ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠭᠦᠨᠵᠡᠭᠡᠶᠢᠷᠡᠭᠦᠯᠦᠨ᠂ ︽ᠮᠠᠯ ᠲᠠᠷᠢᠶᠠᠯᠠᠩ | ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠦᠨᠡᠨ ᠬᠦ ᠰᠠᠶᠢᠲᠤᠷ ᠬᠢᠵᠦ᠂ ᠤᠯᠤᠰ ᠤᠨ | ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ᠂ | ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠸᠢᠳᠢᠤ᠋ ᠪᠣᠯᠪᠠᠰᠤᠷᠠᠯ ᠤᠨ ᠠᠷᠭ᠎ᠠ ᠭᠡᠯᠪᠡᠷᠢ ᠪᠠᠷ ᠪᠥᠬᠦ ᠠᠶᠢᠮᠠᠭ ᠤᠨ | ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢᠨ ᠪᠣᠯᠪᠠᠰᠤᠷᠠᠯ ᠡᠷᠭᠢᠯᠡᠪᠡ᠃ | ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ | ᠡᠷᠭᠢᠯᠡᠭᠰᠡᠨ ᠪᠦᠭᠡᠳ ᠶᠠᠷᠢᠶ᠎ᠠ ᠲᠠᠯᠪᠢᠵᠤ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ | ᠭᠤᠣᠯ ᠬᠠᠷᠢᠭᠤᠴᠠᠯᠭᠠᠲᠠᠨ ᠨᠥᠬᠦᠳ ᠮᠢᠬᠠᠨ ᠤ ᠦᠬᠡᠷ᠂ ᠮᠢᠬᠠᠨ ᠤ ᠬᠤᠨᠢ᠂ ᠰᠠᠭᠠᠯᠢ ᠶᠢᠨ ᠦᠢᠯᠡᠰ᠂ ᠳᠡᠵᠢᠭᠡᠯ | ᠡᠪᠡᠰᠦ᠂ ᠮᠠᠯ ᠡᠮᠨᠡᠯᠭᠡ᠂ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠲᠠᠷᠢᠶᠠᠯᠠᠩ ᠮᠠᠯ ᠠᠵᠤ ᠠᠬᠤᠢ ᠶᠢᠨ | ᠬᠦᠷᠢᠶᠡᠨ ᠳᠠᠬᠢ 6 ᠲᠠᠯ᠎ᠠ ᠶᠢᠨ 8 ᠵᠦᠢᠯ ᠤᠨ ᠭᠤᠣᠯᠳᠠᠯᠭ᠎ᠠ ᠲᠠᠢ ᠲᠥᠷᠥ ᠶᠢᠨ ᠪᠣᠳᠣᠯᠭ᠎ᠠ ᠳᠤ ᠪᠥᠬᠦ ᠲᠠᠯ᠎ᠠ ᠪᠠᠷ | ᠭᠦᠨᠵᠡᠭᠡᠢ ᠲᠠᠶᠢᠯᠤᠮᠵᠢ ᠲᠣᠳᠣᠷᠬᠠᠶᠢᠯᠠᠯᠲᠠ ᠬᠢᠪᠡ᠃ ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠤ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ | ᠪᠠᠶᠢᠭ᠎ᠠ ᠤᠳᠤᠷᠢᠳᠤᠯᠭ᠎ᠠ᠂ ᠠᠶᠢᠮᠠᠭ᠂ ᠬᠤᠰᠢᠭᠤ ᠰᠢᠶᠠᠨ ᠬᠤᠲᠠ ︵ᠤᠷᠤᠨ︶ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠪᠣᠯᠪᠠᠰᠤᠷᠠᠯ ᠳᠤ ᠤᠷᠤᠯᠴᠠᠪᠠ᠃ | ᠣᠶᠢᠷ᠎ᠠ ᠶᠢᠨ ᠵᠢᠯ ᠠᠴᠠ᠂ ᠰᠢᠯᠢ ᠶᠢᠨ ᠭᠤᠤᠯ ᠠᠶᠢᠮᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠭᠤᠣᠯ ᠰᠢᠵᠢᠮ ᠢ | ᠪᠠᠲᠤ ᠡᠵᠡᠮᠳᠡᠵᠦ᠂ ᠲᠠᠷᠢᠶᠠᠯᠠᠩ ᠮᠠᠯ ᠠᠵᠦ ᠠᠬᠤᠢ ᠲᠠᠷᠢᠶᠠᠯᠠᠬᠤ ᠮᠠᠯᠵᠢᠬᠤ ᠣᠷᠣᠨ ᠢ ᠤᠷᠢᠳ ᠢᠶᠠᠷ ᠬᠥᠭᠵᠢᠭᠦᠯᠬᠦ ᠶᠢ | ᠪᠠᠷᠢᠮᠲᠠᠯᠠᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠡᠭᠡᠷ᠎ᠡ ᠠᠩᠬᠠᠷᠤᠯ ᠢᠶᠠᠨ ᠲᠦᠪᠯᠡᠷᠡᠭᠦᠯᠵᠦ᠂ | ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ︽ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠭᠠᠷᠤᠯᠳᠠ ᠶᠢ | ᠨᠡᠮᠡᠭᠳᠡᠭᠦᠯᠬᠦ︾ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠳᠤᠲᠠᠭᠤᠳᠠᠯ ᠢ ᠨᠥᠬᠦᠪᠦᠷᠢᠯᠡᠬᠦ᠂ | ᠳᠠᠪᠠᠭᠤᠯᠢᠭ ᠢ ᠪᠠᠳᠠᠷᠠᠭᠤᠯᠬᠤ᠂ ᠬᠡᠯᠬᠢᠶ᠎ᠡ ᠶᠢ ᠴᠢᠩᠭᠠᠳᠬᠠᠬᠤ ᠳᠡᠭᠡᠷ᠎ᠡ ᠬᠦᠴᠦᠯᠡᠵᠦ᠂ ᠪᠣᠳᠠᠲᠠᠢ ᠲᠠᠢ ᠪᠠᠨ | ᠤᠶᠠᠯᠳᠤᠭᠤᠯᠤᠨ ︽ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠬᠥᠭᠵᠢᠯᠲᠡ ᠶᠢ ᠲᠡᠮᠵᠢᠭᠦ ᠠᠷᠭ᠎ᠠ︾ ᠶᠢ | ᠵᠠᠯᠭᠠᠭ᠎ᠠ ᠪᠠᠷ ᠲᠣᠭᠲᠠᠭᠠᠨ ᠨᠡᠶᠢᠲᠡᠯᠡᠵᠦ᠂ ᠭᠤᠤᠯᠳᠠᠯᠭᠠᠳᠥ ᠡᠭᠦᠯᠳᠡᠷ ᠪᠤᠶᠢᠵᠢᠭᠤᠯᠬᠤ ᠲᠠᠯᠠᠪᠠᠶ ᠶᠢᠨ ᠪᠦᠲᠦᠭᠡᠨ | ᠪᠠᠶᠢᠭᠤᠯᠤᠯᠲᠠ᠂ ᠮᠢᠬᠠᠨ ᠤ ᠦᠬᠡᠷ ᠤᠨ ᠢᠴᠡᠭᠡᠯ ᠦᠷ᠎ᠠ ᠶᠢᠨ ᠭᠡᠭᠡᠯᠳᠦᠭᠦᠯᠭᠡ᠂ ᠬᠦᠪᠦᠷᠡᠯ ᠰᠢᠯᠵᠢᠭᠦᠯᠬᠦ ᠵᠡᠷᠭᠡ | ᠲᠠᠯ᠎ᠠ ᠪᠠᠷ ᠲᠡᠮᠵᠢᠭᠦ ᠡᠷᠴᠢᠮ ᠢᠶᠠᠨ ᠴᠢᠩᠭᠠᠷᠠᠭᠤᠯᠪᠠ︔ ︽ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠵᠢᠴᠢ | ᠬᠠᠭᠠᠰ ᠮᠠᠯᠵᠢᠬᠤ ᠬᠠᠭᠠᠰ ᠲᠠᠷᠢᠶᠠᠯᠠᠬᠤ ᠣᠷᠣᠨ ᠳᠤ ᠮᠢᠬᠠᠨ ᠤ ᠦᠬᠡᠷ ᠢ ᠬᠡᠪᠴᠢᠶᠡᠵᠢᠭᠦᠯᠦᠨ ᠬᠠᠰᠢᠶᠠᠯᠠᠵᠦ ᠲᠡᠵᠢᠭᠡᠨ | ᠦᠷᠡᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠲᠤᠬᠳᠠᠭᠠᠨ | ᠨᠡᠶᠢᠳᠡᠯᠡᠵᠦ᠂ ᠭᠤᠤᠯᠳᠠᠭᠤ ᠮᠠᠯ ᠤᠨ ᠫᠸᠡᠭ ᠤᠨ ᠪᠦᠲᠦᠭᠡᠨ ᠪᠠᠶᠢᠭᠤᠯᠤᠯᠲᠠ᠂ ᠳᠡᠵᠢᠭᠡᠯ ᠡᠪᠡᠰᠦ ᠳᠠᠷᠢᠬᠤ᠂ | ᠬᠤᠷᠢᠶᠠᠨ ᠨᠦᠭᠡᠴᠡᠯᠡᠵᠤ ᠡᠳ᠋ᠰᠢᠭᠦᠯᠦᠨ ᠪᠤᠯᠪᠠᠰᠤᠷᠠᠭᠤᠯᠬᠤ ᠪᠠ ᠨᠡᠭᠡᠭᠡᠨ ᠬᠥᠭᠵᠢᠭᠦᠯᠬᠦ ᠲᠠᠯ᠎ᠠ ᠪᠠᠷ ᠳᠡᠮᠵᠢᠪᠡ︔ ︽ | ᠮᠢᠬᠠᠨ ᠤ ᠦᠬᠡᠷ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠲᠤᠬᠳᠠᠭᠠᠨ ᠨᠡᠶᠢᠳᠡᠯᠡᠵᠦ᠂ ᠭᠤᠣᠯᠳᠠᠭᠤ | ᠡᠷᠦᠬᠡ ᠳᠤ ᠦᠷᠡᠵᠢᠭᠦᠯᠵᠦ ᠠᠵᠤ ᠠᠬᠤᠶᠢᠯᠠᠯ ᠳᠤ ᠪᠤᠷᠳᠤᠨ ᠳᠠᠷᠭᠤᠯᠠᠭᠤᠯᠬᠤ᠂ ᠨᠠᠷᠢᠯᠢᠭ ᠡᠳ᠋ᠰᠢᠭᠦᠯᠦᠨ | ᠪᠤᠯᠪᠠᠰᠤᠷᠠᠭᠤᠯᠬᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡᠨ ᠤ ᠪᠦᠳᠦᠭᠡᠭᠳᠡᠭᠦᠨ ᠪᠠ | ᠠᠷᠠᠯᠵᠢᠶᠠᠴᠢᠨ ᠤᠷᠢᠵᠤ ᠪᠡᠯᠡ ᠲᠠᠳᠠᠬᠤ ᠵᠡᠷᠭᠡ ᠲᠠᠯ᠎ᠠ ᠪᠠᠷ ᠲᠡᠮᠵᠢᠪᠡ︔ ︽ᠪᠤᠷᠳᠤᠨ ᠳᠡᠵᠢᠭᠡᠬᠦ ᠬᠤᠨᠢᠨ ᠤ ᠠᠵᠤ | ᠦᠢᠯᠡᠰ ᠤᠨ ᠬᠥᠭᠵᠢᠯᠲᠡ ᠶᠢ ᠲᠡᠮᠵᠢᠭᠦ ᠠᠷᠭ᠎ᠠ ᠬᠡᠮᠵᠢᠶ᠎ᠡ ᠨᠦᠭᠦᠳ︾ ᠢ ᠲᠤᠬᠳᠠᠭᠠᠨ ᠨᠡᠶᠢᠳᠡᠯᠡᠵᠦ᠂ ᠭᠤᠤᠯᠳᠠᠭᠤ | ᠪᠤᠷᠳᠤᠨ ᠳᠡᠵᠢᠭᠡᠬᠦ ᠬᠤᠨᠢ ᠶᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ | ᠲᠠᠯ᠎ᠠ ᠪᠠᠷ ᠲᠡᠮᠵᠢᠭᠦ ᠡᠷᠴᠢᠮ ᠢᠶᠠᠨ ᠴᠢᠩᠭᠠᠷᠠᠭᠤᠯᠵᠤ᠂ ᠪᠥᠬᠦ ᠠᠵᠤ ᠦᠢᠯᠡᠰ ᠤᠨ ᠬᠡᠯᠬᠢᠶᠡᠵᠢᠯ ᠤᠨ ᠪᠢᠲᠡᠭᠦᠮᠵᠢᠯᠡᠭᠰᠡᠨ | ᠡᠵᠡᠩᠨᠡᠯᠲᠡ ᠶᠢᠨ ᠵᠠᠭᠪᠤᠷ ᠢ ᠳᠡᠯᠭᠡᠷᠡᠭᠦᠯᠦᠨ᠂ ᠳᠥᠷᠪᠡᠨ ᠤᠯᠠᠷᠢᠯ ᠳᠤ ᠵᠠᠷᠤᠴᠠᠭᠤᠯᠬᠤ᠂ ᠪᠥᠬᠦ ᠵᠢᠯ ᠳᠤ ᠡᠳ᠋ᠰᠢᠭᠦᠯᠦᠨ | ᠪᠤᠯᠪᠠᠰᠤᠷᠠᠭᠤᠯᠬᠤ ᠶᠢ ᠪᠡᠶᠡᠯᠡᠭᠦᠯᠤᠨ᠎ᠠ︔ ︽ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ | ᠢ ᠲᠤᠬᠳᠠᠭᠠᠨ ᠨᠡᠶᠢᠳᠡᠯᠡᠵᠦ᠂ ᠤᠯᠤᠰ ᠤᠨ ᠳᠣᠲᠣᠭᠠᠳᠤ ᠶᠢᠨ ᠰᠠᠭᠠᠯᠢ ᠶᠢᠨ ᠦᠨᠢᠶ᠎ᠡ ᠶᠢ ᠣᠷᠣᠭᠤᠯᠬᠤ᠂ ᠡᠪᠡᠰᠦ | ᠪᠣᠷᠳᠤᠭ᠎ᠠ ᠬᠤᠷᠢᠶᠠᠨ ᠨᠦᠭᠡᠴᠡᠯᠡᠭᠦ᠂ ᠰᠦ ᠰᠠᠭᠠᠬᠤ ᠥᠷᠲᠡᠭᠡ ᠡᠷᠭᠢᠯᠡᠭᠦ᠂ ᠭᠠᠷ ᠦᠢᠯᠡᠳᠬᠡᠯ ᠤᠨ ᠭᠠᠵᠠᠷ ᠢ ᠲᠠᠰ | ᠳᠡᠪᠰᠢᠭᠦᠯᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠲᠡᠮᠵᠢᠨ᠎ᠠ︔ ︽ᠲᠡᠵᠢᠭᠡᠯ ᠡᠪᠡᠰᠤ ᠪᠣᠷᠳᠣᠭᠠᠨ ᠤ ᠦᠨ᠎ᠡ ᠶᠢ | ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠨᠦᠭᠦᠳ︾ ᠢ ᠲᠤᠬᠳᠠᠭᠠᠨ ᠨᠡᠶᠢᠳᠡᠯᠡᠵᠦ᠂ ᠲᠡᠵᠢᠭᠡᠯ ᠡᠪᠡᠰᠤ | ᠪᠣᠷᠳᠣᠭᠠᠨ ᠤ ᠦᠨ᠎ᠡ ᠬᠠᠩᠰᠢ ᠦᠨᠳᠦᠷ ᠪᠠᠶᠢᠵᠦ᠂ ᠮᠠᠯᠴᠢᠨ ᠲᠠᠷᠢᠶᠠᠴᠢᠨ ᠤ ᠲᠡᠵᠢᠭᠡᠨ ᠦᠷᠡᠵᠢᠭᠦᠯᠬᠦ ᠥᠪᠡᠷ ᠤᠨ | ᠥᠷᠲᠡᠭ ᠦᠷᠭᠦᠯᠵᠢᠯᠡᠨ ᠥᠰᠴᠦ ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠰᠶᠢᠳᠪᠦᠷᠢᠯᠡᠨ᠎ᠠ︔ ︽ᠮᠠᠯᠵᠢᠬᠤ | ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠰᠢᠯᠭᠠᠨ ᠬᠢᠨᠠᠬᠤ ᠠᠷᠭ᠎ᠠ︾ ᠶᠢ ᠲᠤᠬᠳᠠᠭᠠᠨ | ᠨᠡᠶᠢᠳᠡᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠲᠤᠰᠬᠠᠶᠢᠵᠢᠯᠲᠠ᠂ | ᠪᠠᠷᠢᠮᠵᠢᠶᠠᠵᠢᠯᠲᠠ᠂ ᠡᠷᠴᠢᠮᠵᠢᠯᠲᠡ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠡᠷᠦᠭᠡ ᠶᠢ ᠬᠠᠪᠰᠤᠷᠤᠨ ᠭᠠᠭᠴᠠ | ᠡᠷᠦᠭᠡ ᠪᠠᠷ ᠢᠶᠠᠨ ᠬᠢᠵᠦ ᠳᠡᠶᠢᠯᠬᠦ ᠦᠭᠡᠢ᠂ ᠰᠠᠶᠢᠨ ᠬᠢᠵᠦ ᠳᠡᠶᠢᠯᠬᠦ ᠦᠭᠡᠢ᠂ ᠬᠢᠭᠡᠳ ᠠᠰᠢᠬ ᠬᠦᠷᠳᠡᠬᠦ ᠦᠭᠡᠢ | ᠶᠠᠪᠤᠳᠠᠯ ᠢ ᠰᠶᠢᠳᠪᠦᠷᠢᠯᠡᠨ᠎ᠠ︔ ︽ᠮᠠᠯ ᠡᠮᠨᠡᠯᠭᠡ ᠶᠢᠨ ᠦᠨ᠎ᠠ ᠲᠥᠯᠥᠪᠦᠷᠢ ᠲᠠᠢ ᠨᠡᠶᠢᠭᠡᠮᠴᠢᠯᠡᠭᠰᠡᠨ ᠦᠢᠯᠡᠴᠢᠯᠡᠭᠡᠨ ᠤ | ᠰᠦᠢᠳᠬᠡᠯ ᠬᠤᠷᠢᠶᠠᠬᠤ ᠲᠥᠷᠥᠯ ᠵᠦᠢᠯ ᠪᠠ ᠰᠠᠨᠠᠭᠤᠯᠭ᠎ᠠ ᠶᠢᠨ ᠦᠨ᠎ᠡ ︵ᠲᠤᠷᠰᠢᠨ ᠬᠡᠷᠡᠭᠵᠢᠭᠦᠯᠬᠦ︶︾ ᠶᠢ | ᠲᠤᠬᠳᠠᠭᠠᠨ ᠨᠡᠶᠢᠳᠡᠯᠡᠵᠦ᠂ ᠮᠠᠯ ᠡᠮᠨᠡᠬᠦ ᠰᠦᠢᠳᠬᠡᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠮᠠᠯᠴᠢᠨ | ᠲᠠᠷᠢᠶᠠᠴᠢᠨ ᠤ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠤᠨ᠂ ᠮᠠᠯ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠪᠠᠲᠤᠯᠠᠬᠤ ᠪᠤᠯᠤᠨ᠎ᠠ᠃ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠠ ᠳᠤ 2024 ᠣᠨ ᠳᠤ 4.95 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ | ᠡᠭᠦᠨ ᠳᠤ ᠠᠶᠢᠮᠠᠭ ᠤᠨ ᠲᠣᠰ ᠱᠠᠲᠤᠨ ᠤ ᠪᠡᠯᠡ ᠮᠥᠩᠭᠦ 1.6 ᠳ᠋ᠦᠩᠰᠢᠭᠤᠷ ᠲᠥᠭᠦᠷᠢᠭ ᠤᠷᠤᠭᠤᠯᠤᠨ᠎ᠠ᠃ | ᠠᠯᠢ ᠤᠯᠠᠨ ᠪᠤᠳᠠᠳᠠᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠮᠢᠬᠠᠨ ᠤ ᠦᠬᠡᠷ᠂ | ᠮᠢᠬᠠᠨ ᠤ ᠬᠤᠨᠢ᠂ ᠴᠠᠭᠠᠨ ᠢᠳᠡᠭᠡ ᠵᠡᠷᠭᠡ ᠳᠠᠪᠠᠭᠤᠯᠢᠭ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ | ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠲᠡᠵᠢᠭᠡᠯ ᠡᠪᠡᠰᠤ | ᠪᠣᠷᠳᠤᠭ᠎ᠠ ᠶᠢᠨ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ᠂ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ᠂ ᠠᠮᠢ | ᠠᠬᠤᠢ ᠶᠢ ᠤᠷᠢᠳ ᠢᠶᠠᠷ ᠪᠤᠳᠤᠯᠭᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠤᠳᠤ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠲᠠᠯ᠎ᠠ ᠪᠠᠷ | ᠰᠢᠯᠢ ᠶᠢᠨ ᠭᠤᠣᠯ ᠠᠶᠢᠮᠠᠭ ᠤᠨ ᠣᠨᠴᠠᠯᠢᠬᠳᠦ ᠰᠢᠨ᠎ᠡ ᠵᠠᠮ ᠢ ᠨᠡᠭᠡᠭᠡᠵᠡᠢ᠃ | ᠰᠠᠶᠢᠨ ᠲᠥᠷᠥ ᠶᠢᠨ ᠪᠣᠳᠣᠯᠭ᠎ᠠ ᠨᠢ ᠰᠠᠶᠢᠨ ᠦᠷ᠎ᠡ ᠨᠥᠯᠥᠭᠡ ᠶᠢ ᠪᠣᠶ ᠪᠣᠯᠭᠠᠵᠤ᠂ ᠰᠠᠶᠢᠨ ᠶᠠᠰᠤ ᠴᠢᠨᠠᠷ ᠨᠢ | ᠰᠠᠶᠢᠨ ᠨᠠᠷᠠᠲᠤ ᠲᠡᠮᠳᠡᠭ ᠢ ᠡᠭᠦᠳᠦᠨ᠎ᠠ᠃ ᠰᠢᠯᠢ ᠶᠢᠨ ᠭᠤᠤᠯ ᠠᠶᠢᠮᠠᠭ ᠲᠤ ᠤᠷᠢᠳ ᠬᠤᠵᠢᠳ ᠳᠤᠮᠳᠠᠳᠤ | ᠤᠯᠤᠰ ᠤᠨ ᠤᠯᠠᠭᠠᠨ ᠢᠳᠡᠭᠡᠨ ᠤ ᠨᠡᠶᠢᠭᠡᠮᠯᠢᠭ ᠠᠴᠠ ︽ᠳᠤᠮᠳᠠᠳᠤ ᠤᠯᠤᠰ ᠤᠨ ᠠᠮᠢ ᠠᠬᠤᠢ ᠶᠢᠨ ᠬᠤᠨᠢᠨ ᠤ | ᠳᠦᠪ︾ ᠤᠨ ᠴᠣᠯᠠ ᠣᠯᠭᠤᠵᠤ᠂ ᠤᠯᠤᠰ ᠤᠨ ᠵᠢᠰᠦᠨ ᠶᠠᠮᠤᠨ ᠵᠦᠪᠯᠡᠯ ᠠᠴᠠ ︽ᠰᠢᠯᠢ ᠶᠢᠨ ᠭᠤᠣᠯ ᠤᠨ ᠲᠠᠯ᠎ᠠ | ᠨᠤᠲᠤᠭ ᠤᠨ ᠮᠢᠬᠠᠨ ᠤ ᠬᠤᠨᠢᠨ ᠤ ᠳᠤᠮᠳᠠᠳᠤ ᠤᠯᠤᠰ ᠤᠨ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ | ᠳᠠᠪᠠᠭᠤᠯᠢᠭ ᠣᠷᠣᠨ︾ ᠢᠶᠠᠷ ᠦᠨᠡᠯᠡᠵᠦ᠂ ︽ᠰᠢᠯᠢ ᠶᠢᠨ ᠭᠤᠣᠯ ᠤᠨ ᠬᠤᠨᠢᠨ ᠮᠢᠬ᠎ᠠ︾ ᠲᠦᠷᠦᠭᠦᠦ ᠪᠦᠯᠦᠭ ᠤᠨ | ᠳᠤᠮᠳᠠᠳᠤ ᠤᠯᠤᠰ ᠤᠨ ᠵᠠᠭᠤᠨ ᠬᠦᠴᠦᠷᠬᠡᠭ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠡᠷᠡᠲᠦ ᠲᠡᠮᠳᠡᠭ ᠢᠶᠠᠷ ᠰᠣᠩᠭᠤᠭᠳᠠᠵᠤ᠂ ︽ᠰᠢᠯᠢ ᠶᠢᠨ ᠭᠤᠣᠯ ᠬᠤᠨᠢ︾ ᠶᠢᠨ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠨᠢ ᠭᠦᠳᠡᠭᠡ ᠠᠵᠦ ᠠᠬᠤᠢ ᠬᠥᠳᠡᠭᠡ ᠲᠣᠰᠬᠤᠨ ᠤ ᠶᠠᠮᠤᠨ ᠤ ︽ | ᠬᠦᠳᠡᠭᠡ ᠠᠵᠦ ᠠᠬᠤᠢ ᠶᠢᠨ ᠨᠠᠷᠠᠲᠤ ᠲᠡᠮᠳᠡᠭ ᠤᠨ ᠰᠢᠨ᠎ᠡ ᠶᠢ ᠡᠭᠦᠳᠦᠨ ᠬᠥᠭᠵᠢᠭᠰᠡᠨ ᠨᠡᠶᠢᠲᠡᠯᠢᠭ ᠬᠡᠷᠡᠭ ᠤᠨ | ᠵᠢᠱᠢᠶ᠎ᠡ︾ ᠪᠠ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ︽ᠪᠥᠬᠦ | ᠤᠯᠤᠰ ᠤᠨ ᠲᠠᠸᠠᠷ ᠤᠨ ᠲᠡᠮᠳᠡᠭ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠰᠢᠯᠢᠳᠡᠭ ᠬᠡᠷᠡᠭ ᠤᠨ ᠵᠢᠱᠢᠶ᠎ᠡ︾ ᠳᠤ | ᠰᠤᠩᠭᠤᠬᠳᠠᠵᠦ᠂ ︽ᠰᠢᠯᠢ ᠶᠢᠨ ᠭᠤᠣᠯ ᠤᠨ ᠦᠬᠡᠷ ᠤᠨ ᠮᠢᠬ᠎ᠠ︾ ᠤᠯᠤᠰ ᠤᠨ ᠭᠠᠵᠠᠷ ᠵᠦᠢ ᠶᠢᠨ ᠢᠯᠡᠳᠭᠡᠮᠵᠢᠳᠦ | ᠲᠠᠸᠠᠷ ᠤᠨ ᠲᠡᠮᠳᠡᠭ ᠢ ᠭᠥᠷᠳᠡᠵᠦ᠂ ︽ᠰᠢᠯᠢ ᠶᠢᠨ ᠭᠤᠣᠯ ᠴᠠᠭᠠᠨ ᠢᠳᠡᠭᠡ︾ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠭᠠᠵᠠᠷ ᠵᠦᠢ ᠶᠢᠨ ᠢᠯᠡᠳᠭᠡᠮᠵᠢᠳᠦ ᠳᠠᠩᠰᠠᠯᠠᠯᠲᠠ ᠪᠠ ᠭᠠᠵᠠᠷ ᠵᠦᠢ ᠶᠢᠨ ᠢᠯᠡᠳᠭᠡᠮᠵᠢᠳᠦ | ᠲᠠᠸᠠᠷ ᠤᠨ ᠲᠡᠮᠳᠡᠭ ᠢᠶᠠᠷ ᠲᠠᠩᠰᠠᠯᠠᠬᠳᠠᠵᠦ᠂ ︽ᠬᠤᠸᠠᠰᠢ ᠦᠭᠡᠷ︾ ᠰᠢᠨ᠎ᠡ ᠡᠭᠦᠯᠳᠡᠷ ᠢᠶᠠᠷ ᠨᠡᠷᠡᠶᠢᠳᠦᠭᠳᠡᠭᠰᠡᠨ | ᠪᠥᠭᠡᠳ ᠠᠯᠪᠠᠨ ᠶᠣᠰᠣᠭᠠᠷ ᠵᠠᠷᠯᠠᠨ ᠨᠡᠶᠢᠲᠡᠯᠡᠭᠳᠡᠵᠦ᠂ 22 ᠰᠢᠯᠢᠳᠡᠭ ᠣᠨᠴᠠᠯᠢᠭᠲᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ︽ᠪᠥᠬᠦ ᠤᠯᠤᠰ ᠤᠨ ᠨᠠᠷᠠᠲᠤ ᠣᠨᠴᠠᠯᠢᠬᠳᠦ ᠰᠢᠯᠢᠳᠡᠭ ᠰᠢᠨ᠎ᠡ ᠭᠠᠷᠴᠠᠭ︾ ᠲᠤ | ᠵᠢᠬᠰᠠᠭᠠᠬᠳᠠᠵᠦ᠂ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠠᠩᠬ᠎ᠠ ᠠᠯᠬᠤᠮ ᠢᠯᠡᠷᠡᠪᠡ᠃ | 2023 ᠣᠨ ᠤ ᠮᠠᠯᠵᠢᠯ ᠤᠨ ᠤᠨ ᠳᠤ᠂ ᠪᠥᠬᠦ ᠠᠶᠢᠮᠠᠭ ᠤᠨ ᠦᠬᠡᠷ ᠤᠨ ᠲᠤᠭ᠎ᠠ 220 ᠲᠦᠮᠡ ᠳᠤ | ᠬᠦᠷᠴᠦ᠂ ᠬᠤᠨᠢᠨ ᠤ ᠲᠤᠭ᠎ᠠ 1100 ᠲᠦᠮᠡ ᠳᠤ ᠬᠦᠷᠴᠦ᠂ ᠪᠥᠬᠦ ᠵᠢᠯ ᠳᠤ 815 ᠲᠦᠮᠡᠨ ᠮᠠᠯ | ᠵᠠᠷᠤᠴᠠᠭᠤᠯᠵᠦ᠂ ᠤᠯᠠᠭᠠᠨ ᠢᠳᠡᠭᠡᠨ ᠤ ᠭᠠᠷᠤᠯᠲᠠ 32 ᠲᠦᠮᠡᠨ ᠲᠣᠨ ᠳᠤ ᠬᠦᠷᠴᠦ᠂ ᠰᠦ ᠶᠢᠨ ᠭᠠᠷᠤᠯᠲᠠ 60 | ᠲᠦᠮᠡᠨ ᠲᠣᠨ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠲᠤᠯᠤᠭᠠᠶᠢᠯᠠᠭᠴᠢ ᠠᠵᠤ | ᠠᠬᠤᠶᠢᠯᠠᠯ 72 ᠪᠣᠯᠵᠤ᠂ ᠦᠬᠡᠷ ᠬᠤᠨᠢᠨ ᠮᠢᠬ᠎ᠠ᠂ ᠴᠠᠭᠠᠨ ᠢᠳᠡᠭᠡᠨ ᠤ ᠳᠠᠪᠠᠭᠤᠯᠢᠭ ᠪᠠᠶᠢᠷᠢ ᠰᠠᠭᠤᠷᠢ ᠤᠯᠠᠮ | ᠨᠢᠭᠡ ᠠᠯᠬᠤᠮ ᠪᠠᠬᠢᠵᠢᠪᠡ᠃ 3000 ᠲᠦᠮᠡᠨ ᠮᠦ ᠪᠠᠶᠢᠭᠠᠯᠢᠯᠢᠭ ᠬᠠᠳᠤᠯᠠᠩ ᠤᠨ ᠳᠠᠯᠠᠪᠠᠢ᠂ 80 ᠲᠦᠮᠡᠨ ᠮᠦ | ᠥᠨᠳᠥᠷ ᠤᠨᠠᠯᠲᠠᠳᠦ ᠡᠪᠡᠰᠦ ᠪᠣᠷᠳᠤᠭ᠎ᠠ ᠶᠢᠨ ᠭᠠᠵᠠᠷ ᠢ ᠪᠤᠶᠢᠵᠢᠭᠤᠯᠵᠦ᠂ ᠵᠢᠯ ᠪᠦᠷᠢ ᠳᠤᠮᠳᠠᠴᠢ ᠪᠠᠷ 20 | ᠳ᠋ᠦᠩᠰᠢᠭᠤᠷ ᠺᠢᠯᠣᠭ᠍ᠷᠠᠮ ᠠᠴᠠ ᠳᠡᠭᠡᠭᠰᠢ ᠡᠪᠡᠰᠦ ᠬᠠᠳᠤᠨ ᠨᠦᠭᠡᠴᠡᠯᠡᠵᠦ᠂ ᠡᠪᠡᠰᠦ ᠪᠣᠷᠳᠤᠭ᠎ᠠ ᠨᠥᠭᠡᠴᠡᠯᠡᠵᠦ | ᠠᠷᠠᠯᠵᠢᠶᠠᠯᠠᠬᠤ ᠰᠠᠭᠤᠷᠢᠨ 161 ᠶᠢ ᠪᠠᠶᠢᠭᠤᠯᠵᠤ᠂ 3 ᠳ᠋ᠦᠩᠰᠢᠭᠤᠷ ᠺᠢᠯᠣᠭ᠍ᠷᠠᠮ ᠳᠡᠵᠢᠭᠡᠯ ᠡᠪᠡᠰᠦ ᠶᠢ | ᠲᠥᠪᠯᠡᠷᠡᠭᠦᠯᠦᠨ ᠨᠥᠭᠡᠴᠡᠯᠡᠭᠦ ᠴᠢᠳᠠᠮᠵᠢ ᠲᠠᠢ ᠪᠤᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠪᠠᠴᠢᠮ | ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠪᠡ᠃ ᠮᠠᠯᠵᠢᠬᠤ ᠲᠠᠷᠢᠶᠠᠯᠠᠬᠤ | ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡ ᠶᠢ ᠢᠳᠡᠪᠬᠢᠲᠡᠢ ᠠᠬᠢᠭᠤᠯᠵᠣ᠂ ︽7+X︾ ᠦᠢᠯᠡᠴᠢᠯᠡᠭᠡᠨ ᠤ | ᠵᠠᠭᠪᠤᠷ ᠢ ᠬᠡᠷᠡᠭᠵᠢᠭᠦᠯᠵᠦ᠂ 91 ᠲᠥᠷᠥᠯ ᠵᠦᠢᠯ ᠢ ᠬᠡᠷᠡᠭᠵᠢᠭᠦᠯᠦᠨ᠂ 2.9 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ 8.5 ᠲᠦᠮᠡᠨ ᠤᠳᠠᠭ᠎ᠠ ᠶᠢᠨ ᠦᠢᠯᠡᠴᠢᠯᠡᠭᠡ ᠥᠷᠨᠢᠭᠦᠯᠵᠦ᠂ ᠮᠠᠯ ᠤᠨ ᠡᠭᠦᠯᠳᠡᠷ | ᠰᠠᠶᠢᠵᠢᠷᠠᠭᠤᠯᠬᠤ ᠪᠠ ᠬᠢᠵᠢᠭ ᠭᠡᠮ ᠢ ᠰᠡᠷᠭᠡᠶᠢᠯᠡᠨ ᠵᠠᠰᠠᠬᠤ᠂ ᠬᠤᠭ ᠨᠣᠪᠰᠢ ᠶᠢ ᠬᠤᠷᠢᠶᠠᠨ ᠴᠤᠭᠯᠠᠭᠤᠯᠵᠤ | ᠰᠢᠯᠵᠢᠭᠦᠯᠦᠨ ᠲᠡᠭᠡᠭᠡᠪᠦᠷᠢᠯᠡᠵᠦ ᠰᠶᠢᠳᠪᠦᠷᠢᠯᠡᠬᠦ᠂ ᠡᠪᠡᠰᠦ ᠪᠣᠷᠳᠤᠭ᠎ᠠ ᠨᠥᠭᠡᠴᠡᠯᠡᠵᠦ ᠲᠣᠬᠢᠷᠠᠭᠤᠯᠤᠨ ᠬᠦᠷᠭᠡᠬᠦ ᠵᠡᠷᠭᠡ | ᠲᠠᠯ᠎ᠠ ᠪᠠᠷ ᠮᠡᠳᠡᠭᠳᠡᠮ᠎ᠠ ᠦᠷ᠎ᠡ ᠪᠦᠲᠦᠮᠵᠢ ᠣᠯᠪᠠ᠃ | ᠰᠠᠶᠢᠨ ᠲᠦᠷᠦ ᠶᠢᠨ ᠪᠣᠳᠣᠯᠭ᠎ᠠ ᠶᠢᠨ ᠵᠠᠩᠭᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠤᠢ᠃ ᠰᠢᠯᠢ ᠶᠢᠨ ᠭᠤᠤᠯ | ᠠᠶᠢᠮᠠᠭ ᠶᠡᠷᠦᠩᠬᠡᠢ ᠱᠦᠵᠢ ᠰᠢ ᠶᠢᠨ ᠫᠢᠩ ᠤᠨ ︽ᠭᠦᠳᠡᠭᠡ ᠠᠵᠦ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠤᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠦᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ | ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ ᠭᠠᠵᠠᠷ ᠢ ᠴᠢᠨᠠᠷ ᠰᠠᠶᠢᠲᠠᠢ ᠪᠦᠲᠦᠭᠡᠨ | ᠪᠠᠶᠢᠭᠤᠯᠬᠤ ᠬᠠᠷᠠᠯᠳᠡ ᠪᠠᠷ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠦᠬᠦ | ᠬᠦᠴᠦᠨ ᠢᠶᠠᠷ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ ᠪᠣᠳᠠᠲᠤ | ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠤ᠂ ᠭᠤᠣᠯᠳᠠᠯᠭ᠎ᠠ ᠲᠠᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢ ᠥᠴᠥᠬᠡᠨ ᠴᠦ ᠰᠤᠯᠠᠷᠠᠭᠤᠯᠤᠯ | ᠦᠭᠡᠢ ᠪᠠᠷ ᠰᠠᠶᠢᠲᠤᠷ ᠠᠳᠬᠤᠵᠤ᠂ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠂ ᠨᠠᠷᠠᠲᠤ ᠲᠡᠮᠳᠡᠭᠵᠢᠭᠦᠯᠬᠦ ᠳᠡᠭᠡᠷ᠎ᠡ | ᠦᠷᠭᠦᠯᠵᠢᠯᠡᠨ ᠬᠦᠴᠦᠯᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠠᠩᠭᠠᠯᠭ᠎ᠠ ᠶᠢᠨ ᠬᠡᠯᠬᠢᠶ᠎ᠡ ᠶᠢ | ᠰᠢᠯᠢᠳᠡᠭᠵᠢᠭᠦᠯᠬᠦ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ | ᠴᠢᠷᠮᠠᠶᠢᠵᠦ᠂ ᠪᠥᠬᠦ ᠠᠶᠢᠮᠠᠭ ᠤᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ | ᠠᠵᠢᠯ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠠᠬᠢᠭᠤᠯᠵᠦ ᠨᠠᠩ | ᠶᠡᠭᠡ ᠦᠷ᠎ᠡ ᠪᠦᠲᠦᠮᠵᠢ ᠤᠯᠤᠨ᠎ᠠ᠃ |