ᠠᠶᠢᠮᠠᠭ ᠤᠨ ᠵᠠᠬᠢᠷᠭ᠎ᠠ 2024 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/13
     4 ᠰᠠᠷ᠎ᠠ ᠶᠢᠨ 12᠎ ᠤᠨ ᠡᠳᠦᠷ᠂ ᠠᠶᠢᠮᠠᠭ ᠤᠨ ᠵᠠᠬᠢᠷᠭ᠎ᠠ 2024 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠪᠡ᠃      ᠬᠤᠷᠠᠯ ᠠᠴᠠ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ᠂ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠣᠭᠠᠴᠢᠯᠠᠭᠰᠠᠨ ᠴᠢᠳᠠᠪᠤᠷᠢ ᠪᠣᠯᠣᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢᠨ ᠨᠡᠭᠡᠭᠡᠨ ᠠᠰᠢᠭᠯᠠᠯᠲᠠ ᠶᠢ ᠭᠦᠨᠵᠡᠭᠡᠶᠢᠷᠡᠭᠦᠯᠦᠨ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠡᠨᠧᠷᠭᠢ ᠶᠢᠨ ᠲᠣᠨᠣᠭᠯᠠᠯ ᠦᠢᠯᠡᠳᠭᠡᠯ ᠤᠨ ᠠᠵᠤ ᠦᠢᠯᠡᠰ ᠤᠨ ᠬᠥᠭᠵᠢᠯᠲᠡ ᠶᠢᠨ ᠵᠦᠢᠯᠡᠰ ᠢ ᠰᠤᠳᠤᠯᠵᠤ᠂ ᠰᠢᠯᠢ ᠶᠢᠨ ᠭᠤᠣᠯ ᠠᠶᠢᠮᠠᠭ ᠤᠨ ᠴᠡᠪᠡᠷ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ᠂ ᠡᠨᠧᠷᠭᠢ ᠶᠢᠨ ᠲᠤᠨᠤᠬᠯᠠᠯ ᠦᠢᠯᠡᠳᠭᠡᠯ ᠤᠨ ᠵᠠᠬ᠎ᠠ ᠳᠡᠯᠭᠡᠭᠦᠷ ᠤᠨ ᠣᠷᠣᠨ ᠵᠠᠢ᠂ ᠬᠢᠮᠳᠠ ᠪᠤᠬᠢᠷᠳᠦᠯ ᠦᠭᠡᠢ ᠴᠠᠬᠢᠯᠭᠠᠨ ᠪᠠ ᠳᠡᠮᠵᠢᠯᠭᠡ ᠶᠢᠨ ᠴᠢᠨᠠᠷᠲᠠᠢ ᠲᠥᠷᠥ ᠶᠢᠨ ᠪᠣᠳᠣᠯᠭ᠎ᠠ ᠳᠤ ᠰᠠᠭᠤᠷᠢᠯᠠᠨ᠂ ᠰᠠᠯᠭᠢᠨ ᠭᠦᠴᠦᠨ ᠤ ᠴᠠᠬᠢᠯᠭᠠᠨ ᠭᠡᠷᠡᠯᠴᠢ ᠴᠡᠨᠡᠭ ᠤᠰᠤᠲᠥ᠋ᠷᠥᠭᠴᠢ ᠨᠥᠭᠡᠴᠡ ᠡᠨᠧᠷᠭᠢ᠂ ᠪᠤᠬᠢᠷᠳᠦᠯ ᠦᠭᠡᠢ ᠴᠠᠬᠢᠯᠭᠠᠨ + ᠥᠨᠳᠥᠷ ᠠᠴᠢᠶᠠᠯᠠᠪᠤᠷᠢᠳᠦ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠠᠷᠠᠯᠵᠢᠶᠠᠴᠢᠨ ᠤᠷᠢᠬᠤ ᠡᠷᠴᠢᠮ ᠢᠶᠠᠨ ᠴᠢᠩᠭᠠᠷᠠᠭᠤᠯᠦᠨ᠂ ᠠᠵᠢᠯ ᠲᠥᠷᠥᠯ ᠤᠨ ᠠᠷᠠᠯᠵᠢᠶᠠᠨ ᠤ ᠨᠡᠶᠢᠭᠡᠮᠯᠢᠭ᠂ ᠲᠤᠯᠤᠭᠠᠶᠢᠯᠠᠭᠴᠢ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠲᠣᠨᠣᠬᠯᠠᠯ ᠦᠢᠯᠡᠳᠭᠡᠯ ᠤᠨ ᠠᠵᠤ ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠭᠡᠮᠵᠢᠭᠳᠡᠯ ᠳᠤ ᠭᠦᠷᠭᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠭᠤᠣᠯᠳᠠᠯᠭ᠎ᠠ ᠶᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠡᠨᠧᠷᠭᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠡᠶᠢᠰᠢ  ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠪᠠ ᠰᠢᠨ᠎ᠡ ᠡᠨᠧᠷᠭᠢ ᠶᠢᠨ ᠥᠪᠡᠷ ᠢᠶᠠᠨ ᠬᠡᠷᠡᠭᠯᠡᠵᠦ ᠰᠢᠩᠭᠡᠬᠡᠨ ᠠᠪᠬᠤ ᠵᠡᠷᠭᠡ ᠭᠤᠣᠯᠳᠠᠯᠭ᠎ᠠ ᠲᠠᠢ ᠠᠵᠢᠯ ᠢ ᠪᠣᠳᠠᠲᠠᠢ ᠰᠠᠶᠢᠲᠤᠷ ᠠᠳᠬᠤᠵᠤ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠡᠷᠭᠢᠯᠳᠦᠭᠦᠯᠦᠨ ᠠᠰᠢᠭᠯᠠᠬᠤ ᠶᠢ ᠴᠢᠨᠠᠭᠰᠢᠳᠠ ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠭᠢᠯᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠵᠠᠮ ᠢᠶᠠᠷ ᠯᠠᠪᠳᠠᠭᠤᠨ ᠪᠠᠲᠤᠲᠠᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃                                         ᠣᠷᠴᠢᠭᠤᠯᠣᠭᠴᠢ᠄ ᠣᠶᠣᠩᠬᠤᠸᠠᠷ    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号