ᠮᠠᠨ ᠤ ᠠᠶᠢᠮᠠᠭ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/4/11
     ᠣᠶᠢᠷ᠎ᠠ ᠳᠤ᠂ ᠰᠢᠯᠢ ᠶᠢᠨ ᠭᠤᠣᠯ ᠠᠶᠢᠮᠠᠭ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠰᠢᠯᠢ ᠶᠢᠨ ᠬᠤᠳᠠ ᠳᠤ ᠬᠤᠷᠠᠯᠳᠤᠵᠤ᠂ ᠮᠠᠨ ᠤ ᠠᠶᠢᠮᠠᠭ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠬᠠᠮᠢᠶ᠎ᠠ ᠪᠦᠬᠦᠢ ᠠᠵᠢᠯ ᠤᠨ ᠠᠭᠤᠯᠭ᠎ᠠ ᠶᠢ ᠲᠠᠨᠢᠯᠴᠠᠭᠤᠯᠪᠠ᠃      ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ 2022 ᠣᠨ ᠳᠤ ᠡᠬᠢᠯᠡᠭᠦᠯᠦᠭᠰᠡᠨ ᠠᠴᠠ ᠨᠠᠭᠠᠰᠢ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠦᠨᠡᠨ ᠭᠦ ᠨᠡᠮᠡᠭᠳᠡᠭᠦᠯᠪᠡ᠃      ᠮᠠᠨ ᠤ ᠠᠶᠢᠮᠠᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠰᠢᠵᠢᠷ  ᠠᠯᠳᠠᠨ  ᠨᠡᠷ᠎ᠠ ᠶᠢᠨ ᠬᠠᠭᠤᠳᠠᠰᠦ︾ ᠶᠢ ᠢᠳᠡᠪᠬᠢᠲᠡᠢ ᠡᠭᠦᠳᠪᠡ᠃ ︽ᠨᠢᠭᠡ ᠬᠤᠩᠭᠢᠯ ᠨᠢᠭᠡ ᠪᠦᠰᠡ ᠳᠥᠷᠪᠡᠨ ᠰᠠᠭᠤᠷᠢᠨ︾  ᠢ ᠡᠭᠦᠳᠦᠨ ᠪᠠᠶᠢᠭᠤᠯᠬᠤ ᠳᠤ ᠰᠠᠭᠤᠷᠢᠯᠠᠨ᠂ ᠰᠢᠯᠭᠠᠨ ᠠᠪᠬᠤ ᠵᠠᠮ ᠱᠤᠭᠤᠮ ᠢ ᠪᠥᠬᠦ ᠲᠠᠯ᠎ᠠ ᠪᠠᠷ ᠰᠦᠪᠡᠭᠴᠢᠯᠡᠵᠦ᠂ ᠡᠯ᠎ᠡ ᠬᠤᠰᠢᠭᠤ ᠰᠢᠶᠠᠨ ᠬᠤᠲᠠ ︵ᠤᠷᠤᠨ︶ ᠶᠢ ᠵᠢᠯᠣᠭᠤᠳᠤᠨ ᠪᠠᠷᠢᠮᠵᠢᠶ᠎ᠠ ᠶᠣᠰᠣᠭᠠᠷ 160 ᠭᠠᠷᠤᠢ ᠰᠣᠳᠣᠨ ᠰᠢᠯᠭᠠᠨ ᠠᠪᠬᠤ ᠴᠡᠭ ᠢ ᠡᠭᠦᠳᠪᠡ᠃ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠪᠦᠯᠬᠦᠮᠳᠡᠯ ᠲᠡᠮᠡᠴᠡᠯ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠯᠠᠭᠠᠨᠮᠥ᠋ᠴᠢᠷ᠂ ︽ᠲᠠᠯ᠎ᠠ ᠨᠤᠲᠤᠭ ᠤᠨ ᠬᠥᠪᠡᠭᠦᠨ︾ ᠲᠢᠩ · ᠪᠠᠭᠠᠲᠤᠷ᠂ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ︾ ᠵᠡᠷᠭᠡ ᠪᠠᠷ ᠠᠴᠢᠶᠠᠯᠠᠪᠤᠷᠢ ᠪᠣᠯᠭᠠᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠤ ᠦᠢᠯᠡᠳᠦᠯ ᠢ ᠭᠦᠢᠴᠡᠳ ᠪᠠᠳᠠᠷᠠᠭᠤᠯᠪᠡ᠃      ᠤᠯᠤᠰ ᠲᠦᠷᠦ ᠪᠠᠷ ᠭᠦᠳᠦᠯᠦᠨ ᠲᠠᠭᠠᠭᠤᠯᠬᠤ ᠶᠢ ᠴᠢᠩᠭᠠᠳᠬᠠᠵᠤ᠂ ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ ᠲᠡᠭᠦᠯᠳᠡᠷᠵᠢᠭᠦᠯᠪᠡ᠃ ᠪᠥᠬᠦ ᠠᠶᠢᠮᠠᠭ ᠤᠨ ᠤᠳᠤᠷᠢᠳᠬᠤ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠢ ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ 2288 ᠬᠥᠮᠥᠨ ︵ᠤᠳᠠᠭ᠎ᠠ︶ ᠳᠤ ᠪᠤᠯᠪᠰᠤᠷᠠᠯ ᠭᠦᠷᠳᠡᠭᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠬᠥᠮᠦᠵᠢᠯ ᠢ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠯ ᠤᠨ ᠠᠭᠤᠯᠭ᠎ᠠ ᠳᠤ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠲᠠᠢ ᠤᠶᠠᠯᠳᠤᠭᠤᠯᠤᠨ 741 ᠬᠤᠭᠤᠴᠠᠭᠠᠨ ᠤ ᠪᠣᠯᠪᠠᠰᠤᠷᠠᠯ ᠤᠨ ᠠᠩᠭᠢ ᠡᠷᠭᠢᠯᠡᠵᠦ᠂ 4.23 ᠲᠦᠮᠡᠨ ᠨᠠᠮ ᠤᠨ ᠭᠡᠰᠢᠭᠦᠨ ︵ᠤᠳᠠᠭ᠎ᠠ︶ ᠳᠤ ᠪᠤᠯᠪᠠᠰᠤᠷᠠᠯ ᠭᠦᠷᠳᠡᠭᠡᠪᠡ᠃ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠪᠠᠭ ᠪᠣᠯᠣᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤ ᠰᠢᠶᠠᠨ ᠬᠤᠲᠠ ︵ᠤᠷᠤᠨ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠦᠨᠳᠦᠰᠦᠲᠡᠨ ᠤ ᠠᠵᠢᠯ ᠤᠨ ᠲᠣᠣᠷ ᠢ ᠪᠦᠷᠢᠨᠰᠢᠭᠦᠯᠵᠦ᠂ ᠣᠳᠣᠬᠠᠨ ᠳᠤ ᠪᠥᠬᠦ ᠠᠶᠢᠮᠠᠭ ᠤᠨ 71 ᠰᠤᠮᠤ ᠰᠢᠶᠠᠩ ᠪᠠᠯᠭᠠᠰᠤ ᠳᠤ ᠴᠥᠮ ᠲᠤᠰᠬᠠᠢ ᠲᠤᠰᠢᠶᠠᠯᠲᠤ ᠨᠢᠭᠡᠳᠦᠮᠡᠯ ᠹᠷᠣᠨᠲ ᠤᠨ ᠭᠡᠰᠢᠭᠦᠨ ᠢ ᠲᠣᠬᠢᠷᠠᠭᠤᠯᠪᠡ᠃  ᠦᠵᠡᠯ  ᠰᠠᠨᠠᠭ᠎ᠠ  ᠪᠠᠷ  ᠭᠦᠳᠦᠯᠦᠨ  ᠵᠢᠯᠤᠭᠤᠳᠬᠤ  ᠶᠢ  ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠦᠭᠦ ᠲᠠᠯ᠎ᠠ ᠪᠠᠷ ᠴᠤᠬᠴᠠᠯᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠬᠠᠤ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠠᠶᠢᠮᠠᠭ ᠤᠨ ᠡᠯ᠎ᠡ ᠭᠠᠵᠠᠷ ᠣᠷᠣᠨ ᠡᠯ᠎ᠡ ᠨᠢᠭᠡᠴᠢ ᠶᠢᠨ ᠬᠢᠨ 344 ᠡᠯᠧᠺᠲᠷᠤᠨ ᠳᠡᠯᠭᠡᠴᠡ ᠪᠠᠷ ᠳᠤᠮᠳᠠᠳᠤ ᠶᠢᠨ ᠰᠣᠶᠣᠯ ᠪᠣᠯᠣᠨ ᠳᠤᠮᠳᠠᠳᠤ ᠶᠢᠨ ᠪᠣᠯᠪᠠᠰᠤᠨ ᠤ ᠰᠢᠷᠢᠰ ᠤᠬᠠᠭᠤᠯᠭ᠎ᠠ ᠶᠢᠨ ᠮᠡᠳᠡᠭᠳᠡᠯ ᠢ ᠨᠡᠶᠢᠲᠡᠯᠡᠵᠦ᠂ ᠳᠤᠮᠳᠠᠳᠤ ᠶᠢᠨ ᠰᠣᠶᠣᠯ ᠪᠣᠯᠣᠨ ᠳᠤᠮᠳᠠᠳᠤ ᠶᠢᠨ ᠪᠣᠯᠪᠠᠰᠤᠨ ᠤ ᠰᠢᠷᠢᠰ ᠤᠬᠠᠭᠤᠯᠭ᠎ᠠ ᠶᠢᠨ ᠮᠡᠳᠡᠭᠳᠡᠯ ᠢ 32500 ᠭᠠᠷᠤᠢ ᠬᠠᠭᠤᠳᠠᠰᠦ ᠨᠠᠭᠠᠪᠠ᠃ᠲᠦᠷᠦ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠬᠠᠮᠳᠦ ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ ᠶᠢ ᠠᠬᠢᠭᠤᠯᠪᠠ᠃      2023 ᠣᠨ ᠳᠤ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ 8955 ᠲᠦᠮᠡᠨ ᠲᠥᠭᠦᠷᠢᠭ ᠤᠨ ᠨᠥᠬᠦᠪᠦᠷᠢ ᠮᠦᠡᠭᠭᠦ ᠡᠷᠡᠮᠡᠯᠵᠡᠵᠦ᠂ ᠴᠠᠬᠢᠯᠭᠠᠨ᠂ ᠵᠠᠮ᠂ ᠲᠣᠣᠷ ᠰᠦᠯᠵᠢᠶ᠎ᠠ ᠨᠡᠪᠲᠡᠷᠡᠭᠦᠯᠬᠦ ᠵᠡᠷᠭᠡ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠤᠤᠭᠤᠬᠤ ᠤᠰᠤᠨ ᠤ ᠠᠮᠤᠷ ᠳᠦᠪᠰᠢᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠪᠡ᠃ 78 ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ︶ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠪᠠ 932 ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶   ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠢ ᠪᠠᠶᠢᠭᠤᠯᠪᠠ᠃ ᠦᠢᠯᠡᠰ ᠪᠤᠰᠬᠠᠬᠤ ᠲᠡᠮᠵᠢᠯᠭᠡ ᠶᠢ ᠴᠢᠩᠭᠠᠳᠬᠠᠵᠦ᠂ ᠦᠢᠯᠡᠰ ᠪᠤᠰᠬᠠᠬᠤ ᠪᠠᠳᠤᠯᠠᠭᠠᠳᠦ ᠵᠢᠭᠡᠯᠡᠯᠭᠡ ᠶᠢ ᠨᠡᠶᠢᠲᠡ 157 ᠬᠤᠪᠢ 2623.9 ᠲᠦᠮᠡᠨ ᠲᠥᠭᠦᠷᠢᠭ ᠲᠠᠷᠬᠠᠭᠠᠵᠦ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠢ ᠳᠠᠶᠢᠴᠢᠯᠠᠨ 347 ᠬᠥᠮᠥᠨ ᠳᠤ ᠠᠵᠢᠯ ᠣᠯᠭᠤᠪᠠ᠃       ᠭᠤᠣᠯ ᠰᠢᠵᠢᠮ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠪᠡ᠃ ᠰᠤᠳᠤᠯᠤᠨ ᠰᠤᠷᠤᠯᠴᠠᠬᠤ ᠦᠢᠯᠡᠳᠦᠯᠭᠡ ᠬᠥᠮᠦᠵᠢᠯ ᠤᠨ ᠠᠵᠢᠯᠯᠠᠭ᠎ᠠ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ︽ᠭᠠᠷ ᠭᠠᠷ ᠢᠶᠠᠨ ᠬᠤᠯᠪᠤᠨ ᠬᠢᠯᠢ ᠪᠠᠷ ᠠᠶᠠᠯᠠᠬᠤ︾ ᠰᠣᠯᠢᠯᠴᠠᠭᠠᠨ ᠤ ᠠᠵᠢᠯᠯᠠᠭ᠎ᠠ ᠵᠡᠷᠭᠡ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠶᠢ ᠭᠦᠳᠦᠯᠦᠨ ᠵᠢᠯᠤᠭᠤᠳᠪᠠ᠃ ᠰᠢᠯᠢ ᠶᠢᠨ ᠭᠤᠣᠯ ᠤᠨ ᠲᠠᠯ᠎ᠠ ᠨᠤᠲᠤᠭ ᠤᠨ ᠬᠤᠪᠢᠰᠬᠠᠯᠳᠦ ᠵᠢᠭᠤᠯᠴᠢᠯᠠᠯ ᠤᠨ ᠰᠢᠷᠢᠰ ᠱᠤᠭᠤᠮ ᠪᠠ 2023 ᠣᠨ ᠤ 19 ᠰᠣᠳᠣᠨ ᠵᠢᠭᠤᠯᠴᠢᠯᠠᠯ ᠤᠨ ᠱᠤᠭᠤᠮ ᠭᠠᠷᠭᠠᠵᠤ᠂ ᠬᠤᠪᠢ ᠶᠢᠨ ᠲᠡᠷᠭᠡ ᠪᠠᠷ  ᠠᠶᠠᠯᠠᠨ  ᠲᠤᠭᠤᠯᠬᠤ᠂ ᠵᠢᠭᠤᠯᠴᠢᠯᠠᠨ  ᠰᠡᠭᠦᠳᠡᠷᠯᠡᠭᠦ᠂ ᠬᠡᠭᠡᠷ᠎ᠡ ᠪᠠᠭᠤᠳᠠᠯᠯᠠᠬᠤ᠂ ᠮᠥᠰᠥᠨ ᠳᠡᠭᠡᠷᠡᠬᠢ ᠯᠤᠤᠲᠤ ᠣᠩᠭᠤᠴᠠ ᠵᠡᠷᠭᠡ ᠠᠯᠢ ᠣᠯᠠᠨ ᠤᠷᠤᠯᠳᠤᠭᠠᠨ ᠤ ᠠᠵᠢᠯᠯᠠᠭ᠎ᠠ ᠶᠢ ᠤᠬᠠᠭᠠᠯᠠᠨ ᠶᠠᠪᠤᠬᠳᠠᠭᠤᠯᠪᠠ᠃ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠢ ᠡᠷᠭᠢᠯᠡᠵᠦ᠂ 10 ᠲᠦᠮᠡᠨ ᠵᠢᠭᠤᠯᠴᠢᠯᠠᠭᠴᠢ ︵ᠤᠳᠠᠭ᠎ᠠ︶ ᠶᠢ ᠲᠠᠲᠠᠪᠠ᠃      ᠡᠨᠡ ᠵᠢᠯ ᠪᠣᠯ ᠮᠠᠨ ᠤ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠶᠢ ᠰᠢᠯᠭᠠᠨ ᠠᠪᠬᠤ ᠵᠢᠯ ᠮᠥᠨ᠂ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ᠂ ᠡᠵᠡᠨ ᠬᠥᠮᠥᠨ ᠤ ᠣᠪᠣᠷ ᠢᠶᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠣᠷᠣᠯᠴᠠᠬᠤ ᠪᠤᠯᠤᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号