2023 ᠣᠨ ᠠᠴᠠ ᠨᠠᠭᠠᠰᠢ᠂ ᠠᠷᠠᠳ ᠤᠨ ᠪᠠᠩᠬᠢ ᠶᠢᠨ ᠰᠢᠯᠢ ᠶᠢᠨ ᠭᠤᠣᠯ ᠤᠨ ᠬᠤᠪᠢᠶᠠᠷᠢ ᠪᠠᠩᠬᠢ ᠨᠢ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ︽ᠠᠮᠢ ᠠᠬᠤᠢ ᠶᠢ ᠤᠷᠢᠳ ᠢᠶᠠᠷ ᠪᠤᠳᠤᠯᠭᠢᠯᠠᠬᠤ᠂ ᠪᠣᠬᠢᠷᠲᠤᠯ | ᠦᠭᠡᠢ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ | ᠰᠠᠶᠢᠲᠤᠷ ᠵᠠᠮᠨᠠᠬᠤ︾ ᠲᠤᠬᠠᠢ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠢ | ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠮᠥᠩᠭᠦᠨ | ᠭᠦᠢᠯᠭᠡᠭᠡᠨ ᠤ ᠳᠡᠮᠵᠢᠯᠭᠡ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠪᠡ᠃ | ᠠᠷᠠᠳ ᠤᠨ ᠪᠠᠩᠬᠢ ᠶᠢᠨ ᠰᠢᠯᠢ ᠶᠢᠨ ᠭᠤᠣᠯ ᠤᠨ ᠬᠤᠪᠢᠶᠠᠷᠢ ᠪᠠᠩᠬᠢ ᠶᠢᠨ ᠪᠦᠲᠦᠴᠡ ᠶᠢᠨ ᠴᠢᠨᠠᠷᠲᠠᠢ | ᠵᠣᠭᠤᠰᠤᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠶᠢᠮᠠᠭ ᠤᠨ ᠳᠠᠷᠤᠭ᠎ᠠ ᠶᠢᠨ | ᠱᠠᠯᠠᠪᠳᠠᠭᠤᠯᠤᠨ ᠰᠶᠢᠳᠪᠦᠷᠢᠯᠡᠭᠦᠯᠬᠦ ᠵᠦᠢᠯᠡᠰ ᠲᠤ ᠣᠷᠣᠭᠤᠯᠤᠭᠰᠠᠨ ᠠᠴᠠ ᠨᠠᠭᠠᠰᠢ᠂ ᠠᠷᠠᠳ ᠤᠨ ᠪᠠᠩᠬᠢ ᠶᠢᠨ | ᠰᠢᠯᠢ ᠶᠢᠨ ᠭᠤᠣᠯ ᠤᠨ ᠬᠤᠪᠢᠶᠠᠷᠢ ᠪᠠᠩᠬᠢ ᠨᠢ ᠬᠥᠭᠵᠢᠭᠦᠯᠦᠯᠲᠡ ᠥᠭᠡᠷᠡᠴᠢᠯᠡᠯᠲᠡ᠂ ᠡᠨᠧᠷᠭᠢ᠂ ᠵᠠᠮ ᠬᠠᠷᠢᠯᠴᠠᠭ᠎ᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠳᠪᠦᠷᠢ ᠮᠡᠳᠡᠭᠡ ᠵᠠᠩᠭᠢ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠲᠠᠢ ᠬᠠᠮᠵᠢᠯᠴᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ᠂ ᠲᠥᠪ ᠪᠠᠩᠬᠢ ᠶᠢᠨ | ᠪᠦᠲᠦᠴᠡ ᠶᠢᠨ ᠴᠢᠨᠠᠷᠲᠠᠢ ᠵᠣᠭᠤᠰᠤᠨ ᠤ ᠲᠥᠷᠥ ᠶᠢᠨ ᠪᠣᠳᠣᠯᠭ᠎ᠠ ᠶᠢ ᠣᠷᠣᠨ ᠨᠤᠲᠤᠭ ᠤᠨ ᠠᠵᠤ ᠦᠢᠯᠡᠰ ᠤᠨ | ᠬᠥᠭᠵᠢᠯᠲᠡ ᠳᠤᠮᠳᠠ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠪᠠ᠃ | ᠠᠷᠠᠳ ᠤᠨ ᠪᠠᠩᠬᠢ ᠶᠢᠨ ᠰᠢᠯᠢ ᠶᠢᠨ ᠭᠤᠣᠯ ᠤᠨ ᠬᠤᠪᠢᠶᠠᠷᠢ ᠪᠠᠩᠬᠢ ᠨᠢ ᠤᠯᠠᠷᠢᠯ ᠪᠤᠯᠭᠠᠨ ᠬᠠᠷᠢᠶᠠᠨ ᠳᠠᠬᠢ | ᠮᠥᠩᠭᠦᠨ ᠭᠦᠢᠯᠭᠡᠭᠡᠨ ᠤ ᠪᠠᠶᠢᠭᠤᠯᠤᠮᠵᠢ ᠳᠠᠭᠠᠨ ᠲᠥᠷᠥᠯ ᠵᠦᠢᠯ ᠵᠢᠴᠢ 50 ᠠᠵᠤ ᠠᠬᠤᠶᠢᠯᠠᠯ ᠤᠨ ᠨᠡᠷᠡᠰ ᠢ | ᠬᠦᠷᠭᠡᠨ ᠥᠭᠴᠦ᠂ ᠪᠠᠩᠬᠢ ᠪᠠ ᠠᠵᠤ ᠠᠬᠤᠶᠢᠯᠠᠯ ᠢ ᠢᠳᠡᠪᠬᠢᠳᠠᠢ ᠵᠣᠯᠭᠠᠭᠤᠯᠬᠤ ᠶᠢᠨ ᠬᠠᠮᠲᠤ ᠰᠠᠷ᠎ᠠ ᠪᠦᠷᠢ ᠪᠡᠯᠡ | ᠬᠤᠷᠠᠮᠳᠤᠭᠤᠯᠭ᠎ᠠ ᠶᠢ ᠵᠣᠯᠭᠠᠭᠤᠯᠬᠤ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠪᠡ᠃ 2023 ᠣᠨ ᠠᠴᠠ ᠨᠠᠭᠠᠰᠢ | ᠠᠶᠢᠮᠠᠭ ᠤᠨ ᠳᠣᠲᠣᠭᠠᠳᠤ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠡᠷᠡᠰ ᠤᠨ ᠵᠢᠭᠰᠠᠭᠠᠯᠲᠠ ᠳᠠᠬᠢ ᠠᠵᠤ | ᠠᠬᠤᠶᠢᠯᠠᠯ ᠳᠤ ᠨᠡᠶᠢᠲᠡ 16.08 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠷᠬᠠᠭᠠᠵᠦ᠂ ᠪᠥᠬᠦ ᠣᠷᠣᠨ ᠤ | ᠠᠩᠬᠠᠳᠠᠭᠴᠢ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠶᠢ ᠪᠠᠭᠠᠰᠬᠠᠬᠤ ᠲᠥᠷᠥᠯ ᠵᠦᠢᠯ ᠤᠨ ᠵᠢᠭᠡᠯᠡᠯᠭᠡ ᠶᠢ ᠥᠪᠥᠷ ᠮᠣᠩᠭᠤᠯ ᠪᠠᠩᠬᠢ ᠶᠢᠨ ᠰᠢᠯᠢ ᠶᠢᠨ | ᠭᠤᠣᠯ ᠤᠨ ᠬᠤᠪᠢᠶᠠᠷᠢ ᠪᠠᠩᠬᠢ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ᠃ ᠠᠶᠢᠮᠠᠭ ᠤᠨ ᠳᠣᠲᠣᠭᠠᠳᠤ ᠶᠢᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠲᠥᠷᠥᠯ ᠵᠦᠢᠯ ᠤᠨ ᠵᠢᠭᠡᠯᠡᠯᠭᠡ ᠶᠢ ᠨᠡᠶᠢᠲᠡ 97.03 | ᠳ᠋ᠦᠩᠰᠢᠭᠤᠷ ᠲᠥᠭᠦᠷᠢᠭ ᠲᠠᠷᠬᠠᠭᠠᠪᠠ᠃ ᠡᠭᠦᠨ ᠳᠤ ᠠᠶᠢᠮᠠᠭ ᠤᠨ ᠳᠣᠲᠣᠭᠠᠳᠤ ᠶᠢᠨ ᠮᠥᠩᠭᠦᠨ ᠭᠦᠢᠯᠭᠡᠭᠡᠨ ᠤ | ᠪᠠᠶᠢᠭᠤᠯᠤᠮᠵᠢ 22 ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠲᠥᠷᠥᠯ ᠵᠦᠢᠯ ᠤᠨ ᠵᠢᠭᠡᠯᠡᠯᠭᠡ ᠶᠢ ᠨᠡᠶᠢᠲᠡ 72.80 | ᠳ᠋ᠦᠩᠰᠢᠭᠤᠷ ᠲᠥᠭᠦᠷᠢᠭ ᠲᠠᠷᠬᠠᠭᠠᠪᠠ︔ ᠠᠶᠢᠮᠠᠭ ᠤᠨ ᠳᠣᠲᠣᠭᠠᠳᠤ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ | 7 ᠠᠵᠤ ᠠᠬᠤᠶᠢᠯᠠᠯ ᠳᠤ ᠨᠡᠭᠦᠷᠡᠰᠦ ᠶᠢ ᠴᠡᠪᠡᠷ ᠪᠦᠭᠡᠳ ᠥᠨᠳᠥᠷ ᠪᠦᠲᠦᠮᠵᠢᠲᠡᠶ ᠠᠰᠢᠭᠯᠠᠬᠤ ᠶᠢ ᠳᠡᠮᠵᠢᠬᠦ ᠵᠢᠭᠡᠯᠡᠯᠭᠡ | 24.23 ᠳ᠋ᠦᠩᠰᠢᠭᠤᠷ ᠲᠥᠭᠦᠷᠢᠭ ᠲᠠᠷᠬᠠᠭᠠᠵᠦ᠂ 2023 ᠣᠨ ᠳᠤ ᠨᠡᠭᠦᠷᠡᠰᠦ ᠶᠢ ᠴᠡᠪᠡᠷ ᠪᠦᠭᠡᠳ ᠥᠨᠳᠥᠷ | ᠪᠦᠲᠦᠮᠵᠢᠲᠡᠶ ᠠᠰᠢᠭᠯᠠᠬᠤ ᠶᠢ ᠳᠡᠮᠵᠢᠬᠦ ᠲᠤᠰᠬᠠᠢ ᠲᠦᠷᠦᠯ ᠤᠨ ᠳᠠᠬᠢᠨ ᠵᠢᠭᠡᠯᠡᠯᠭᠡ ᠶᠢ ᠨᠠᠶᠢᠳᠠ 21.69 | ᠳ᠋ᠦᠩᠰᠢᠭᠤᠷ ᠲᠥᠭᠦᠷᠢᠭ ᠤᠯᠪᠠ᠃ | ᠠᠶᠢᠮᠠᠭ ᠤᠨ ᠳᠣᠲᠣᠭᠠᠳᠤ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠯᠣᠭᠰᠠᠨ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠲᠦᠷᠦᠯ ᠵᠦᠢᠯ ᠤᠨ ᠵᠢᠭᠡᠯᠡᠯᠭᠡ᠂ ᠨᠡᠭᠦᠷᠡᠰᠦ ᠶᠢ ᠴᠡᠪᠡᠷ | ᠪᠥᠭᠡᠳ ᠥᠨᠳᠥᠷ ᠪᠦᠲᠦᠮᠵᠢᠲᠡᠶ ᠠᠰᠢᠭᠯᠠᠬᠤ ᠶᠢ ᠳᠡᠮᠵᠢᠬᠦ ᠲᠤᠰᠬᠠᠢ ᠲᠦᠷᠦᠯ ᠤᠨ ᠳᠠᠬᠢᠨ ᠵᠢᠭᠡᠯᠡᠯᠭᠡ ᠶᠢᠨ ᠪᠡᠯᠡ | ᠮᠥᠩᠭᠦ ᠶᠢᠨ ᠬᠡᠮᠵᠢᠶ᠎ᠡ ᠪᠥᠬᠦ ᠣᠷᠣᠨ ᠳᠤ ᠭᠤᠷᠪᠠᠳᠤᠭᠠᠷ ᠲᠤ ᠣᠷᠣᠪᠠ᠃ |