ᠠᠶᠢᠮᠠᠭ ᠤᠨ ᠨᠠᠮ ᠤᠨ ᠬᠤᠷᠢᠶ᠎ᠠ 2024 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠯᠳᠠ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ᠂ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/13
     4 ᠰᠠᠷ᠎ᠠ ᠶᠢᠨ 12᠎ ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2024 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠬᠢᠨᠠᠯᠲᠠ ᠳᠠᠯᠪᠢᠯᠳᠠ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ᠂ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ 3 ᠰᠠᠷ᠎ᠠ ᠶᠢᠨ 29᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠥᠷᠭᠡᠳᠬᠡᠨ᠂ ᠳᠠᠪᠠᠭᠤᠯᠢᠭ ᠢᠶᠠᠨ ᠬᠤᠪᠢᠷᠠᠭᠤᠯᠤᠨ ᠨᠣᠭᠤᠭᠠᠷᠠᠭᠤᠯᠤᠯᠲᠠ ᠶᠢ ᠬᠥᠭᠵᠢᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠨᠣᠭᠤᠭᠠᠷᠠᠭᠤᠯᠤᠯᠲᠠ ᠶᠢ ᠬᠠᠮᠠᠭᠠᠯᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠪᠣᠬᠢᠷᠲᠤᠯ ᠦᠭᠡᠢ ᠬᠥᠷᠥᠩᠭᠡ︾᠎ ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠴᠠᠬᠳᠠᠨ ᠪᠠᠶᠢᠴᠠᠭᠠᠬᠤ ᠠᠵᠢᠯ ᠤᠨ ᠣᠨᠣᠪᠴᠢ ᠶᠢᠨ ᠬᠡᠮᠵᠢᠶ᠎ᠡ ᠪᠣᠯᠣᠨ ᠦᠷ᠎ᠡ ᠪᠦᠲᠦᠮᠵᠢᠲᠦ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠠᠬᠳᠠᠨ ᠪᠠᠶᠢᠴᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠦᠨᠡᠨ ᠬᠦ ᠰᠠᠶᠢᠲᠤᠷ ᠠᠳᠬᠤᠵᠤ᠂ ᠮᠠᠨ ᠤ ᠠᠶᠢᠮᠠᠭ ᠤᠨ ᠴᠠᠬᠳᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠢᠭᠤᠴᠠ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠢᠭᠤᠴᠠ ᠶᠢ ᠬᠠᠮᠠᠭᠠᠯᠠᠬᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠴᠢᠩᠭᠠᠳᠬᠠᠨ᠂ ᠰᠢᠨ᠎ᠡ ᠪᠠᠶᠢᠳᠠᠯ ᠳᠣᠣᠷᠠᠬᠢ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠤᠨ ᠰᠠᠬᠢᠯᠭ᠎ᠠ ᠪᠠᠲᠤ  ᠪᠠᠶᠢᠴᠠᠭᠠᠬᠤ  ᠬᠤᠷᠢᠶ᠎ᠠ  ᠤᠯᠤᠰ  ᠤᠨ  ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠯᠳᠠ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠬᠦᠴᠦᠯᠡᠨ ᠵᠠᠰᠠᠵᠤ᠂ ᠨᠡᠶᠢᠭᠡᠮ ᠤᠨ ᠬᠡᠪ ᠰᠤᠷᠲᠠᠯ ᠢ ᠦᠷᠭᠦᠯᠵᠢᠯᠡᠨ ᠴᠡᠪᠡᠷᠰᠢᠭᠦᠯᠵᠦ᠂ ᠲᠥᠪ ᠭᠤᠥᠯᠴᠢ ᠰᠢᠳᠤᠷᠭᠤ ᠶᠣᠰᠣ ᠶᠢ ᠦᠨᠡᠨ ᠬᠦ ᠬᠠᠮᠠᠭᠠᠯᠠᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠬᠢᠨᠠᠯᠲᠠ ᠲᠠᠯᠪᠢᠯᠳᠠ ᠶᠢ ᠨᠡᠪᠲᠡᠷᠡᠭᠦᠯᠦᠨ ᠵᠣᠬᠢᠴᠠᠭᠤᠯᠬᠤ ᠡᠯ᠎ᠡ ᠵᠦᠢᠯ ᠤᠨ ᠠᠵᠢᠯ ᠢ ᠤᠯᠠᠮ ᠰᠠᠶᠢᠲᠤᠷ ᠬᠢᠵᠦ᠂ ᠲᠦᠭᠵᠢᠷᠡᠯ ᠢ ᠨᠡᠪᠲᠡᠷᠡᠭᠦᠯᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠢᠨᠠᠯᠲᠠ ᠲᠠᠯᠪᠢᠯᠳᠠ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽2023 ᠣᠨ ᠤ ᠪᠦᠬᠦ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢᠨ ᠬᠤᠷᠠᠯ ᠤᠨ ᠦᠨᠡᠯᠡᠨ ᠳᠤᠷᠠᠳᠤᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠥᠯ︾ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠭᠤᠣᠯᠳᠠᠯᠭ᠎ᠠ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠢᠳᠠᠪᠤᠷᠢᠲᠠᠨ ᠢ ᠳᠠᠳᠠᠨ ᠠᠪᠴᠢᠷᠠᠵᠤ ᠴᠢᠳᠠᠪᠤᠷᠢᠲᠠᠨ ᠢ ᠬᠥᠮᠥᠵᠢᠭᠦᠯᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠲᠣᠪᠤᠶᠢᠯᠭᠠᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠦ ᠴᠢᠨᠠᠷ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠦ ᠬᠢᠨᠠᠨ ᠵᠥᠪᠯᠡᠪᠡ᠃                                                         ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号