᠳᠠᠭᠤᠤ︾ ᠨᠢ ᠰᠢᠯᠢ ᠶᠢᠨ ᠭᠤᠤᠯ ᠠᠶᠢᠮᠠᠭ ᠤᠨ ᠪᠥᠵᠢᠭ ᠤᠨ ᠤᠷᠤᠯᠳᠤᠭᠠᠨ ᠤ ᠬᠠᠮᠳᠣ ᠶᠢᠨ | ᠪᠥᠵᠢᠭ ᠤᠨ ᠳᠤᠭᠤᠶᠢᠯᠠᠩ ᠤᠨ ᠲᠣᠭᠯᠠᠯᠲᠠ ᠶᠢᠨ ᠰᠢᠯᠢᠳᠡᠭ ᠱᠠᠩᠨᠠᠯ ᠢ ᠬᠦᠷᠳᠡᠵᠦ᠂ ᠭᠤᠴᠣᠯᠠᠯ ᠪᠥᠵᠢᠭ ︽ | ᠲᠣᠷᠠᠰᠣᠮᠵᠢ︾ ᠨᠢ ᠰᠢᠯᠢ ᠶᠢᠨ ᠭᠤᠤᠯ ᠠᠶᠢᠮᠠᠭ ᠤᠨ ᠪᠥᠵᠢᠭ ᠤᠨ ᠤᠷᠤᠯᠳᠤᠭᠠᠨ ᠤ ︽ᠰᠢᠯᠢᠳᠡᠭ ᠱᠠᠩᠨᠠᠯ︾ ᠢ | ᠬᠦᠷᠳᠡᠵᠦ᠂ ᠱᠤᠭ ᠵᠦᠴᠦᠭᠡ ︽ᠨᠤᠲᠤᠭ ᠤᠨ ᠥᠯᠢᠭᠡᠷ︾ ᠨᠢ ᠪᠥᠬᠦ ᠠᠶᠢᠮᠠᠭ ᠤᠨ ᠤᠯᠠᠭᠠᠨᠮᠥ᠋ᠴᠢᠷ ᠤᠨ ᠱᠤᠭ | ᠵᠦᠴᠦᠭᠡ ᠶᠢᠨ ᠤᠷᠤᠯᠳᠤᠭᠠᠨ ᠤ ᠭᠤᠷᠪᠠᠳᠤᠭᠠᠷ ᠳᠡᠰ ᠤᠨ ᠱᠠᠩᠨᠠᠯ ᠢ ᠬᠦᠷᠳᠡᠵᠦ᠂ ᠬᠤᠯᠪᠣᠭ᠎ᠠ ︽ᠲᠠᠯ᠎ᠠ | ᠨᠤᠲᠤᠭ ᠤᠨ ᠮᠠᠭᠲᠠᠭᠠᠯ︾ ᠨᠢ ᠪᠦᠬᠦ ᠣᠷᠣᠨ ᠤ ᠮᠣᠩᠭᠤᠯ ᠦᠵᠡᠭᠦᠯᠦᠯᠭᠡ ᠶᠢᠨ ᠰᠢᠯᠢᠳᠡᠭ ᠲᠣᠭᠯᠠᠯᠲᠠ ᠶᠢᠨ | ᠱᠠᠩᠨᠠᠯ ᠢ ᠬᠦᠷᠳᠡᠵᠦ᠂ ᠪᠥᠵᠢᠭ ︽ᠣᠪᠣᠭ᠎ᠠ︾ ᠨᠢ ᠠᠩᠬᠠᠳᠤᠭᠠᠷ ᠬᠤᠭᠤᠴᠠᠭᠠᠨ ᠤ ᠪᠦᠬᠦ ᠣᠷᠣᠨ ᠤ ᠰᠢᠨ᠎ᠡ | ᠬᠦᠮᠦᠨ ᠤ ᠰᠢᠨ᠎ᠡ ᠪᠦᠲᠦᠭᠡᠯ ᠤᠨ ᠤᠷᠤᠯᠳᠤᠭᠠᠨ ᠤ ᠭᠤᠷᠪᠠᠳᠤᠭᠠᠷ ᠳᠡᠰ ᠤᠨ ᠱᠠᠩᠨᠠᠯ ᠢ ᠬᠦᠷᠳᠡᠵᠦ᠂ ᠭᠡᠰᠢᠭᠦᠨ ᠪᠦᠦ | ᠯᠢᠩᠬᠸ᠎ᠠ ᠶᠢᠨ ᠵᠣᠬᠢᠶᠠᠨ ᠪᠦᠳᠦᠭᠡᠭᠰᠡᠨ ︽ᠡᠯᠢᠭᠡᠨ ᠰᠠᠳᠣᠨ ᠮᠢᠨᠢ ᠡᠷᠡᠬᠦᠯ ᠮᠡᠨᠳᠦ ᠤᠤ︖︾ ᠭᠡᠬᠦ ᠳᠠᠭᠤᠤ ᠨᠢ | ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠣᠶᠤᠨ ᠤ | ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ ᠢ ᠬᠦᠷᠳᠡᠵᠦ᠂ ᠭᠡᠰᠢᠭᠦᠨ | ᠪᠤᠶᠠᠨᠳᠠᠯᠠᠶ ᠶᠢᠨ ᠲᠠᠭᠤᠯᠠᠭᠰᠠᠨ ︽ᠣᠪᠣᠭ᠎ᠠ ᠮᠢᠨᠢ︾ ᠭᠡᠬᠦ ᠳᠠᠭᠤᠤ ᠨᠢ ᠪᠥᠬᠦ ᠣᠷᠣᠨ ᠤ ᠤᠯᠠᠭᠠᠨᠮᠥ᠋ᠴᠢᠷ ᠤᠨ ᠰᠢᠨ᠎ᠡ | ᠬᠦᠮᠦᠨ ᠤ ᠰᠢᠨ᠎ᠡ ᠪᠦᠲᠦᠭᠡᠯ ᠤᠨ ᠤᠷᠤᠯᠳᠤᠭᠠᠨ ᠳᠤ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ᠃ ᠰᠢᠯᠢ ᠶᠢᠨ | ᠬᠤᠲᠠ ᠶᠢᠨ ᠤᠯᠠᠭᠠᠨᠮᠥ᠋ᠴᠢᠷ ᠨᠢ ᠪᠥᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠳᠤ | ᠣᠷᠣᠯᠴᠠᠵᠤ ᠪᠦᠯᠬᠦᠮ ᠤᠨ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠪᠥᠵᠢᠭ ︽ᠮᠣᠩᠭᠤᠯ ᠮᠣᠷᠢ︾ ᠨᠢ ᠪᠦᠬᠦ | ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ ᠮᠡᠷᠭᠡᠵᠢᠯ ᠤᠨ ᠭᠤᠷᠪᠠᠳᠤᠭᠠᠷ ᠳᠡᠰ ᠤᠨ ᠱᠠᠩᠨᠠᠯ | ᠢ ᠬᠦᠷᠳᠡᠵᠦ᠂ ᠠᠷᠠᠳ ᠤᠨ ᠨᠠᠶᠢᠷᠠᠯ ᠬᠥᠭᠵᠢᠮ ︽ᠰᠡᠳᠬᠢᠯ ᠤᠨ ᠣᠶᠠᠩᠭ᠎ᠠ︾ ᠨᠢ ᠪᠦᠬᠦ ᠠᠶᠢᠮᠠᠭ ᠤᠨ | ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ ᠵᠣᠬᠢᠶᠠᠨ ᠪᠦᠳᠦᠭᠡᠯᠭᠡ ᠶᠢᠨ ᠭᠤᠷᠪᠠᠳᠤᠭᠠᠷ ᠳᠡᠰ ᠤᠨ ᠱᠠᠩᠨᠠᠯ | ᠢ ᠬᠦᠷᠳᠡᠵᠦ᠂ ︽ᠨᠠᠶᠢᠵᠠ ᠲᠠᠨ ᠢ ᠪᠠᠨ ᠤᠭᠲᠤᠶ᠎ᠠ︾ ᠭᠡᠬᠦ ᠳᠠᠭᠤᠤ ᠨᠢ ᠪᠥᠬᠦ ᠠᠶᠢᠮᠠᠭ ᠤᠨ ᠤᠯᠠᠭᠠᠨᠮᠥ᠋ᠴᠢᠷ ᠤᠨ | ᠬᠠᠮᠲᠤᠷᠠᠭᠰᠠᠨ ᠲᠣᠭᠯᠠᠯᠲᠠ ᠶᠢᠨ ᠭᠤᠷᠪᠠᠳᠤᠭᠠᠷ ᠳᠡᠰ ᠤᠨ ᠱᠠᠩᠨᠠᠯ ᠢ ᠬᠦᠷᠳᠡᠵᠦ᠂ ︽ᠲᠠᠭᠤᠣ ᠪᠠᠷ ᠵᠢᠷᠭᠠᠬᠤ ᠡᠬᠡ | ᠤᠯᠤᠰ︾ ᠭᠡᠬᠦ ᠳᠠᠭᠤᠤ ᠨᠢ ᠪᠥᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ ᠵᠤᠬᠢᠶᠠᠨ | ᠪᠦᠲᠦᠭᠡᠯᠭᠡ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠳᠡᠵᠦ᠂ ᠲᠠᠪᠰᠢᠯᠳᠣ᠂ ᠰᠢ ᠯᠦᠩ᠂ ᠬᠦᠣᠳᠠᠭᠤᠯ᠎ᠠ ᠪᠥᠬᠦ | ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠳᠤ ︽ᠨᠢᠭᠡ ᠮᠡᠷᠭᠡᠵᠢᠯ ᠳᠤ ᠮᠡᠷᠭᠡᠰᠢᠭᠰᠡᠨ ᠣᠯᠠᠨ | ᠴᠢᠳᠠᠪᠤᠷᠢ ᠲᠠᠢ ᠲᠣᠭᠯᠠᠭᠴᠢ︾ ᠭᠡᠬᠦ ᠱᠠᠩᠨᠠᠯ ᠬᠦᠷᠳᠡᠵᠦ᠂ ᠨᠠᠰᠤᠨᠪᠦ᠋ᠬᠡ ᠥᠪᠡᠷᠲᠡᠭᠡᠨ ᠵᠠᠰᠠᠬᠤ ᠣᠷᠣᠨ ᠤ | ᠨᠠᠢᠮᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠤᠨ ︽ᠨᠢᠭᠡ ᠮᠡᠷᠭᠡᠵᠢᠯ ᠳᠤ ᠮᠡᠷᠭᠡᠰᠢᠭᠰᠡᠨ | ᠣᠯᠠᠨ ᠴᠢᠳᠠᠪᠤᠷᠢ ᠲᠠᠢ ᠪᠠᠶᠢᠬᠤ︾ ᠤᠷᠤᠯᠳᠤᠭᠠᠨ ᠳᠤ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠰᠦᠬᠡᠪᠠᠶᠠᠷ | ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠤᠨ ︽ | ᠨᠢᠭᠡ ᠮᠡᠷᠭᠡᠵᠢᠯ ᠳᠤ ᠮᠡᠷᠭᠡᠰᠢᠭᠰᠡᠨ ᠣᠯᠠᠨ ᠴᠢᠳᠠᠪᠤᠷᠢ ᠲᠠᠢ ᠪᠠᠶᠢᠬᠤ ︾ ᠤᠷᠤᠯᠳᠤᠭᠠᠨ ᠳᠤ ᠭᠤᠷᠪᠠᠳᠤᠭᠠᠷ | ᠳᠡᠰ ᠤᠨ ᠱᠠᠩᠨᠠᠯ ᠭᠥᠷᠳᠡᠪᠡ᠃ ᠭᠡᠰᠢᠭᠦᠨ ᠪᠠᠶ ᠮᠧᠶ ᠯᠢᠩ ᠪᠥᠬᠦ ᠣᠷᠣᠨ ᠤ ᠲᠠᠯ᠎ᠠ ᠨᠤᠲᠤᠭ ᠤᠨ ᠠᠯᠲᠠᠨ ᠨᠠᠮᠤᠷ | ᠲᠠᠭᠤᠨ ᠤ ᠤᠷᠤᠯᠳᠤᠭᠠᠨ ᠳᠤ ᠣᠷᠣᠯᠴᠠᠵᠤ᠂ ︽ᠢᠷᠠᠭᠤ ᠬᠤᠭᠤᠯᠠᠢ ᠶᠢᠨ ᠳᠤᠭᠤᠶᠢᠯᠠᠩ ᠤᠨ ᠬᠤᠶᠠᠳᠤᠭᠠᠷ ᠳᠡᠰ ᠤᠨ | ᠱᠠᠩᠨᠠᠯ︾ ᠢ ᠬᠦᠷᠳᠡᠵᠦ᠂ ᠪᠤᠶᠠᠨᠳᠠᠯᠠᠢ ᠪᠥᠬᠦ ᠣᠷᠣᠨ ᠤ ᠲᠠᠯ᠎ᠠ ᠨᠤᠲᠤᠭ ᠤᠨ ᠠᠯᠲᠠᠨ ᠨᠠᠮᠤᠷ ᠲᠠᠭᠤᠨ ᠤ | ᠤᠷᠤᠯᠳᠤᠭᠠᠨ ᠳᠤ ᠣᠷᠣᠯᠴᠠᠵᠤ᠂ ᠤᠷᠤᠰᠬᠠᠯ ᠤᠨ ᠳᠤᠭᠤᠶᠢᠯᠠᠩ ᠤᠨ ︽ᠰᠢᠯᠢᠳᠡᠭ ᠱᠠᠩᠨᠠᠯ︾ ᠢ ᠭᠥᠷᠳᠡᠵᠦ᠂ | ᠰᠦᠬᠡᠪᠠᠶᠠᠷ ᠪᠥᠬᠦ ᠠᠶᠢᠮᠠᠭ ᠤᠨ ᠮᠣᠷᠢᠨ ᠬᠤᠭᠤᠷ ᠤᠨ ᠤᠷᠤᠯᠳᠤᠭᠠᠨ ᠳᠤ ᠬᠤᠶᠠᠳᠤᠭᠠᠷ ᠳᠡᠰ ᠤᠨ ᠱᠠᠩᠨᠠᠯ ᠢ | ᠭᠥᠷᠳᠡᠪᠡ᠃ | ᠰᠢᠯᠢ ᠶᠢᠨ ᠬᠤᠲᠠ ᠶᠢᠨ ᠤᠯᠠᠭᠠᠨᠮᠥ᠋ᠴᠢᠷ ᠨᠢ ᠣᠯᠠᠨ ᠢᠷᠠᠭᠤ ᠠᠯᠳᠠᠷ ᠬᠦᠷᠳᠡᠭᠰᠡᠨ ᠢᠶᠠᠷ ᠪᠠᠷᠠᠬᠤ ᠦᠭᠡᠢ | ᠪᠠᠰᠠ ᠨᠠᠮ ᠲᠥᠷᠥ ᠶᠢᠨ ᠤᠲᠤᠷᠢᠳᠤᠯᠭ᠎ᠠ ᠶᠢᠨ ᠲᠠᠭᠠᠰᠢᠶᠠᠯ ᠪᠠ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠂ | 2014 ᠣᠨ ᠳᠤ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠢᠷᠡᠵᠦ ᠰᠤᠲᠤᠯᠤᠨ ᠪᠠᠶᠢᠴᠠᠭᠠᠬᠤ | ᠦᠶᠡᠰ᠂ ᠪᠤᠯᠠᠭᠠᠨ ᠰᠣᠮᠣᠨ ᠤ ᠡᠪᠦᠯ ᠤᠨ ᠤᠯᠠᠷᠢᠯ ᠤᠨ ᠨᠠᠭᠠᠳᠤᠮ ᠤᠨ ᠬᠤᠷᠠᠯ ᠳᠤ ᠣᠷᠣᠯᠴᠠᠬᠤ ᠳᠠᠭᠠᠨ᠂ ᠰᠢᠯᠢ | ᠶᠢᠨ ᠬᠤᠲᠠ ᠶᠢᠨ ᠤᠯᠠᠭᠠᠨᠮᠥ᠋ᠴᠢᠷ ᠤᠨ ᠲᠣᠭᠯᠠᠯᠲᠠ ᠶᠢ ᠰᠣᠨᠢᠷᠬᠠᠨ ᠦᠵᠡᠵᠦ᠂ ᠳᠡᠭᠡᠳᠦ ᠬᠡᠮᠵᠢᠶ᠎ᠡ ᠪᠠᠷ ᠮᠠᠭᠲᠠᠨ | ᠰᠠᠶᠢᠰᠢᠶᠠᠭᠰᠠᠨ ᠪᠢᠯᠡ᠃ ᠡᠭᠦᠨ ᠠᠴᠠ ᠡᠮᠦᠨ᠎ᠡ᠂ 1988 ᠣᠨ ᠳᠤ ᠰᠢᠯᠢ ᠶᠢᠨ ᠬᠤᠳᠠ ᠶᠢᠨ ᠤᠯᠠᠭᠠᠨᠮᠥ᠋ᠴᠢᠷ ᠤᠨ | ᠭᠡᠰᠢᠭᠦᠨ ᠰᠠᠶᠢᠨᠰᠡᠴᠡᠨ ᠪᠡᠭᠡᠵᠢᠩ ᠤᠨ ᠰᠣᠶᠣᠯ ᠤᠨ ᠣᠷᠳᠣᠨ ᠳᠤ ᠲᠣᠭᠯᠠᠯᠲᠠ ᠭᠠᠷᠭᠠᠭᠰᠠᠨ ᠤ ᠲᠠᠷᠠᠭ᠎ᠠ᠂ | ᠤᠯᠠᠭᠠᠨᠬᠦᠦ ᠨᠦᠬᠦᠷ ᠤᠨ ᠲᠣᠳᠣᠨᠣᠰᠤᠭ ᠠᠭᠤᠯᠵᠠᠯᠳᠠ ᠶᠢ ᠬᠦᠯᠢᠶᠡᠪᠡ᠃ 1991 ᠣᠨ ᠳᠤ ᠮᠣᠩᠭᠤᠯ ᠤᠯᠤᠰ ᠲᠤ | ᠪᠣᠯᠣᠭᠰᠠᠨ ᠣᠯᠠᠨ ᠤᠯᠤᠰ ᠤᠨ ᠤᠷᠠᠯᠢᠭ ᠤᠨ ᠨᠠᠶᠢᠷ ᠤᠨ ᠲᠣᠭᠯᠠᠯᠲᠠ ᠳᠤ ᠣᠷᠣᠯᠴᠠᠭᠰᠠᠨ ᠤ ᠲᠠᠷᠠᠭ᠎ᠠ ᠮᠣᠩᠭᠤᠯ | ᠤᠯᠤᠰ ᠤᠨ ᠶᠡᠷᠦᠩᠬᠡᠶᠢᠯᠡᠭᠴᠢ ᠲᠠᠢ ᠰᠡᠭᠦᠳᠡᠷ ᠲᠠᠳᠠᠵᠣ ᠳᠤᠷᠠᠰᠬᠠᠯ ᠦᠯᠡᠳᠡᠭᠡᠪᠡ᠃ 2003 ᠣᠨ ᠳᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠬᠤ᠋ ᠶᠢᠨ ᠲᠤᠤ ᠦᠪᠦᠷ ᠮᠣᠩᠭᠤᠯ ᠳᠤ | ᠠᠵᠢᠯ ᠪᠠᠶᠢᠴᠠᠭᠠᠵᠣ ᠪᠠᠶᠢᠬᠤ ᠳᠤ ᠪᠠᠨ ᠰᠢᠯᠢ ᠶᠢᠨ ᠬᠤᠲᠠ ᠶᠢᠨ ᠤᠯᠠᠭᠠᠨᠮᠥ᠋ᠴᠢᠷ ᠤᠨ ᠲᠣᠭᠯᠠᠯᠲᠠ ᠶᠢ ᠰᠣᠨᠢᠷᠬᠠᠪᠠ᠃ | 2012 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠠᠩ ᠴᠦᠨ ᠰᠢᠯᠢ ᠶᠢᠨ ᠬᠤᠲᠠ ᠳᠤ ᠪᠠᠶᠢᠴᠠᠭᠠᠨ ᠰᠤᠳᠤᠯᠤᠯᠲᠠ | ᠬᠢᠵᠦ ᠠᠵᠢᠯ ᠵᠢᠭᠠᠨ ᠵᠢᠯᠤᠭᠤᠳᠴᠤ ᠪᠠᠶᠢᠬᠤ ᠲᠣᠮᠳᠠ ᠪᠠᠨ ᠪᠤᠯᠠᠭᠠᠨ ᠰᠤᠮᠤᠨ ᠤ ᠪᠠᠶᠠᠨᠳᠡᠯᠭᠡᠷ ᠭᠠᠴᠠᠭᠠᠨ ᠳᠤ | ᠤᠯᠠᠭᠠᠨᠮᠥ᠋ᠴᠢᠷ ᠤᠨ ᠲᠣᠭᠯᠠᠯᠲᠠ ᠰᠣᠨᠢᠷᠬᠠᠵᠠᠢ᠃ | ᠢᠷᠡᠭᠡᠳᠦᠢ ᠳᠤ ᠬᠠᠨᠳᠣᠬᠤ ᠳᠠᠭᠠᠨ᠂ ᠰᠢᠯᠢ ᠶᠢᠨ ᠬᠤᠲᠠ ᠶᠢᠨ ᠤᠯᠠᠭᠠᠨᠮᠥ᠋ᠴᠢᠷ ᠨᠢ ᠤᠭ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ | ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠳᠣᠭᠤᠰᠢᠯᠠᠭᠤᠯᠵᠣ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠤᠯᠠᠭᠠᠨᠮᠦ᠋ᠴᠢᠷ ᠤᠨ ᠲᠦᠷᠢᠮ ᠲᠠᠢ ᠤᠶᠠᠯᠳᠤᠭᠤᠯᠵᠤ᠂ ᠤᠯᠠᠭᠠᠨᠮᠥ᠋ᠴᠢᠷ ᠤᠨ ᠢᠷᠠᠭᠤ ᠠᠯᠲᠠᠷᠲᠤ ᠤᠯᠠᠮᠵᠢᠯᠠᠯ ᠢ | ᠪᠠᠳᠠᠷᠠᠭᠤᠯᠤᠨ᠂ ᠣᠯᠠᠨ ᠲᠦᠮᠡᠨ ᠤ ᠳᠤᠮᠳᠠ ᠬᠦᠨᠵᠡᠭᠡᠶᠢᠷᠡᠵᠦ᠂ ᠨᠡᠩ ᠣᠯᠠᠨ ᠣᠯᠠᠨ ᠲᠦᠮᠡᠨ ᠳᠤ | ᠲᠠᠭᠠᠰᠢᠶᠠᠭᠳᠠᠭᠰᠠᠨ ᠰᠢᠯᠢᠳᠡᠭ ᠪᠦᠲᠦᠭᠡᠯ ᠢ ᠴᠢᠷᠮᠠᠶᠢᠨ ᠪᠦᠳᠦᠭᠡᠵᠦ᠂ ᠨᠠᠮ ᠤᠨ ᠬᠠᠶᠢᠷ᠎ᠠ ᠬᠠᠯᠠᠮᠵᠢ ᠶᠢ ᠨᠡᠩ ᠰᠠᠶᠢᠨ | ᠲᠠᠮᠵᠢᠭᠤᠯᠵᠤ᠂ ᠥᠷᠭᠡᠨ ᠣᠯᠠᠨ ᠲᠦᠮᠡᠨ ᠳᠤ ᠰᠣᠶᠣᠯ ᠮᠡᠳᠡᠯᠭᠡ ᠪᠠ ᠦᠢᠯᠡᠴᠢᠯᠡᠭᠡ ᠬᠠᠩᠭᠠᠵᠤ᠂ ᠥᠨᠢ ᠡᠭᠦᠷᠢᠳᠡ | ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠣᠨᠠᠮ᠃ |