ᠲᠤᠭ᠎ᠠ ᠬᠡᠮᠵᠢᠶ᠎ᠡ ᠶᠢ ᠥᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠦᠨ ᠭᠠᠷᠤᠯᠲᠠ ᠶᠢ ᠨᠡᠮᠡᠭᠳᠡᠭᠦᠯᠵᠦ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠳᠦᠭᠡᠨ ᠪᠠᠶᠢᠭᠤᠯᠤᠨᠠᠮ
ᠨᠡᠶᠢᠲᠡᠯᠡᠭᠰᠡᠨ ᠴᠠᠭ᠄
2024/4/12
     ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠭᠦᠨᠵᠡᠭᠡᠶᠢᠷᠡᠭᠦᠯᠦᠨ᠂ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾  ᠤ ᠠᠵᠢᠯ ᠢ ᠦᠨᠡᠨ ᠬᠦ ᠰᠠᠶᠢᠲᠤᠷ ᠬᠢᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠸᠢᠳᠢᠤ᠋ ᠪᠣᠯᠪᠠᠰᠤᠷᠠᠯ ᠤᠨ ᠠᠷᠭ᠎ᠠ ᠭᠡᠯᠪᠡᠷᠢ ᠪᠠᠷ ᠪᠥᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠪᠣᠯᠪᠠᠰᠤᠷᠠᠯ ᠡᠷᠭᠢᠯᠡᠪᠡ᠃      ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠭᠰᠡᠨ ᠪᠦᠭᠡᠳ ᠶᠠᠷᠢᠶ᠎ᠠ ᠲᠠᠯᠪᠢᠵᠤ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠮᠢᠬᠠᠨ ᠤ ᠦᠬᠡᠷ᠂ ᠮᠢᠬᠠᠨ ᠤ ᠬᠤᠨᠢ᠂ ᠰᠠᠭᠠᠯᠢ ᠶᠢᠨ ᠦᠢᠯᠡᠰ᠂ ᠳᠡᠵᠢᠭᠡᠯ ᠡᠪᠡᠰᠦ᠂ ᠮᠠᠯ ᠡᠮᠨᠡᠯᠭᠡ᠂ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ 6 ᠲᠠᠯ᠎ᠠ ᠶᠢᠨ 8 ᠵᠦᠢᠯ ᠤᠨ ᠭᠤᠣᠯᠳᠠᠯᠭ᠎ᠠ ᠲᠠᠢ ᠲᠥᠷᠥ ᠶᠢᠨ ᠪᠣᠳᠣᠯᠭ᠎ᠠ ᠳᠤ ᠪᠥᠬᠦ ᠲᠠᠯ᠎ᠠ ᠪᠠᠷ ᠭᠦᠨᠵᠡᠭᠡᠢ ᠲᠠᠶᠢᠯᠤᠮᠵᠢ ᠲᠣᠳᠣᠷᠬᠠᠶᠢᠯᠠᠯᠲᠠ ᠬᠢᠪᠡ᠃ ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶  ᠤ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠠᠶᠢᠮᠠᠭ᠂ ᠬᠤᠰᠢᠭᠤ ᠰᠢᠶᠠᠨ ᠬᠤᠲᠠ ︵ᠤᠷᠤᠨ︶ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠣᠯᠪᠠᠰᠤᠷᠠᠯ ᠳᠤ ᠤᠷᠤᠯᠴᠠᠪᠠ᠃      ᠣᠶᠢᠷ᠎ᠠ ᠶᠢᠨ ᠵᠢᠯ ᠠᠴᠠ᠂ ᠰᠢᠯᠢ ᠶᠢᠨ ᠭᠤᠤᠯ ᠠᠶᠢᠮᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠭᠤᠣᠯ ᠰᠢᠵᠢᠮ ᠢ ᠪᠠᠲᠤ ᠡᠵᠡᠮᠳᠡᠵᠦ᠂ ᠲᠠᠷᠢᠶᠠᠯᠠᠩ ᠮᠠᠯ ᠠᠵᠦ ᠠᠬᠤᠢ ᠲᠠᠷᠢᠶᠠᠯᠠᠬᠤ ᠮᠠᠯᠵᠢᠬᠤ ᠣᠷᠣᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠡᠭᠡᠷ᠎ᠡ ᠠᠩᠬᠠᠷᠤᠯ ᠢᠶᠠᠨ ᠲᠦᠪᠯᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠭᠠᠷᠤᠯᠳᠠ ᠶᠢ ᠨᠡᠮᠡᠭᠳᠡᠭᠦᠯᠬᠦ︾ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠳᠤᠲᠠᠭᠤᠳᠠᠯ ᠢ ᠨᠥᠬᠦᠪᠦᠷᠢᠯᠡᠬᠦ᠂ ᠳᠠᠪᠠᠭᠤᠯᠢᠭ ᠢ ᠪᠠᠳᠠᠷᠠᠭᠤᠯᠬᠤ᠂ ᠬᠡᠯᠬᠢᠶ᠎ᠡ ᠶᠢ ᠴᠢᠩᠭᠠᠳᠬᠠᠬᠤ ᠳᠡᠭᠡᠷ᠎ᠡ ᠬᠦᠴᠦᠯᠡᠵᠦ᠂ ᠪᠣᠳᠠᠲᠠᠢ ᠲᠠᠢ ᠪᠠᠨ ᠤᠶᠠᠯᠳᠤᠭᠤᠯᠤᠨ ︽ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠬᠥᠭᠵᠢᠯᠲᠡ ᠶᠢ ᠲᠡᠮᠵᠢᠭᠦ ᠠᠷᠭ᠎ᠠ︾ ᠶᠢ ᠵᠠᠯᠭᠠᠭ᠎ᠠ ᠪᠠᠷ ᠲᠣᠭᠲᠠᠭᠠᠨ ᠨᠡᠶᠢᠲᠡᠯᠡᠵᠦ᠂ ᠭᠤᠤᠯᠳᠠᠯᠭᠠᠳᠥ ᠡᠭᠦᠯᠳᠡᠷ ᠪᠤᠶᠢᠵᠢᠭᠤᠯᠬᠤ ᠲᠠᠯᠠᠪᠠᠶ ᠶᠢᠨ ᠪᠦᠲᠦᠭᠡᠨ ᠪᠠᠶᠢᠭᠤᠯᠤᠯᠲᠠ᠂ ᠮᠢᠬᠠᠨ ᠤ ᠦᠬᠡᠷ ᠤᠨ ᠢᠴᠡᠭᠡᠯ ᠦᠷ᠎ᠠ ᠶᠢᠨ ᠭᠡᠭᠡᠯᠳᠦᠭᠦᠯᠭᠡ᠂ ᠬᠦᠪᠦᠷᠡᠯ ᠰᠢᠯᠵᠢᠭᠦᠯᠬᠦ ᠵᠡᠷᠭᠡ ᠲᠠᠯ᠎ᠠ ᠪᠠᠷ ᠲᠡᠮᠵᠢᠭᠦ ᠡᠷᠴᠢᠮ ᠢᠶᠠᠨ ᠴᠢᠩᠭᠠᠷᠠᠭᠤᠯᠪᠠ︔ ︽ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠵᠢᠴᠢ ᠬᠠᠭᠠᠰ ᠮᠠᠯᠵᠢᠬᠤ ᠬᠠᠭᠠᠰ ᠲᠠᠷᠢᠶᠠᠯᠠᠬᠤ ᠣᠷᠣᠨ ᠳᠤ ᠮᠢᠬᠠᠨ ᠤ ᠦᠬᠡᠷ ᠢ ᠬᠡᠪᠴᠢᠶᠡᠵᠢᠭᠦᠯᠦᠨ ᠬᠠᠰᠢᠶᠠᠯᠠᠵᠦ ᠲᠡᠵᠢᠭᠡᠨ ᠦᠷᠡᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾  ᠢ ᠲᠤᠬᠳᠠᠭᠠᠨ ᠨᠡᠶᠢᠳᠡᠯᠡᠵᠦ᠂ ᠭᠤᠤᠯᠳᠠᠭᠤ ᠮᠠᠯ ᠤᠨ ᠫᠸᠡᠭ ᠤᠨ ᠪᠦᠲᠦᠭᠡᠨ ᠪᠠᠶᠢᠭᠤᠯᠤᠯᠲᠠ᠂ ᠳᠡᠵᠢᠭᠡᠯ ᠡᠪᠡᠰᠦ ᠳᠠᠷᠢᠬᠤ᠂ ᠬᠤᠷᠢᠶᠠᠨ ᠨᠦᠭᠡᠴᠡᠯᠡᠵᠤ ᠡᠳ᠋ᠰᠢᠭᠦᠯᠦᠨ ᠪᠤᠯᠪᠠᠰᠤᠷᠠᠭᠤᠯᠬᠤ ᠪᠠ ᠨᠡᠭᠡᠭᠡᠨ ᠬᠥᠭᠵᠢᠭᠦᠯᠬᠦ ᠲᠠᠯ᠎ᠠ ᠪᠠᠷ ᠳᠡᠮᠵᠢᠪᠡ︔ ︽ᠮᠢᠬᠠᠨ ᠤ ᠦᠬᠡᠷ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾  ᠢ ᠲᠤᠬᠳᠠᠭᠠᠨ ᠨᠡᠶᠢᠳᠡᠯᠡᠵᠦ᠂ ᠭᠤᠣᠯᠳᠠᠭᠤ ᠡᠷᠦᠬᠡ ᠳᠤ ᠦᠷᠡᠵᠢᠭᠦᠯᠵᠦ ᠠᠵᠤ ᠠᠬᠤᠶᠢᠯᠠᠯ ᠳᠤ ᠪᠤᠷᠳᠤᠨ ᠳᠠᠷᠭᠤᠯᠠᠭᠤᠯᠬᠤ᠂ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡᠨ ᠤ ᠪᠦᠳᠦᠭᠡᠭᠳᠡᠭᠦᠨ ᠪᠠ ᠠᠷᠠᠯᠵᠢᠶᠠᠴᠢᠨ ᠤᠷᠢᠵᠤ ᠪᠡᠯᠡ ᠲᠠᠳᠠᠬᠤ ᠵᠡᠷᠭᠡ ᠲᠠᠯ᠎ᠠ ᠪᠠᠷ ᠲᠡᠮᠵᠢᠪᠡ︔ ︽ᠪᠤᠷᠳᠤᠨ ᠳᠡᠵᠢᠭᠡᠬᠦ ᠬᠤᠨᠢᠨ ᠤ ᠠᠵᠤ ᠦᠢᠯᠡᠰ ᠤᠨ ᠬᠥᠭᠵᠢᠯᠲᠡ ᠶᠢ ᠲᠡᠮᠵᠢᠭᠦ ᠠᠷᠭ᠎ᠠ ᠬᠡᠮᠵᠢᠶ᠎ᠡ ᠨᠦᠭᠦᠳ︾ ᠢ ᠲᠤᠬᠳᠠᠭᠠᠨ ᠨᠡᠶᠢᠳᠡᠯᠡᠵᠦ᠂ ᠭᠤᠤᠯᠳᠠᠭᠤ ᠪᠤᠷᠳᠤᠨ ᠳᠡᠵᠢᠭᠡᠬᠦ ᠬᠤᠨᠢ ᠶᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠲᠡᠮᠵᠢᠭᠦ ᠡᠷᠴᠢᠮ ᠢᠶᠠᠨ ᠴᠢᠩᠭᠠᠷᠠᠭᠤᠯᠵᠤ᠂ ᠪᠥᠬᠦ ᠠᠵᠤ ᠦᠢᠯᠡᠰ ᠤᠨ ᠬᠡᠯᠬᠢᠶᠡᠵᠢᠯ ᠤᠨ ᠪᠢᠲᠡᠭᠦᠮᠵᠢᠯᠡᠭᠰᠡᠨ ᠡᠵᠡᠩᠨᠡᠯᠲᠡ ᠶᠢᠨ ᠵᠠᠭᠪᠤᠷ ᠢ ᠳᠡᠯᠭᠡᠷᠡᠭᠦᠯᠦᠨ᠂ ᠳᠥᠷᠪᠡᠨ ᠤᠯᠠᠷᠢᠯ ᠳᠤ ᠵᠠᠷᠤᠴᠠᠭᠤᠯᠬᠤ᠂ ᠪᠥᠬᠦ ᠵᠢᠯ ᠳᠤ ᠡᠳ᠋ᠰᠢᠭᠦᠯᠦᠨ ᠪᠤᠯᠪᠠᠰᠤᠷᠠᠭᠤᠯᠬᠤ ᠶᠢ ᠪᠡᠶᠡᠯᠡᠭᠦᠯᠤᠨ᠎ᠠ︔ ︽ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾  ᠢ ᠲᠤᠬᠳᠠᠭᠠᠨ ᠨᠡᠶᠢᠳᠡᠯᠡᠵᠦ᠂ ᠤᠯᠤᠰ ᠤᠨ ᠳᠣᠲᠣᠭᠠᠳᠤ ᠶᠢᠨ ᠰᠠᠭᠠᠯᠢ ᠶᠢᠨ ᠦᠨᠢᠶ᠎ᠡ ᠶᠢ ᠣᠷᠣᠭᠤᠯᠬᠤ᠂ ᠡᠪᠡᠰᠦ ᠪᠣᠷᠳᠤᠭ᠎ᠠ ᠬᠤᠷᠢᠶᠠᠨ ᠨᠦᠭᠡᠴᠡᠯᠡᠭᠦ᠂ ᠰᠦ ᠰᠠᠭᠠᠬᠤ ᠥᠷᠲᠡᠭᠡ ᠡᠷᠭᠢᠯᠡᠭᠦ᠂ ᠭᠠᠷ ᠦᠢᠯᠡᠳᠬᠡᠯ ᠤᠨ ᠭᠠᠵᠠᠷ ᠢ ᠲᠠᠰ ᠳᠡᠪᠰᠢᠭᠦᠯᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠲᠡᠮᠵᠢᠨ᠎ᠠ︔ ︽ᠲᠡᠵᠢᠭᠡᠯ ᠡᠪᠡᠰᠤ ᠪᠣᠷᠳᠣᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠨᠦᠭᠦᠳ︾  ᠢ ᠲᠤᠬᠳᠠᠭᠠᠨ ᠨᠡᠶᠢᠳᠡᠯᠡᠵᠦ᠂ ᠲᠡᠵᠢᠭᠡᠯ ᠡᠪᠡᠰᠤ ᠪᠣᠷᠳᠣᠭᠠᠨ ᠤ ᠦᠨ᠎ᠡ ᠬᠠᠩᠰᠢ ᠦᠨᠳᠦᠷ ᠪᠠᠶᠢᠵᠦ᠂ ᠮᠠᠯᠴᠢᠨ ᠲᠠᠷᠢᠶᠠᠴᠢᠨ ᠤ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠦᠷᠭᠦᠯᠵᠢᠯᠡᠨ ᠥᠰᠴᠦ ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠰᠶᠢᠳᠪᠦᠷᠢᠯᠡᠨ᠎ᠠ︔ ︽ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠰᠢᠯᠭᠠᠨ ᠬᠢᠨᠠᠬᠤ ᠠᠷᠭ᠎ᠠ︾ ᠶᠢ ᠲᠤᠬᠳᠠᠭᠠᠨ ᠨᠡᠶᠢᠳᠡᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠲᠤᠰᠬᠠᠶᠢᠵᠢᠯᠲᠠ᠂ ᠪᠠᠷᠢᠮᠵᠢᠶᠠᠵᠢᠯᠲᠠ᠂ ᠡᠷᠴᠢᠮᠵᠢᠯᠲᠡ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠡᠷᠦᠭᠡ ᠶᠢ ᠬᠠᠪᠰᠤᠷᠤᠨ ᠭᠠᠭᠴᠠ ᠡᠷᠦᠭᠡ ᠪᠠᠷ ᠢᠶᠠᠨ ᠬᠢᠵᠦ ᠳᠡᠶᠢᠯᠬᠦ ᠦᠭᠡᠢ᠂ ᠰᠠᠶᠢᠨ ᠬᠢᠵᠦ ᠳᠡᠶᠢᠯᠬᠦ ᠦᠭᠡᠢ᠂ ᠬᠢᠭᠡᠳ ᠠᠰᠢᠬ ᠬᠦᠷᠳᠡᠬᠦ ᠦᠭᠡᠢ ᠶᠠᠪᠤᠳᠠᠯ ᠢ ᠰᠶᠢᠳᠪᠦᠷᠢᠯᠡᠨ᠎ᠠ︔ ︽ᠮᠠᠯ ᠡᠮᠨᠡᠯᠭᠡ ᠶᠢᠨ ᠦᠨ᠎ᠠ ᠲᠥᠯᠥᠪᠦᠷᠢ ᠲᠠᠢ ᠨᠡᠶᠢᠭᠡᠮᠴᠢᠯᠡᠭᠰᠡᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠲᠥᠷᠥᠯ ᠵᠦᠢᠯ ᠪᠠ ᠰᠠᠨᠠᠭᠤᠯᠭ᠎ᠠ ᠶᠢᠨ ᠦᠨ᠎ᠡ ︵ᠲᠤᠷᠰᠢᠨ ᠬᠡᠷᠡᠭᠵᠢᠭᠦᠯᠬᠦ︶︾ ᠶᠢ ᠲᠤᠬᠳᠠᠭᠠᠨ ᠨᠡᠶᠢᠳᠡᠯᠡᠵᠦ᠂ ᠮᠠᠯ ᠡᠮᠨᠡᠬᠦ ᠰᠦᠢᠳᠬᠡᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠮᠠᠯᠴᠢᠨ ᠲᠠᠷᠢᠶᠠᠴᠢᠨ ᠤ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠤᠨ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠪᠤᠯᠤᠨ᠎ᠠ᠃ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠳᠤ 2024 ᠣᠨ ᠳᠤ 4.95 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠡᠭᠦᠨ ᠳᠤ ᠠᠶᠢᠮᠠᠭ ᠤᠨ ᠲᠣᠰ ᠱᠠᠲᠤᠨ ᠤ ᠪᠡᠯᠡ ᠮᠥᠩᠭᠦ 1.6 ᠳ᠋ᠦᠩᠰᠢᠭᠤᠷ ᠲᠥᠭᠦᠷᠢᠭ ᠤᠷᠤᠭᠤᠯᠤᠨ᠎ᠠ᠃      ᠠᠯᠢ ᠤᠯᠠᠨ ᠪᠤᠳᠠᠳᠠᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠮᠢᠬᠠᠨ ᠤ ᠦᠬᠡᠷ᠂ ᠮᠢᠬᠠᠨ ᠤ ᠬᠤᠨᠢ᠂ ᠴᠠᠭᠠᠨ ᠢᠳᠡᠭᠡ ᠵᠡᠷᠭᠡ ᠳᠠᠪᠠᠭᠤᠯᠢᠭ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠲᠡᠵᠢᠭᠡᠯ ᠡᠪᠡᠰᠤ ᠪᠣᠷᠳᠤᠭ᠎ᠠ ᠶᠢᠨ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ᠂ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ᠂ ᠠᠮᠢ ᠠᠬᠤᠢ ᠶᠢ ᠤᠷᠢᠳ ᠢᠶᠠᠷ ᠪᠤᠳᠤᠯᠭᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠲᠠᠯ᠎ᠠ ᠪᠠᠷ ᠰᠢᠯᠢ ᠶᠢᠨ ᠭᠤᠣᠯ ᠠᠶᠢᠮᠠᠭ ᠤᠨ ᠣᠨᠴᠠᠯᠢᠬᠳᠦ ᠰᠢᠨ᠎ᠡ ᠵᠠᠮ ᠢ ᠨᠡᠭᠡᠭᠡᠵᠡᠢ᠃      ᠰᠠᠶᠢᠨ ᠲᠥᠷᠥ ᠶᠢᠨ ᠪᠣᠳᠣᠯᠭ᠎ᠠ ᠨᠢ ᠰᠠᠶᠢᠨ ᠦᠷ᠎ᠡ ᠨᠥᠯᠥᠭᠡ ᠶᠢ ᠪᠣᠶ ᠪᠣᠯᠭᠠᠵᠤ᠂ ᠰᠠᠶᠢᠨ ᠶᠠᠰᠤ ᠴᠢᠨᠠᠷ ᠨᠢ ᠰᠠᠶᠢᠨ ᠨᠠᠷᠠᠲᠤ ᠲᠡᠮᠳᠡᠭ ᠢ ᠡᠭᠦᠳᠦᠨ᠎ᠠ᠃ ᠰᠢᠯᠢ ᠶᠢᠨ ᠭᠤᠤᠯ ᠠᠶᠢᠮᠠᠭ ᠲᠤ ᠤᠷᠢᠳ ᠬᠤᠵᠢᠳ ᠳᠤᠮᠳᠠᠳᠤ ᠤᠯᠤᠰ ᠤᠨ ᠤᠯᠠᠭᠠᠨ ᠢᠳᠡᠭᠡᠨ ᠤ ᠨᠡᠶᠢᠭᠡᠮᠯᠢᠭ ᠠᠴᠠ ︽ᠳᠤᠮᠳᠠᠳᠤ  ᠤᠯᠤᠰ  ᠤᠨ  ᠠᠮᠢ  ᠠᠬᠤᠢ ᠶᠢᠨ ᠬᠤᠨᠢᠨ ᠤ ᠳᠦᠪ︾ ᠤᠨ ᠴᠣᠯᠠ ᠣᠯᠭᠤᠵᠤ᠂ ᠤᠯᠤᠰ ᠤᠨ ᠵᠢᠰᠦᠨ ᠶᠠᠮᠤᠨ ᠵᠦᠪᠯᠡᠯ ᠠᠴᠠ ︽ᠰᠢᠯᠢ ᠶᠢᠨ ᠭᠤᠣᠯ ᠤᠨ ᠲᠠᠯ᠎ᠠ ᠨᠤᠲᠤᠭ ᠤᠨ ᠮᠢᠬᠠᠨ ᠤ ᠬᠤᠨᠢᠨ ᠤ ᠳᠤᠮᠳᠠᠳᠤ ᠤᠯᠤᠰ ᠤᠨ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ︾ ᠢᠶᠠᠷ ᠦᠨᠡᠯᠡᠵᠦ᠂ ︽ᠰᠢᠯᠢ ᠶᠢᠨ ᠭᠤᠣᠯ ᠤᠨ ᠬᠤᠨᠢᠨ ᠮᠢᠬ᠎ᠠ︾ ᠲᠦᠷᠦᠭᠦᠦ ᠪᠦᠯᠦᠭ ᠤᠨ ᠳᠤᠮᠳᠠᠳᠤ ᠤᠯᠤᠰ ᠤᠨ ᠵᠠᠭᠤᠨ ᠬᠦᠴᠦᠷᠬᠡᠭ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢᠶᠠᠷ ᠰᠣᠩᠭᠤᠭᠳᠠᠵᠤ᠂ ︽ᠰᠢᠯᠢ ᠶᠢᠨ ᠭᠤᠣᠯ ᠬᠤᠨᠢ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠨᠢ ᠭᠦᠳᠡᠭᠡ ᠠᠵᠦ ᠠᠬᠤᠢ ᠬᠥᠳᠡᠭᠡ ᠲᠣᠰᠬᠤᠨ ᠤ ᠶᠠᠮᠤᠨ ᠤ ︽ᠬᠦᠳᠡᠭᠡ ᠠᠵᠦ ᠠᠬᠤᠢ ᠶᠢᠨ ᠨᠠᠷᠠᠲᠤ ᠲᠡᠮᠳᠡᠭ ᠤᠨ ᠰᠢᠨ᠎ᠡ ᠶᠢ ᠡᠭᠦᠳᠦᠨ ᠬᠥᠭᠵᠢᠭᠰᠡᠨ ᠨᠡᠶᠢᠲᠡᠯᠢᠭ ᠬᠡᠷᠡᠭ ᠤᠨ ᠵᠢᠱᠢᠶ᠎ᠡ︾ ᠪᠠ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ︽ᠪᠥᠬᠦ ᠤᠯᠤᠰ ᠤᠨ ᠲᠠᠸᠠᠷ ᠤᠨ ᠲᠡᠮᠳᠡᠭ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠰᠢᠯᠢᠳᠡᠭ ᠬᠡᠷᠡᠭ ᠤᠨ ᠵᠢᠱᠢᠶ᠎ᠡ︾ ᠳᠤ ᠰᠤᠩᠭᠤᠬᠳᠠᠵᠦ᠂ ︽ᠰᠢᠯᠢ ᠶᠢᠨ ᠭᠤᠣᠯ ᠤᠨ ᠦᠬᠡᠷ ᠤᠨ ᠮᠢᠬ᠎ᠠ︾ ᠤᠯᠤᠰ ᠤᠨ ᠭᠠᠵᠠᠷ ᠵᠦᠢ ᠶᠢᠨ ᠢᠯᠡᠳᠭᠡᠮᠵᠢᠳᠦ ᠲᠠᠸᠠᠷ ᠤᠨ ᠲᠡᠮᠳᠡᠭ ᠢ ᠭᠥᠷᠳᠡᠵᠦ᠂ ︽ᠰᠢᠯᠢ ᠶᠢᠨ ᠭᠤᠣᠯ ᠴᠠᠭᠠᠨ ᠢᠳᠡᠭᠡ︾ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠳᠭᠡᠮᠵᠢᠳᠦ ᠳᠠᠩᠰᠠᠯᠠᠯᠲᠠ ᠪᠠ ᠭᠠᠵᠠᠷ ᠵᠦᠢ ᠶᠢᠨ ᠢᠯᠡᠳᠭᠡᠮᠵᠢᠳᠦ ᠲᠠᠸᠠᠷ ᠤᠨ ᠲᠡᠮᠳᠡᠭ ᠢᠶᠠᠷ ᠲᠠᠩᠰᠠᠯᠠᠬᠳᠠᠵᠦ᠂ ︽ᠬᠤᠸᠠᠰᠢ ᠦᠭᠡᠷ︾ ᠰᠢᠨ᠎ᠡ ᠡᠭᠦᠯᠳᠡᠷ ᠢᠶᠠᠷ ᠨᠡᠷᠡᠶᠢᠳᠦᠭᠳᠡᠭᠰᠡᠨ ᠪᠥᠭᠡᠳ ᠠᠯᠪᠠᠨ ᠶᠣᠰᠣᠭᠠᠷ ᠵᠠᠷᠯᠠᠨ ᠨᠡᠶᠢᠲᠡᠯᠡᠭᠳᠡᠵᠦ᠂ 22 ᠰᠢᠯᠢᠳᠡᠭ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ︽ᠪᠥᠬᠦ ᠤᠯᠤᠰ ᠤᠨ ᠨᠠᠷᠠᠲᠤ ᠣᠨᠴᠠᠯᠢᠬᠳᠦ ᠰᠢᠯᠢᠳᠡᠭ ᠰᠢᠨ᠎ᠡ ᠭᠠᠷᠴᠠᠭ︾ ᠲᠤ ᠵᠢᠬᠰᠠᠭᠠᠬᠳᠠᠵᠦ᠂ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠠᠩᠬ᠎ᠠ ᠠᠯᠬᠤᠮ ᠢᠯᠡᠷᠡᠪᠡ᠃      2023 ᠣᠨ ᠤ ᠮᠠᠯᠵᠢᠯ ᠤᠨ ᠤᠨ ᠳᠤ᠂ ᠪᠥᠬᠦ ᠠᠶᠢᠮᠠᠭ ᠤᠨ ᠦᠬᠡᠷ ᠤᠨ ᠲᠤᠭ᠎ᠠ 220 ᠲᠦᠮᠡ ᠳᠤ ᠬᠦᠷᠴᠦ᠂ ᠬᠤᠨᠢᠨ ᠤ ᠲᠤᠭ᠎ᠠ 1100 ᠲᠦᠮᠡ ᠳᠤ ᠬᠦᠷᠴᠦ᠂ ᠪᠥᠬᠦ  ᠵᠢᠯ  ᠳᠤ  815 ᠲᠦᠮᠡᠨ ᠮᠠᠯ ᠵᠠᠷᠤᠴᠠᠭᠤᠯᠵᠦ᠂ ᠤᠯᠠᠭᠠᠨ ᠢᠳᠡᠭᠡᠨ ᠤ ᠭᠠᠷᠤᠯᠲᠠ 32 ᠲᠦᠮᠡᠨ ᠲᠣᠨ ᠳᠤ ᠬᠦᠷᠴᠦ᠂ ᠰᠦ ᠶᠢᠨ ᠭᠠᠷᠤᠯᠲᠠ 60 ᠲᠦᠮᠡᠨ ᠲᠣᠨ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠲᠤᠯᠤᠭᠠᠶᠢᠯᠠᠭᠴᠢ ᠠᠵᠤ ᠠᠬᠤᠶᠢᠯᠠᠯ 72 ᠪᠣᠯᠵᠤ᠂ ᠦᠬᠡᠷ ᠬᠤᠨᠢᠨ ᠮᠢᠬ᠎ᠠ᠂ ᠴᠠᠭᠠᠨ ᠢᠳᠡᠭᠡᠨ ᠤ ᠳᠠᠪᠠᠭᠤᠯᠢᠭ ᠪᠠᠶᠢᠷᠢ ᠰᠠᠭᠤᠷᠢ ᠤᠯᠠᠮ ᠨᠢᠭᠡ ᠠᠯᠬᠤᠮ ᠪᠠᠬᠢᠵᠢᠪᠡ᠃ 3000 ᠲᠦᠮᠡᠨ ᠮᠦ ᠪᠠᠶᠢᠭᠠᠯᠢᠯᠢᠭ ᠬᠠᠳᠤᠯᠠᠩ ᠤᠨ ᠳᠠᠯᠠᠪᠠᠢ᠂ 80 ᠲᠦᠮᠡᠨ ᠮᠦ ᠥᠨᠳᠥᠷ ᠤᠨᠠᠯᠲᠠᠳᠦ ᠡᠪᠡᠰᠦ ᠪᠣᠷᠳᠤᠭ᠎ᠠ ᠶᠢᠨ ᠭᠠᠵᠠᠷ ᠢ ᠪᠤᠶᠢᠵᠢᠭᠤᠯᠵᠦ᠂ ᠵᠢᠯ ᠪᠦᠷᠢ ᠳᠤᠮᠳᠠᠴᠢ ᠪᠠᠷ 20 ᠳ᠋ᠦᠩᠰᠢᠭᠤᠷ ᠺᠢᠯᠣᠭ᠍ᠷᠠᠮ ᠠᠴᠠ ᠳᠡᠭᠡᠭᠰᠢ ᠡᠪᠡᠰᠦ ᠬᠠᠳᠤᠨ ᠨᠦᠭᠡᠴᠡᠯᠡᠵᠦ᠂ ᠡᠪᠡᠰᠦ ᠪᠣᠷᠳᠤᠭ᠎ᠠ ᠨᠥᠭᠡᠴᠡᠯᠡᠵᠦ ᠠᠷᠠᠯᠵᠢᠶᠠᠯᠠᠬᠤ ᠰᠠᠭᠤᠷᠢᠨ 161 ᠶᠢ ᠪᠠᠶᠢᠭᠤᠯᠵᠤ᠂ 3 ᠳ᠋ᠦᠩᠰᠢᠭᠤᠷ ᠺᠢᠯᠣᠭ᠍ᠷᠠᠮ ᠳᠡᠵᠢᠭᠡᠯ ᠡᠪᠡᠰᠦ ᠶᠢ ᠲᠥᠪᠯᠡᠷᠡᠭᠦᠯᠦᠨ ᠨᠥᠭᠡᠴᠡᠯᠡᠭᠦ ᠴᠢᠳᠠᠮᠵᠢ ᠲᠠᠢ ᠪᠤᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡ ᠶᠢ ᠢᠳᠡᠪᠬᠢᠲᠡᠢ ᠠᠬᠢᠭᠤᠯᠵᠣ᠂ ︽7+X︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ 91 ᠲᠥᠷᠥᠯ ᠵᠦᠢᠯ ᠢ ᠬᠡᠷᠡᠭᠵᠢᠭᠦᠯᠦᠨ᠂ 2.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 8.5 ᠲᠦᠮᠡᠨ ᠤᠳᠠᠭ᠎ᠠ ᠶᠢᠨ ᠦᠢᠯᠡᠴᠢᠯᠡᠭᠡ ᠥᠷᠨᠢᠭᠦᠯᠵᠦ᠂ ᠮᠠᠯ ᠤᠨ ᠡᠭᠦᠯᠳᠡᠷ ᠰᠠᠶᠢᠵᠢᠷᠠᠭᠤᠯᠬᠤ ᠪᠠ ᠬᠢᠵᠢᠭ ᠭᠡᠮ ᠢ ᠰᠡᠷᠭᠡᠶᠢᠯᠡᠨ ᠵᠠᠰᠠᠬᠤ᠂ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠯᠵᠢᠭᠦᠯᠦᠨ ᠲᠡᠭᠡᠭᠡᠪᠦᠷᠢᠯᠡᠵᠦ ᠰᠶᠢᠳᠪᠦᠷᠢᠯᠡᠬᠦ᠂ ᠡᠪᠡᠰᠦ ᠪᠣᠷᠳᠤᠭ᠎ᠠ ᠨᠥᠭᠡᠴᠡᠯᠡᠵᠦ ᠲᠣᠬᠢᠷᠠᠭᠤᠯᠤᠨ ᠬᠦᠷᠭᠡᠬᠦ ᠵᠡᠷᠭᠡ ᠲᠠᠯ᠎ᠠ ᠪᠠᠷ ᠮᠡᠳᠡᠭᠳᠡᠮ᠎ᠠ ᠦᠷ᠎ᠡ ᠪᠦᠲᠦᠮᠵᠢ ᠣᠯᠪᠠ᠃      ᠰᠠᠶᠢᠨ ᠲᠦᠷᠦ ᠶᠢᠨ ᠪᠣᠳᠣᠯᠭ᠎ᠠ ᠶᠢᠨ ᠵᠠᠩᠭᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠤᠢ᠃ ᠰᠢᠯᠢ ᠶᠢᠨ ᠭᠤᠤᠯ ᠠᠶᠢᠮᠠᠭ ᠶᠡᠷᠦᠩᠬᠡᠢ ᠱᠦᠵᠢ ᠰᠢ ᠶᠢᠨ ᠫᠢᠩ ᠤᠨ ︽ᠭᠦᠳᠡᠭᠡ ᠠᠵᠦ ᠠᠬᠤᠢ ᠬᠥᠳᠡᠭᠡ ᠲᠣᠰᠬᠤᠨ ᠲᠠᠷᠢᠶᠠᠴᠢᠨ︾ ᠤ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠦᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ ᠭᠠᠵᠠᠷ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠠᠷᠠᠯᠳᠡ ᠪᠠᠷ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠤ᠂ ᠭᠤᠣᠯᠳᠠᠯᠭ᠎ᠠ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠵᠤ᠂ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠂ ᠨᠠᠷᠠᠲᠤ ᠲᠡᠮᠳᠡᠭᠵᠢᠭᠦᠯᠬᠦ ᠳᠡᠭᠡᠷ᠎ᠡ ᠦᠷᠭᠦᠯᠵᠢᠯᠡᠨ ᠬᠦᠴᠦᠯᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠬᠦ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ  ᠲᠠᠯ᠎ᠠ  ᠪᠠᠷ  ᠰᠢᠪᠲᠤᠯᠤᠯᠲᠠ  ᠭᠠᠷᠭᠠᠬᠤ ᠪᠠᠷ ᠴᠢᠷᠮᠠᠶᠢᠵᠦ᠂ ᠪᠥᠬᠦ ᠠᠶᠢᠮᠠᠭ ᠤᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾   ᠤ ᠠᠵᠢᠯ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠠᠬᠢᠭᠤᠯᠵᠦ ᠨᠠᠩ ᠶᠡᠭᠡ ᠦᠷ᠎ᠡ ᠪᠦᠲᠦᠮᠵᠢ ᠤᠯᠤᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号