2024 ᠣᠨ ᠳᠤ᠂ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠠᠵᠢᠯ ᠣᠯᠭᠤᠯᠲᠠ ᠶᠢᠨ ᠪᠠᠭᠲᠠᠭᠠᠮᠵᠢ ᠶᠢ | ᠥᠷᠭᠡᠳᠬᠡᠬᠦ᠂ ᠨᠡᠶᠢᠭᠡᠮ ᠤᠨ ᠪᠠᠲᠤᠯᠠᠭ᠎ᠠ ᠶᠢᠨ ᠥᠭᠡᠷᠡᠴᠢᠯᠡᠯᠲᠡ ᠬᠢᠬᠦ᠂ ᠮᠡᠷᠭᠡᠵᠢᠯ ᠤᠷ᠎ᠠ ᠴᠢᠳᠠᠪᠤᠷᠢ ᠶᠢᠨ | ᠴᠢᠳᠠᠪᠤᠷᠢᠲᠠᠨ ᠢ ᠬᠥᠮᠥᠵᠢᠭᠦᠯᠬᠦ᠂ ᠬᠥᠳᠡᠯᠮᠦᠷᠢ ᠶᠢᠨ ᠬᠠᠷᠢᠴᠠᠭ᠎ᠠ ᠶᠢ ᠵᠠᠰᠠᠬᠤ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠢᠳᠡᠭ ᠢ ᠡᠭᠦᠳᠬᠦ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠲᠦᠭᠰᠢᠭᠦᠷᠢ ᠶᠢ | ᠰᠡᠷᠭᠡᠶᠢᠯᠡᠨ ᠡᠵᠡᠮᠳᠡᠭᠦ ᠬᠠᠰᠢᠯᠭ᠎ᠠ ᠶᠢ ᠪᠠᠶᠢᠭᠤᠯᠬᠤ ᠵᠡᠷᠭᠡ ᠣᠯᠠᠨ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠪᠠ ᠰᠢᠷᠢᠰ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂ ᠪᠥᠬᠦ | ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠳᠤᠯᠠᠭ᠎ᠠ ᠶᠢᠨ ᠭᠦᠴᠦᠨ ᠢᠶᠠᠨ ᠡᠷᠭᠦᠨ᠎ᠠ᠃ | ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠮᠥᠨ ᠤ ᠬᠦᠴᠦᠨ | ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠳᠤᠯᠠᠭ᠎ᠠ | ᠬᠠᠨᠭ᠍ᠭᠠᠨ᠎ᠠ᠃ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠪᠦᠭᠦ ᠠᠶᠢᠮᠠᠭ ᠤᠨ ᠭᠤᠷᠪᠠᠨ ᠵᠢᠯ ᠤᠨ ᠲᠥᠯᠥᠪᠯᠡᠭᠡ ᠪᠠ ︽ᠰᠢᠯᠢ ᠶᠢᠨ ᠭᠤᠣᠯ ᠤᠨ ᠦᠢᠯᠡᠰ ᠪᠤᠰᠬᠠᠬᠤ ᠠᠵᠢᠯᠯᠠᠭ᠎ᠠ︾ | ᠶᠢ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ ᠬᠤᠲᠠ ᠪᠠᠯᠭᠠᠰᠤᠨ ᠤ 0.78 ᠲᠦᠮᠡᠨ ᠬᠥᠮᠥᠨ ᠳᠤ ᠰᠢᠨ᠎ᠡ ᠪᠠᠷ | ᠠᠵᠢᠯ ᠣᠯᠭᠤᠵᠤ᠂ 7.15 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃ | ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠵᠢᠯ ᠤᠨ ᠳᠣᠲᠣᠷ᠎ᠠ ᠪᠥᠬᠦ | ᠠᠶᠢᠮᠠᠭ ᠤᠨ 76.43 ᠲᠦᠮᠡᠨ ᠬᠥᠮᠥᠨ ᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ 13.7 | ᠲᠦᠮᠡᠨ ᠬᠥᠮᠥᠨ ᠢ ᠠᠵᠢᠯ ᠠᠯᠳᠠᠯᠲᠠ ᠶᠢᠨ ᠳᠠᠭᠠᠳᠬᠠᠯ᠂ 16.05 ᠲᠦᠮᠡᠨ ᠬᠥᠮᠥᠨ ᠢ ᠠᠵᠢᠯ ᠤᠨ ᠭᠡᠮᠲᠦᠯ ᠤᠨ | ᠳᠠᠭᠠᠳᠬᠠᠯ ᠳᠤ ᠤᠷᠤᠭᠤᠯᠵᠦ᠂ ᠬᠦᠴᠢᠷᠳᠡᠯᠲᠡᠢ ᠬᠥᠮᠥᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠬᠤ ᠨᠣᠷᠮ᠎ᠠ ᠶᠢ | 100% ᠭᠦ᠋ᠷᠭᠡᠵᠦ᠂ ᠰᠢᠨ᠎ᠡ ᠪᠠᠷ ᠠᠵᠢᠯ ᠡᠬᠢᠯᠡᠭᠦᠯᠭᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠠᠵᠢᠯ ᠤᠨ ᠭᠡᠮᠲᠦᠯ ᠤᠨ ᠳᠠᠭᠠᠳᠬᠠᠯ ᠳᠤ ᠣᠷᠣᠬᠤ ᠨᠣᠷᠮ᠎ᠠ ᠶᠢ 90% ᠠᠴᠠ ᠳᠡᠭᠡᠭᠰᠢ ᠭᠦᠷᠭᠡᠨ᠎ᠠ᠃ | ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠲᠠᠯ᠎ᠠ ᠪᠠᠷ᠂ ᠵᠢᠯ ᠤᠨ ᠳᠣᠲᠣᠷ᠎ᠠ 1100 | ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠰᠢᠨ᠎ᠡ ᠪᠠᠷ ᠨᠡᠮᠡᠭᠳᠡᠭᠦᠯᠵᠦ᠂ ᠲᠤᠰᠬᠠᠢ ᠮᠡᠷᠭᠡᠵᠢᠯ ᠤᠨ | ᠴᠢᠳᠠᠪᠤᠷᠢᠲᠠᠨ ᠢ ᠰᠢᠨ᠎ᠠ ᠪᠠᠷ 1000 ᠬᠥᠮᠥᠨ ᠠᠴᠠ ᠳᠡᠭᠡᠭᠰᠢ ᠨᠡᠮᠡᠭᠳᠡᠭᠦᠯᠦᠨ᠎ᠡ᠃ ᠬᠥᠳᠡᠯᠮᠦᠷᠢ ᠠᠵᠢᠯᠳᠡᠨ ᠤ | ᠶᠠᠪᠤᠳᠠᠯ ᠤᠨ ᠵᠠᠭᠤᠷᠠᠭᠠᠨ ᠢ ᠣᠯᠠᠨ ᠡᠰᠢᠵᠢᠭᠦᠯᠦᠨ ᠰᠶᠢᠳᠪᠦᠷᠢᠯᠡᠬᠦ ᠲᠣᠭᠲᠠᠴᠠ᠂ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠬᠦ᠂ ᠪᠤᠷᠤᠭᠤ ᠶᠢ ᠵᠠᠯᠠᠷᠠᠭᠤᠯᠤᠨ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ︽ | ᠢᠨᠲ᠋ᠧᠷ ᠰᠦᠯᠵᠢᠶ᠎ᠡ + ᠡᠶᠡᠳᠡᠭᠦᠯᠦᠨ ᠬᠥᠨᠳᠡᠯᠡᠨ ᠠᠴᠠ ᠲᠠᠰᠤᠯᠬᠤ︾ ᠪᠠᠶᠢᠭᠤᠯᠤᠯᠲᠠ ᠶᠢ ᠠᠬᠢᠭᠤᠯᠵᠦ᠂ | ᠪᠦᠲᠦᠮᠵᠢᠲᠡᠶ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠯᠳᠦᠭᠦᠯᠦᠨ᠂ ᠪᠥᠬᠦ ᠠᠶᠢᠮᠠᠭ ᠤᠨ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠠᠮᠤᠷ ᠲᠦᠪᠰᠢᠨ ᠲᠣᠭᠲᠠᠭᠤᠨ ᠢ ᠦᠨᠡᠨ ᠬᠦ | ᠪᠠᠲᠤᠯᠠᠵᠤ᠂ ᠵᠢᠯ ᠤᠨ ᠳᠣᠲᠣᠷ᠎ᠠ ᠬᠥᠳᠡᠯᠮᠦᠷᠢ ᠶᠢᠨ ᠪᠠᠲᠤᠯᠠᠭ᠎ᠠ ᠶᠢᠨ ᠢᠯᠡᠴᠢᠯᠡᠨ ᠵᠠᠭᠠᠯᠳᠤᠭᠰᠠᠨ ᠬᠡᠷᠡᠭ ᠢ | ᠳᠠᠭᠤᠰᠬᠠᠬᠤ ᠨᠣᠷᠮ᠎ᠠ ᠶᠢ 98% ᠠᠴᠠ ᠳᠡᠭᠡᠭᠰᠢ ᠭᠦᠷᠭᠡᠨ᠎ᠡ᠃ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠲᠣᠭᠠᠴᠢᠯᠠᠬᠰᠠᠨ ᠬᠡᠯᠪᠡᠷᠢ ᠲᠠᠶᠢᠰᠢ ᠬᠤᠪᠢᠷᠠᠭᠤᠯᠬᠤ ᠶᠢ | ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠴᠢᠨᠠᠷ ᠰᠠᠶᠢᠲᠠᠢ ᠳᠥᠭᠦᠮ ᠳᠥᠲᠡ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠨᠡᠯᠡᠯᠳᠡ 100% ᠪᠠᠷ ᠰᠠᠶᠢᠨ | ᠪᠠᠶᠢᠬᠤ ᠶᠢ ᠪᠠᠳᠤᠯᠠᠨ᠎ᠠ᠃ | ᠣᠶᠢᠯᠠᠭᠠᠭᠰᠠᠨ ᠢᠶᠠᠷ᠂ 2023 ᠣᠨ ᠳᠤ᠂ ᠪᠥᠬᠦ ᠠᠶᠢᠮᠠᠭ ᠤᠨ ᠬᠤᠲᠠ ᠪᠠᠯᠭᠠᠰᠤᠨ ᠤ 10998 | ᠬᠥᠮᠥᠨ ᠳᠤ ᠰᠢᠨ᠎ᠡ ᠪᠠᠷ ᠠᠵᠢᠯ ᠤᠯᠭᠤᠵᠥ᠂ ᠮᠠᠯᠵᠢᠬᠤ ᠲᠠᠷᠢᠶᠠᠯᠠᠬᠤ ᠣᠷᠣᠨ ᠤ 81271 ᠭᠦᠳᠡᠯᠮᠦᠷᠢ ᠭᠦᠴᠦ ᠶᠢ | ᠰᠢᠯᠵᠢᠬᠦᠯᠤᠨ ᠠᠵᠢᠯ ᠤᠯᠭᠤᠪᠠ︔ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 5789 ᠬᠥᠮᠥᠨ ᠤ ᠠᠵᠢᠯ | ᠣᠯᠬᠤ ᠶᠢ ᠠᠬᠢᠭᠤᠯᠪᠠ︔ ᠪᠥᠬᠦ ᠠᠶᠢᠮᠠᠭ ᠤᠨ 72.27 ᠲᠦᠮᠡᠨ ᠬᠥᠮᠥᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠳᠤ ᠣᠷᠣᠵᠤ᠂ 15.06 ᠲᠦᠮᠡᠨ ᠬᠥᠮᠥᠨ ᠠᠵᠢᠯ ᠤᠨ ᠭᠡᠮᠲᠦᠯ ᠤᠨ ᠳᠠᠭᠠᠳᠬᠠᠯ ᠳᠤ | ᠣᠷᠣᠵᠤ᠂ 12.5 ᠲᠦᠮᠡᠨ ᠬᠥᠮᠥᠨ ᠠᠵᠢᠯ ᠠᠯᠳᠠᠯᠲᠠ ᠶᠢᠨ ᠳᠠᠭᠠᠳᠬᠠᠯ ᠳᠤ ᠤᠷᠤᠵᠦ᠂ ᠪᠥᠬᠦ ᠠᠶᠢᠮᠠᠭ ᠤᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠦᠢᠯᠡᠰ ᠰᠢᠨ᠎ᠡ ᠦᠷ᠎ᠡ ᠪᠦᠲᠦᠮᠵᠢ | ᠤᠯᠵᠦ᠂ ᠰᠢᠨ᠎ᠡ ᠳᠠᠪᠠᠯᠲᠠ ᠶᠢ ᠪᠡᠶᠡᠯᠡᠭᠦᠯᠦᠨ᠂ ᠰᠢᠨ᠎ᠡ ᠳᠡᠭᠲᠡᠷ ᠲᠤ ᠭᠠᠷᠪᠠ᠃ | | |