ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠵᠠᠬᠢᠷᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/12
     ᠣᠶᠢᠷ᠎ᠠ ᠳᠤ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠳᠣᠯᠣᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠦᠷᠨᠢᠭᠦᠯᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠥᠸᠧ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠣᠶᠢᠷ᠎ᠠ ᠶᠢᠨ ᠬᠤᠭᠤᠴᠠᠭᠠᠨ ᠳᠠᠬᠢ ᠶᠡᠷᠦᠩᠬᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠡᠭᠡᠷ᠎ᠠ ᠦᠨᠡᠨ ᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠶᠢ ᠢᠮᠠᠭᠲᠠ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠵᠠᠬᠢᠳᠠᠯ ᠰᠤᠷᠪᠤᠯᠵᠢᠯᠠᠯ᠂ ᠮᠥᠩᠭᠦᠨ ᠭᠦᠢᠯᠭᠡᠭᠡ᠂ ᠬᠢᠨᠠᠨ ᠪᠣᠳᠣᠯᠲᠠ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠣᠶᠣᠯ ᠤᠨ ᠥᠪ ᠢ ᠬᠠᠮᠠᠭᠠᠯᠠᠬᠤ ᠵᠡᠷᠭᠡ ᠬᠦᠷᠢᠶᠡᠨ ᠳᠠᠬᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠲᠣᠭᠲᠠᠭᠤᠨ ᠨᠡᠮᠡᠭᠳᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠪᠠᠷ ᠬᠦᠴᠦᠯᠡᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠭᠦ ᠭᠡᠷᠡᠭᠳᠡᠢ ᠭᠡᠵᠦ ᠴᠢᠬᠤᠯᠠᠴᠢᠯᠠᠪᠠ᠃      ᠲᠤᠬᠠᠢ ᠶᠢᠨ ᠡᠳᠦᠷ᠂ ᠵᠠᠬᠢᠷᠭ᠎ᠠ ᠶᠢᠨ 2024 ᠣᠨ ᠤ ᠠᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠵᠤ᠂ ᠰᠢᠨ᠎ᠡ ᠡᠨᠧᠷᠭᠢ ᠪᠠ ᠴᠠᠬᠢᠯᠭᠠᠨ ᠲᠣᠣᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠤᠭᠤᠮᠳᠠ ᠰᠢᠪᠲᠤᠯᠬᠤ ᠢᠨᠵᠧᠨᠧᠷᠢᠩ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡ᠂ ᠡᠪᠡᠰᠦ ᠪᠣᠷᠳᠣᠭᠠᠨ ᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠵᠡᠷᠭᠡ ᠵᠦᠢᠯᠡᠰ ᠢ ᠰᠤᠳᠤᠯᠵᠠᠢ᠃                                                     ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号