︽ᠵᠢᠭᠠᠬᠠᠨ ᠭᠦᠯᠦᠭ︾ ᠨᠠᠷᠠᠲᠤ ᠲᠡᠮᠳᠡᠭ ᠤᠨ ᠬᠥᠭᠵᠢᠯᠲᠡ ᠶᠢᠨ ᠠᠯᠤᠰ ᠤᠨ ᠲᠦᠯᠦᠪᠯᠡᠭᠡ ᠶᠢ ᠬᠠᠮᠲᠤ ᠪᠠᠷ ᠵᠥᠪᠳᠡᠯᠴᠡᠪᠡ
ᠨᠡᠶᠢᠲᠡᠯᠡᠭᠰᠡᠨ ᠴᠠᠭ᠄
2024/4/13
     4 ᠰᠠᠷ᠎ᠠ ᠶᠢᠨ 13᠎ ᠤ ᠡᠳᠦᠷ᠂ ᠰᠢᠯᠢ ᠶᠢᠨ ᠭᠤᠣᠯ ᠠᠶᠢᠮᠠᠭ ᠠᠴᠠ ᠨᠠᠷᠢᠨ ᠨᠢᠮᠪᠠᠢ ᠵᠣᠬᠢᠶᠠᠨ ᠪᠠᠶᠢᠭᠤᠯᠤᠭᠰᠠᠨ ︽ᠵᠢᠭᠠᠬᠠᠨ ᠭᠦᠯᠦᠭ︾ ᠨᠡᠷᠡᠳᠦ ᠲᠡᠮᠳᠡᠭ ᠢ ᠡᠭᠦᠳᠬᠦ ᠶᠠᠷᠢᠯᠴᠠᠬᠤ ᠬᠤᠷᠠᠯ ᠵᠢᠴᠢ ᠠᠷᠠᠯᠵᠢᠶᠠᠴᠢᠨ ᠤᠷᠢᠵᠤ ᠲᠠᠨᠢᠯᠴᠠᠭᠤᠯᠬᠤ ᠬᠤᠷᠠᠯ ᠨᠡᠶᠢᠰᠯᠡᠯ ᠪᠡᠭᠡᠵᠢᠩ ᠳᠤ ᠬᠤᠷᠠᠯᠳᠤᠪᠡ᠃ ᠪᠡᠭᠡᠵᠢᠩ ᠲᠢᠶᠠᠨᠵᠢᠨ ᠾᠧᠪᠧᠢ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠠᠴᠠ ᠢᠷᠡᠭᠰᠡᠨ ᠠᠳᠤᠭᠤᠨ ᠤ ᠠᠵᠦ ᠦᠢᠯᠡᠰ ᠤᠨ ᠨᠡᠶᠢᠭᠡᠮᠯᠢᠭ᠂ ᠮᠣᠷᠢᠨ ᠮᠡᠷᠭᠡᠵᠢᠯ ᠤᠨ ᠨᠡᠶᠢᠭᠡᠮᠯᠢᠭ ᠤᠨ ᠲᠥᠯᠥᠭᠡᠯᠡᠭᠴᠢ᠂ ᠠᠳᠤᠭᠤᠨ ᠤ ᠠᠵᠤ ᠦᠢᠯᠡᠰ ᠤᠨ ᠬᠦᠷᠢᠶᠡᠨ ᠤ ᠲᠤᠰᠬᠠᠢ ᠮᠡᠷᠭᠡᠵᠢᠯᠲᠡᠨ᠂   ᠫᠷᠤᠹᠧᠰᠰᠤᠷ᠂ ᠡᠷᠳᠡᠮᠲᠡᠨ᠂ ᠮᠣᠷᠢᠨ ᠮᠡᠷᠭᠡᠵᠢᠯ ᠤᠨ ᠺᠯᠦ᠋ᠪ᠂ ᠪᠣᠯᠪᠠᠰᠤᠷᠠᠯ ᠤᠨ ᠰᠠᠭᠤᠷᠢᠨ ᠭᠠᠵᠠᠷ᠂ ᠨᠠᠮᠨᠠᠯᠳᠠ ᠶᠢᠨ ᠳᠡᠭᠡᠳᠦ ᠰᠤᠷᠭᠠᠭᠤᠯᠢ ᠶᠢᠨ ᠲᠥᠯᠥᠭᠡᠯᠡᠭᠴᠢ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠥᠯᠥᠭᠡᠯᠡᠭᠴᠢ 70 ᠭᠠᠷᠤᠢ ᠬᠥᠮᠥᠨ ᠨᠢᠭᠡ ᠲᠠᠩᠬᠢᠮ ᠳᠤ ᠴᠤᠭᠯᠠᠷᠠᠵᠤ᠂ ︽ᠵᠢᠭᠠᠬᠠᠨ ᠭᠦᠯᠦᠭ︾ ᠨᠠᠷᠠᠲᠤ ᠲᠡᠮᠳᠡᠭ ᠤᠨ ᠡᠭᠦᠳᠦᠯᠳᠡ᠂ ᠬᠥᠭᠵᠢᠯᠲᠡ ᠶᠢᠨ ᠪᠠᠶᠢᠷᠢᠯᠠᠭᠤᠯᠤᠯᠲᠠ᠂ ᠵᠠᠬ᠎ᠠ ᠳᠡᠯᠭᠡᠭᠦᠷ ᠤᠨ ᠣᠷᠣᠨ ᠵᠠᠢ᠂ ᠲᠠᠰᠬᠠᠨ ᠲᠡᠵᠢᠭᠡᠭᠦ᠂ ᠳᠡᠯᠭᠡᠷᠡᠭᠦᠯᠦᠨ ᠬᠠᠮᠲᠤᠷᠠᠯᠴᠠᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠵᠦ᠂ ᠡᠭᠦᠨ ᠳᠤ ᠬᠤᠷᠠᠯ ᠳᠤ ᠤᠷᠤᠯᠴᠠᠬᠰᠠᠳ ᠤᠨ ᠲᠤᠳᠤᠷ᠎ᠠ ᠪᠡᠭᠡᠵᠢᠩ ᠤᠨ ᠯᠠᠩ ᠵᠶᠢ᠂ ᠳ᠋ᠦᠩ ᠰᠢ ᠵᠤᠸᠠᠩ ᠶᠤᠸᠠᠨ᠂ ᠰᠢ ᠶᠤᠸᠠᠨ ᠢᠦᠢ ᠮᠠ ᠵᠡᠷᠭᠡ 29 ᠨᠠᠷᠠᠲᠤ ᠮᠣᠷᠢᠨ ᠮᠡᠷᠭᠡᠵᠢᠯ ᠤᠨ ᠺᠯᠦ᠋ᠪ ᠤᠨ ᠬᠢᠨ ᠪᠣᠶ᠃ ᠳᠤᠮᠳᠠᠳᠤ ᠤᠯᠤᠰ ᠤᠨ ᠠᠳᠤᠭᠤᠨ ᠤ ᠠᠵᠦ ᠦᠢᠯᠡᠰ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠶᠤᠸᠠᠢ ᠭᠤᠤ  ᠹᠧᠩ ᠬᠤᠷᠠᠯ ᠳᠤ ᠣᠷᠣᠯᠴᠠᠬᠰᠠᠨ ᠪᠦᠭᠡᠳ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠪᠦᠬᠦ ᠠᠶᠢᠮᠠᠭ ᠤᠨ ᠠᠳᠤᠭᠤᠨ ᠤ ᠠᠵᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠳᠤᠭᠤᠨ ᠰᠣᠶᠣᠯ ᠤᠨ ᠵᠢᠭᠤᠯᠴᠢᠯᠠᠯ ᠪᠣᠯᠣᠨ ︽ᠵᠢᠭᠠᠬᠠᠨ ᠭᠦᠯᠦᠭ︾ ᠎ ᠤᠨ ᠲᠦᠷᠦᠯ ᠵᠦᠢᠯ ᠤᠨ ᠪᠦᠭᠦ ᠲᠠᠯ᠎ᠠ ᠶᠢᠨ ᠬᠠᠮᠳᠤᠷᠠᠯᠴᠠᠭ᠎ᠠ ᠶᠢᠨ ᠲᠤᠬᠠᠢ ᠭᠦᠨᠵᠡᠭᠡᠢ ᠲᠠᠨᠢᠯᠴᠠᠭᠤᠯᠭ᠎ᠠ ᠬᠢᠪᠡ᠃      ᠨᠢᠳᠦᠨᠦᠨ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ ᠳᠤᠮᠳᠠᠳᠤ ᠤᠯᠤᠰ ᠤᠨ ᠠᠳᠤᠭᠤᠨ ᠤ ᠠᠵᠦ ᠦᠢᠯᠡᠰ ᠤᠨ ᠨᠡᠶᠢᠭᠡᠮᠯᠢᠭ᠂ ᠴᠢ ᠵᠶᠢ ︵ᠱᠧᠨᠵᠧᠨ︶ ᠣᠯᠠᠨ ᠤᠯᠤᠰ ᠤᠨ ᠮᠣᠷᠢᠨ ᠮᠡᠷᠭᠡᠵᠢᠯ ᠤᠨ ᠺᠯᠦ᠋ᠪ ᠤᠨ ᠬᠢᠵᠠᠭᠠᠷᠲᠤ ᠺᠣᠮᠫᠠᠨᠢ ᠲᠠᠢ ᠬᠠᠮᠳᠤᠷᠠᠨ ᠰᠢᠯᠢ ᠶᠢᠨ ᠭᠤᠣᠯ ᠤᠨ Pony ᠠᠳᠤᠭᠤᠨ ᠤ ᠨᠠᠷᠠᠲᠤ ᠲᠡᠮᠳᠡᠭ ᠢ ᠡᠭᠦᠳᠦᠭᠰᠡᠨ ᠪᠦᠭᠡᠳ ᠲᠡᠭᠦᠨ ᠢ ︽ᠵᠢᠭᠠᠬᠠᠨ ᠭᠦᠯᠦᠭ︾ ᠭᠡᠵᠦ ᠨᠡᠷᠡᠶᠢᠳᠴᠠᠢ᠃      ︽ᠵᠢᠭᠠᠬᠠᠨ ᠭᠦᠯᠦᠭ︾ ᠎ ᠤᠨ ᠪᠡᠶ᠎ᠡ ᠭᠠᠯᠪᠢᠷ ᠨᠢ ᠨᠠᠮᠪᠠᠯᠢᠭ᠂ ᠦᠰᠦᠷᠦᠯᠲᠡ ᠬᠥᠩᠭᠡᠨ᠂ ᠵᠠᠩ ᠠᠭᠠᠰᠢ ᠨᠢ ᠨᠣᠮᠣᠬᠠᠨ᠂ ᠳᠦᠷᠢ ᠪᠠᠶᠢᠳᠠᠯ ᠨᠢ ᠬᠡᠭᠡᠨᠴᠢᠷ᠂ ᠲᠡᠰᠪᠦᠷᠢ ᠲᠡᠪᠴᠢᠶᠠᠷᠢᠳᠠᠢ᠂ ᠤᠶᠠᠨ ᠬᠠᠳᠠᠨ ᠴᠢᠨᠠᠷ ᠲᠠᠢ ᠪᠠᠶᠢᠵᠦ᠂ ᠬᠥᠮᠥᠨ ᠲᠥᠷᠥᠯᠬᠢᠲᠡᠨ ᠲᠠᠢ ᠮᠠᠰᠢ ᠳᠣᠲᠣᠨᠣ ᠪᠠᠶᠢᠳᠠᠭ᠃ 2024 ᠣᠨ ᠤ 3 ᠰᠠᠷ᠎ᠠ ᠳᠤ ︽ᠵᠢᠭᠠᠬᠠᠨ ᠭᠦᠯᠦᠭ︾ ᠤᠯᠤᠰ ᠳᠠᠶᠠᠭᠠᠷ ᠲᠤ ᠠᠩᠬ᠎ᠠ ᠤᠳᠠᠭ᠎ᠠ ᠳᠠᠨᠢᠯᠴᠠᠭᠤᠯᠤᠬᠳᠠᠵᠦ᠂ ᠠᠩᠬ᠎ᠠ ᠤᠳᠠᠭ᠎ᠠ ᠦᠨ᠎ᠠ ᠬᠠᠶᠠᠯᠴᠠᠨ ᠬᠤᠳᠠᠯᠳᠤᠬᠤ ᠳᠤ ᠪᠦᠭᠦᠨ ᠢ ᠬᠤᠳᠠᠯᠳᠤᠬᠰᠠᠨ ᠢᠶᠠᠷ ᠪᠠᠷᠠᠬᠤ ᠦᠭᠡᠢ ᠨᠠᠷᠠᠲᠤ ᠮᠣᠷᠢᠨ ᠮᠡᠷᠭᠡᠵᠢᠯ ᠤᠨ ᠺᠯᠦ᠋ᠪ᠂ ᠥᠷᠭᠡᠨ ᠣᠯᠠᠨ ᠮᠣᠷᠢᠨ ᠮᠡᠷᠭᠡᠵᠢᠯ ᠤᠨ ᠪᠠᠭ᠋ᠠᠳᠠᠨ ᠪᠠ ᠦᠢ ᠣᠯᠠᠨ ᠠᠳᠤᠭᠤᠨ ᠪᠠᠭ᠋ᠠᠳᠠᠨ ᠤ ᠲᠠᠭᠠᠰᠢᠶᠠᠯ ᠢ ᠤᠯᠵᠠᠢ᠃      ᠶᠠᠷᠢᠯᠴᠬᠠᠤ ᠳᠤᠮᠳᠠ᠂ ᠲᠤᠰᠬᠠᠢ ᠮᠡᠷᠭᠡᠵᠢᠯᠲᠡᠨ ᠡᠷᠳᠡᠮᠲᠡᠳ ︽ᠵᠢᠭᠠᠬᠠᠨ ᠭᠦᠯᠦᠭ︾ ᠤᠨ ᠬᠥᠭᠵᠢᠯᠲᠡ ᠶᠢᠨ ᠬᠠᠨᠳᠤᠰᠢ ᠶᠢᠨ ᠲᠤᠬᠠᠢ ᠥᠪᠡᠷᠮᠢᠴᠡ ᠦᠵᠡᠯᠲᠡ ᠪᠠᠨ ᠬᠤᠪᠢᠶᠠᠯᠴᠠᠵᠤ᠂ ᠮᠣᠷᠢ ᠶᠢ ᠲᠠᠰᠬᠠᠨ ᠲᠡᠵᠢᠭᠡᠭᠦ᠂ ᠮᠣᠷᠢᠨ ᠮᠡᠷᠭᠡᠵᠢᠯ ᠤᠨ ᠤᠷᠤᠯᠳᠤᠭᠠᠨ ᠳᠤ ᠤᠷᠤᠯᠴᠠᠭᠤᠯᠬᠤ ᠵᠡᠷᠭᠡ ᠲᠠᠯ᠎ᠠ ᠪᠠᠷ ᠬᠢ ᠲᠤᠷᠰᠢᠯᠭ᠎ᠠ ᠣᠯᠣᠯᠲᠠ ᠲᠥᠷᠥᠭᠳᠡᠯ ᠢᠶᠠᠨ ᠰᠣᠯᠢᠯᠴᠠᠵᠤ᠂ ︽ᠵᠢᠭᠠᠬᠠᠨ ᠭᠦᠯᠦᠭ︾ ᠨᠡᠷᠡᠳᠦ ᠲᠡᠮᠳᠡᠭ ᠢ ᠡᠭᠦᠳᠭᠦ᠂ ᠬᠡᠷᠡᠭᠯᠡᠭᠡᠨ ᠤ ᠪᠠᠶᠢᠳᠠᠯ ᠪᠠ ᠵᠠᠬ᠎ᠠ ᠳᠡᠯᠭᠡᠭᠦᠷ ᠤᠨ ᠬᠥᠭᠵᠢᠯᠲᠡ ᠶᠢᠨ ᠢᠷᠡᠭᠡᠳᠦᠢ ᠶᠢ ᠪᠠᠷᠠᠯᠠᠪᠠ᠃      ︽ᠵᠢᠭᠠᠬᠠᠨ ᠭᠦᠯᠦᠭ︾ ᠨᠠᠷᠠᠲᠤ ᠲᠡᠮᠳᠡᠭ ᠢ ᠡᠭᠦᠳᠦᠭᠰᠡᠨ ᠨᠢ ᠤᠯᠤᠰ ᠲᠠᠭᠠᠨ ᠪᠤᠶᠢᠵᠢᠭᠤᠯᠤᠬᠰᠠᠨ Pony ᠮᠣᠷᠢᠨ ᠤ ᠬᠤᠭᠤᠰᠤᠨ ᠢ ᠨᠥᠬᠦᠪᠦᠷᠢᠯᠡᠭᠰᠡᠨ ᠪᠦᠭᠡᠳ ᠮᠣᠩᠭᠤᠯ ᠮᠣᠷᠢᠨ ᠤ ᠴᠠᠭ ᠦᠶ᠎ᠡ ᠶᠢᠨ ᠬᠥᠭᠵᠢᠯᠲᠡ ᠶᠢ ᠳᠠᠭᠠᠭᠰᠠᠨ ᠨᠢᠭᠡ ᠤᠳᠠᠭᠠᠨ ᠤ ᠠᠮᠵᠢᠯᠲᠠᠲᠠᠢ ᠦᠢᠯᠡᠳᠦᠯᠭᠡ ᠪᠠᠶᠢᠵᠦ᠂ ᠪᠥᠬᠦ ᠤᠯᠤᠰ ᠤᠨ ᠣᠲᠣ ᠦᠶ᠎ᠡ ᠶᠢᠨ ᠠᠳᠤᠭᠤᠨ ᠤ ᠠᠵᠤ ᠦᠢᠯᠡᠰ ᠤᠨ ᠬᠥᠭᠵᠢᠯᠲᠡ ᠳᠤ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠡᠨᠡ ᠪᠣᠯ ᠰᠢᠯᠢ ᠶᠢᠨ ᠭᠤᠣᠯ ᠤᠨ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢᠭᠡ ᠤᠳᠠᠭᠠᠨ ᠤ ᠠᠮᠵᠢᠯᠲᠠᠲᠠᠢ ᠰᠦᠪᠡᠭᠴᠢᠯᠡᠯᠲᠡ ᠮᠥᠨ᠂ ᠢᠷᠡᠭᠡᠳᠦᠢ ᠳᠤ ᠨᠠᠩ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠲᠠᠢ ᠪᠣᠯᠵᠤ᠂ ᠰᠢᠯᠢ ᠶᠢᠨ ᠭᠤᠣᠯ ᠤᠨ ᠠᠳᠤᠭᠤᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠲᠦᠮᠵᠢᠲᠡᠶ ᠳᠠᠶᠢᠴᠢᠯᠠᠨ᠂ ᠥᠷᠭᠡᠨ ᠣᠯᠠᠨ ᠮᠠᠯᠴᠢᠨ ᠲᠠᠷᠢᠶᠠᠴᠢᠨ ᠤ ᠣᠷᠣᠯᠭ᠎ᠠ ᠎ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠬᠦ ᠨᠢ ᠯᠠᠪᠲᠠᠢ ᠶᠤᠮ ᠭᠡᠵᠦ ᠦᠵᠡᠵᠡᠭᠡᠪᠡ᠃      ᠶᠠᠷᠢᠯᠴᠠᠬᠤ ᠬᠤᠷᠠᠯ ᠳᠡᠭᠡᠷ᠎ᠡ᠂ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠤᠨ ᠳᠤᠷᠠᠳᠤᠭᠰᠠᠨ ᠰᠠᠨᠠᠯ ᠰᠠᠨᠠᠭᠤᠯᠭ᠎ᠠ ᠪᠠ ᠬᠠᠮᠲᠤᠷᠠᠯᠴᠠᠭᠠᠨ ᠤ ᠬᠦᠰᠡᠯ ᠱᠠᠭᠠᠷᠳᠠᠯᠭ᠎ᠠ ᠳᠤ ᠴᠢᠭᠯᠡᠭᠦᠯᠦᠨ ᠨᠢᠭᠡᠳ ᠨᠢᠭᠡ ᠪᠠᠷ ᠬᠠᠷᠢᠭᠤᠯᠲᠠ ᠥᠭᠬᠦ ᠶᠢᠨ ᠬᠠᠮᠲᠤ ᠠᠵᠤ ᠠᠬᠤᠶᠢᠯᠠᠯ ᠳᠤ ᠦᠵᠡᠭᠦᠯᠬᠦ ᠳᠡᠮᠵᠢᠯᠭᠡ ᠪᠠ ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠵᠤ᠂ ᠬᠠᠮᠢᠶ᠎ᠠ ᠪᠦᠬᠦᠢ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠶᠢ ᠲᠠᠰᠤᠷᠠᠯᠲᠠ ᠦᠭᠡᠢ ᠠᠬᠢᠭᠤᠯᠵᠤ᠂ ᠠᠳᠤᠭᠤᠨ ᠤ ᠭᠤᠣᠯ ᠰᠡᠳᠦᠪᠲᠦ ᠵᠢᠭᠤᠯᠴᠢᠯᠠᠯ ᠤᠨ ᠲᠥᠷᠥᠯ ᠵᠦᠢᠯ ᠢ ᠨᠤᠳᠤᠭᠰᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ︽ᠵᠢᠭᠠᠬᠠᠨ ᠭᠦᠯᠦᠭ︾ ᠨᠠᠷᠠᠲᠤ ᠲᠡᠮᠳᠡᠭ ᠤᠨ ᠡᠷᠡᠭᠦᠯ ᠢᠶᠠᠷ ᠬᠥᠭᠵᠢᠬᠦ ᠳᠤ ᠬᠦᠴᠦᠲᠡᠢ ᠪᠠᠲᠤᠯᠠᠭ᠎ᠠ ᠬᠠᠩᠭᠠᠨ᠎ᠠ ᠭᠡᠪᠡ᠃      ᠰᠢᠯᠢ ᠶᠢᠨ ᠭᠤᠣᠯ ᠠᠶᠢᠮᠠᠭ ᠤᠨ ᠠᠳᠤᠭᠤᠨ ᠤ ᠡᠭᠦᠯᠳᠡᠷ ᠤᠨ ᠡᠬᠢ ᠪᠠᠶᠠᠯᠢᠭ ᠡᠯᠪᠡᠭ᠂ ᠤᠳᠤᠬᠠᠨ ᠳᠤ 26 ᠲᠦᠮᠡᠨ ᠠᠳᠤᠭᠤ ᠲᠠᠢ ᠪᠠᠶᠢᠵᠦ᠂ ᠪᠥᠬᠦ ᠣᠷᠣᠨ ᠤ ᠠᠳᠤᠭᠤᠨ ᠤ ᠶᠡᠷᠦᠩᠭᠡᠢ ᠲᠤᠭ᠎ᠠ ᠶᠢᠨ 30%᠎ ᠶᠢ ᠡᠵᠡᠯᠡᠵᠦ᠂ ᠤᠯᠠᠮᠵᠢᠯᠠᠯᠲᠤ ᠠᠳᠤᠭᠤᠨ ᠤ ᠠᠵᠤ ᠦᠢᠯᠡᠰ ᠪᠥᠬᠦ ᠤᠯᠤᠰ ᠲᠤ ᠴᠢᠬᠤᠯᠠ ᠪᠠᠶᠢᠷᠢ ᠰᠠᠭᠤᠷᠢ ᠶᠢ ᠡᠵᠡᠯᠡᠵᠦ ᠪᠠᠶᠢᠨ᠎ᠠ᠃ 2014 ᠣᠨ ᠳᠤ᠂ ᠶᠡᠷᠦᠩᠬᠡᠢ ᠱᠦᠵᠢ ᠰᠢ ᠶᠢᠨ ᠫᠢᠩ ᠰᠢᠯᠢ ᠶᠢᠨ ᠭᠤᠣᠯ ᠠᠶᠢᠮᠠᠭ ᠲᠤ ᠮᠠᠯᠴᠢᠳ ᠤᠨ ᠡᠪᠦᠯ ᠤᠨ ᠤᠯᠠᠷᠢᠯ ᠤᠨ ᠨᠠᠭᠠᠳᠤᠮ ᠳᠤ ᠣᠷᠣᠯᠴᠠᠭᠠᠳ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠳᠤᠷᠠᠳᠤᠭᠰᠠᠨ ᠤ ᠳᠠᠷᠠᠭ᠎ᠠ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠳᠤᠭᠤᠨ ᠤ ᠠᠵᠤ ᠦᠢᠯᠡᠰ ᠤᠨ ᠬᠥᠭᠵᠢᠯᠲᠡ ᠶᠢ ᠴᠢᠨᠠᠷ ᠰᠠᠶᠢᠲᠠᠢ ᠠᠬᠢᠭᠤᠯᠦᠨ᠂ ᠬᠢᠯᠢ ᠬᠢᠵᠠᠭᠠᠷ ᠣᠷᠣᠨ ᠤ ᠠᠮᠤᠷ ᠲᠣᠭᠲᠠᠭᠤᠨ ᠢ ᠬᠠᠮᠠᠭᠠᠯᠠᠬᠤ᠂ ᠠᠵᠤ ᠠᠬᠤᠢ ᠶᠢᠨ ᠬᠥᠭᠵᠢᠯᠲᠡ ᠰᠣᠶᠣᠯ ᠤᠨ ᠴᠡᠴᠡᠭᠯᠡᠯᠲᠡ ᠶᠢ ᠠᠬᠢᠭᠤᠯᠬᠤ᠂ ᠲᠠᠯ᠎ᠠ ᠨᠤᠲᠤᠭ ᠤᠨ ᠠᠷᠠᠳ ᠲᠦᠮᠡᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠴᠢᠬᠤᠯᠠ ᠭᠠᠷᠳᠠᠴᠠ ᠪᠤᠯᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠰᠢᠯᠢ ᠶᠢᠨ ᠭᠤᠣᠯ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠪᠦᠷᠢ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠭᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠣᠲᠣ ᠦᠶ᠎ᠡ ᠶᠢᠨ ᠠᠳᠤᠭᠤᠨ ᠤ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ ᠭᠡᠵᠦ ᠳᠠᠬᠢᠨ ᠳᠠᠪᠲᠠᠨ ᠰᠠᠨᠠᠭᠤᠯᠳᠠᠭ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠠᠳᠤᠭᠤᠨ ᠤ ᠠᠵᠤ ᠦᠢᠯᠡᠰ ᠤᠨ ᠬᠥᠭᠵᠢᠯᠲᠡ ᠶᠢ ︽ᠨᠢᠭᠡᠳᠦᠭᠡᠷ ᠬᠠᠷᠢᠭᠤᠴᠠᠯᠭᠠᠳᠠᠨ ᠤ ᠢᠨᠵᠧᠨᠧᠷᠢᠩ︾ ᠪᠣᠯᠭᠠᠵᠤ᠂ ᠰᠢᠯᠢ ᠶᠢᠨ ᠭᠤᠣᠯ ᠠᠶᠢᠮᠠᠭ ᠤᠨ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠡᠶ᠎ᠡ ᠪᠠᠷ ᠢᠶᠠᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠂ ᠠᠵᠤ ᠦᠢᠯᠡᠰ ᠤᠨ ᠪᠠᠶᠢᠷᠢᠰᠢᠭᠤᠯᠤᠯᠲᠠ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠨᠠᠷᠠᠲᠤ ᠲᠡᠮᠳᠡᠭ ᠢ ᠡᠭᠦᠳᠬᠦ᠂ ᠤᠬᠠᠭᠤᠯᠤᠨ ᠲᠠᠨᠢᠯᠴᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠯᠢ ᠶᠢᠨ ᠭᠤᠣᠯ ᠠᠶᠢᠮᠠᠭ ᠤᠨ ᠠᠳᠤᠭᠤᠨ ᠤ ᠠᠵᠤ ᠦᠢᠯᠡᠰ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠴᠢᠳᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠭᠦᠯᠪᠡ᠃      ᠣᠶᠢᠷ᠎ᠠ ᠶᠢᠨ ᠵᠢᠯ᠂ ᠮᠠᠨ ᠤ ᠠᠶᠢᠮᠠᠭ ᠠᠳᠤᠭᠤᠨ ᠤ ᠭᠦᠨ ᠵᠤᠵᠠᠭᠠᠨ ᠰᠣᠶᠣᠯ ᠤᠨ ᠠᠭᠤᠯᠬᠤᠨ ᠪᠠ ᠠᠳᠤᠭᠤᠨ ᠤ ᠠᠵᠤ ᠦᠢᠯᠡᠰ ᠤᠨ ᠰᠠᠭᠤᠷᠢ ᠳᠤ ᠲᠦᠰᠢᠭᠯᠡᠵᠦ᠂ ᠠᠳᠤᠭᠤᠨ ᠰᠤᠶᠤᠯ ᠤᠨ ᠭᠤᠤᠯ ᠲᠤᠭᠤᠷᠢᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠠᠶᠢᠹᠤᠰᠧ ᠬᠤᠰᠢᠭᠤᠨ ᠤ ᠬᠠᠭᠠᠨ ᠤ ᠠᠳᠤᠭᠤᠨ ᠵᠤᠰᠠᠭᠠᠯ ᠤᠨ ᠭᠦᠷᠢᠶᠡᠯᠠᠩ᠂ ᠴᠠᠭᠠᠨ ᠠᠳᠤᠭᠤᠨ ᠤ ᠰᠣᠶᠣᠯ ᠤᠨ ᠬᠦᠷᠢᠶᠡᠯᠡᠩ ᠵᠡᠷᠭᠡ 10 ᠭᠠᠷᠤᠢ ᠠᠳᠤᠭᠤᠨ ᠤ ᠭᠤᠣᠯ ᠰᠡᠳᠦᠪᠲᠦ ᠲᠥᠷᠥᠯ ᠵᠦᠢᠯ ᠢ ᠪᠠᠶᠢᠭᠤᠯᠵᠤ᠂ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ᠂ ᠴᠠᠭᠠᠨ ᠠᠳᠤᠭᠤᠨ ᠤ ᠰᠣᠶᠣᠯ ᠤᠨ ᠨᠠᠶᠢᠷ᠂ ᠬᠠᠷ᠎ᠠ ᠠᠳᠤᠭᠤᠨ ᠤ ᠰᠣᠶᠣᠯ ᠤᠨ ᠨᠠᠶᠢᠷ ᠵᠡᠷᠭᠡ ᠠᠳᠤᠭᠤᠨ ᠤ ᠭᠤᠣᠯ ᠰᠡᠳᠦᠪᠲᠦ ᠤᠷᠤᠯᠳᠤᠭᠠᠨ ᠤ ᠨᠠᠷᠠᠲᠤ ᠲᠡᠮᠳᠡᠭ ᠢ ᠤᠬᠠᠭᠠᠯᠠᠨ ᠡᠷᠭᠢᠯᠡᠵᠦ᠂ 10 ᠭᠠᠷᠤᠢ ᠠᠳᠤᠭᠤᠨ ᠤ ᠭᠤᠣᠯ ᠰᠡᠳᠦᠪᠲᠦ ᠰᠣᠳᠣᠨ ᠵᠢᠭᠤᠯᠴᠢᠯᠠᠯ ᠤᠨ ᠱᠤᠭᠤᠮ ᠢ ᠨᠡᠭᠡᠭᠡᠨ ᠬᠥᠭᠵᠢᠭᠦᠯᠵᠦ᠂ ᠵᠢᠯ ᠪᠦᠷᠢ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ 14 ᠳ᠋ᠦᠩᠰᠢᠭᠤᠷ ᠲᠥᠭᠦᠷᠢᠭ ᠨᠡᠮᠡᠭᠳᠡᠭᠦᠯᠪᠡ᠃ ᠰᠢᠯᠢ ᠶᠢᠨ ᠭᠤᠣᠯ ᠠᠶᠢᠮᠠᠭ ᠲᠤᠰ ᠤᠳᠠᠭᠠᠨ ᠤ ︽ᠵᠢᠭᠠᠬᠠᠨ ᠭᠦᠯᠦᠭ︾ ᠨᠡᠷᠡᠲᠦ ᠲᠡᠮᠳᠡᠭ ᠢ ᠡᠭᠦᠳᠬᠦ ᠶᠠᠷᠢᠯᠴᠠᠬᠤ ᠬᠤᠷᠠᠯ ᠵᠢᠴᠢ ᠠᠷᠠᠯᠵᠢᠶᠠᠴᠢᠨ ᠤᠷᠢᠵᠤ ᠲᠠᠨᠢᠯᠴᠠᠭᠤᠯᠬᠤ ᠬᠤᠷᠠᠯ ᠡᠷᠬᠢᠯᠡᠬᠦ ᠪᠠᠷ ᠠᠵᠠ ᠲᠣᠬᠢᠶᠠᠯ ᠪᠣᠯᠭᠠᠵᠤ᠂ ᠠᠳᠤᠭᠤᠨ ᠤ ᠭᠤᠤᠯ ᠰᠡᠳᠦᠪᠳᠦ ᠵᠢᠭᠤᠯᠴᠢᠯᠠᠯ ᠤᠨ ᠲᠥᠷᠥᠯ ᠵᠦᠢᠯ ᠤᠨ ᠠᠷᠠᠯᠵᠢᠶᠠᠴᠢᠨ ᠤᠷᠢᠵᠤ ᠪᠡᠯᠡ ᠲᠠᠳᠠᠬᠤ ᠡᠷᠴᠢᠮ ᠢ ᠴᠢᠩᠭᠠᠷᠠᠭᠤᠯᠵᠦ᠂ ᠰᠠᠶᠢᠨ ᠰᠠᠶᠢᠬᠠᠨ ᠠᠮᠢ ᠠᠬᠤᠢ ᠣᠷᠴᠢᠨ ᠲᠣᠭᠤᠷᠢᠨ ᠪᠠ ᠠᠳᠤᠭᠤᠨ ᠤ ᠠᠵᠤ ᠦᠢᠯᠡᠰ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠨᠢᠭᠡ ᠪᠦᠯᠦᠭ ᠠᠳᠤᠭᠤᠨ ᠤ ᠭᠤᠣᠯ ᠰᠡᠳᠦᠪᠲᠦ ᠵᠢᠭᠤᠯᠴᠢᠯᠠᠯ ᠤᠨ ᠲᠥᠷᠥᠯ ᠵᠦᠢᠯ ᠢ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠮᠣᠷᠢᠨ ᠫᠸᠡᠭ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠳᠤᠭᠤᠨ ᠤ ᠠᠵᠤ ᠦᠢᠯᠡᠰ ᠤᠨ ᠲᠤᠰᠬᠠᠢ ᠮᠡᠷᠭᠡᠵᠢᠯ ᠤᠨ ᠠᠵᠢᠯᠲᠠᠨ ᠢ ᠲᠠᠰᠤᠷᠠᠯᠳᠠ ᠦᠭᠡᠢ ᠭᠦᠮᠦᠵᠢᠭᠦᠯᠦᠨ᠂ ᠡᠯ᠎ᠡ ᠱᠠᠲᠤᠨ ᠤ ᠡᠯ᠎ᠡ ᠲᠥᠷᠥᠯ ᠤᠨ ᠠᠳᠤᠭᠤᠨ ᠤ ᠭᠤᠣᠯ ᠰᠡᠳᠦᠪᠲᠦ ᠤᠷᠤᠯᠳᠤᠭᠠᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠳᠤᠭᠤᠨ ᠤ ᠭᠤᠣᠯ ᠰᠡᠳᠦᠪᠲᠦ ᠵᠢᠭᠤᠯᠴᠢᠯᠠᠯ ᠤᠨ ᠦᠢᠯᠡᠰ ᠢ ᠲᠠᠰᠤᠷᠠᠯᠲᠠ ᠦᠭᠡᠢ ᠪᠠᠶᠠᠯᠢᠭᠵᠢᠭᠤᠯᠦᠨ᠂ ᠠᠳᠤᠭᠤᠨ ᠤ ᠭᠤᠣᠯ ᠰᠡᠳᠦᠪᠲᠦ ᠵᠢᠭᠤᠯᠴᠢᠯᠠᠯ ᠤᠨ ᠰᠣᠳᠣᠨ ᠱᠤᠭᠤᠮ ᠢ ᠭᠦᠨᠵᠡᠭᠡᠢ ᠨᠡᠭᠡᠭᠡᠨ ᠬᠥᠭᠵᠢᠭᠦᠯᠵᠦ᠂ ᠡᠵᠡᠩᠨᠡᠯᠲᠡ ᠪᠣᠷᠣᠯᠠᠭᠤᠯᠤᠯᠲᠠ ᠶᠢ ᠶᠡᠬᠡᠪᠡᠷ ᠤᠬᠠᠭᠤᠯᠤᠨ ᠳᠡᠯᠭᠡᠷᠡᠭᠦᠯᠵᠦ᠂ ︽ᠵᠢᠭᠠᠬᠠᠨ ᠭᠦᠯᠦᠭ︾ ᠨᠠᠷᠠᠲᠤ ᠲᠠᠮᠳᠡᠭ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠥᠬᠦ ᠤᠯᠤᠰ ᠤᠨ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ᠃                                                    ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号