ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ ︽ᠰᠠᠶᠢᠨ ᠡᠭᠦᠯᠳᠡᠷ᠂ ᠰᠠᠶᠢᠨ ᠲᠣᠬᠢᠶᠠᠯ᠂ ᠰᠠᠶᠢᠨ | ᠠᠷᠭ᠎ᠠ ᠶᠢ ᠳᠡᠯᠭᠡᠷᠡᠭᠦᠯᠬᠦ ᠪᠠᠨ ᠡᠷᠴᠢᠮᠵᠢᠭᠦᠯᠵᠦ᠂ ᠨᠠᠷᠢᠯᠢᠭ ᠳᠠᠷᠢᠵᠤ ᠨᠢᠮᠪᠠᠢ ᠠᠷᠠᠴᠢᠯᠠᠬᠤ ᠳᠤ ᠬᠦᠴᠦ ᠲᠠᠯᠪᠢᠨ᠂ ᠠᠮᠤ | ᠪᠤᠳᠠᠭᠠᠨ ᠤ ᠨᠢᠭᠡᠴᠢ ᠲᠠᠯᠠᠪᠠᠢ ᠶᠢᠨ ᠤᠨᠠᠯᠲᠠ ᠪᠠ ᠴᠢᠨᠠᠷ ᠢ ᠴᠢᠨᠠᠭᠰᠢᠳᠠ ᠤᠯᠠᠮ ᠳᠡᠭᠡᠭᠰᠢᠯᠡᠭᠦᠯᠵᠦ᠂ ᠠᠮᠤ ᠪᠤᠳᠠᠭ᠎ᠠ | ᠲᠠᠷᠢᠭᠠᠳ ᠴᠤ ᠪᠠᠶᠠᠵᠢᠵᠤ ᠳᠡᠶᠢᠯᠬᠦ ᠪᠣᠯᠭᠠᠨ᠎ᠠ︾ ᠭᠡᠵᠡᠢ᠃ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠳᠤ ︽ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠭᠤᠣᠯᠳᠠᠯᠭ᠎ᠠ ᠶᠢ ᠨᠢᠭᠡᠴᠢ ᠲᠠᠯᠠᠪᠠᠢ ᠶᠢᠨ ᠤᠨᠠᠯᠲᠠ ᠶᠢ | ᠶᠡᠭᠡ ᠬᠡᠪᠴᠢᠶ᠎ᠡ ᠪᠠᠷ ᠨᠡᠮᠡᠭᠳᠡᠭᠦᠯᠬᠦ ᠳᠡᠭᠡᠷ᠎ᠡ ᠲᠠᠯᠪᠢᠬᠤ ᠬᠡᠷᠡᠭᠲᠡᠢ︾ ︽ᠠᠮᠤ ᠪᠤᠳᠠᠭᠠᠨ ᠤ ᠨᠢᠭᠡᠴᠢ ᠲᠠᠯᠠᠪᠠᠢ ᠶᠢᠨ ᠤᠨᠠᠯᠲᠠ ᠶᠢ | ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ︾ ᠭᠡᠵᠦ ᠳᠤᠷᠠᠳᠤᠨ ᠭᠠᠷᠭᠠᠵᠠᠢ᠃ | ᠨᠢᠳᠤᠨᠤᠨ᠂ ᠰᠢᠷ᠎ᠠ ᠪᠤᠷᠴᠠᠭ᠂ ᠡᠷᠳᠡᠨᠢ ᠰᠢᠰᠢ ᠬᠤᠶᠠᠷ ᠶᠡᠭᠡ ᠲᠠᠷᠢᠮᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠮᠠᠨ ᠤ | ᠤᠯᠤᠰ ᠠᠮᠤ ᠲᠣᠰᠣ ᠵᠡᠷᠭᠡ ᠭᠤᠣᠯ ᠪᠣᠯᠬᠤ ᠲᠠᠷᠢᠮᠠᠯ ᠤᠨ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠠᠵᠢᠯᠯᠠᠭ᠎ᠠ ᠶᠢ | ᠡᠬᠢᠯᠡᠭᠦᠯᠦᠭᠡᠳ᠂ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ ᠭᠤᠣᠯᠳᠠᠯᠭ᠎ᠠ ᠲᠠᠢ ᠰᠢᠶᠠᠨ ᠤ ᠰᠢᠷ᠎ᠠ ᠪᠤᠷᠴᠠᠭ᠂ | ᠡᠷᠳᠡᠨᠢ ᠰᠢᠰᠢ ᠶᠢᠨ ᠮᠦ ᠪᠦᠷᠢ ᠶᠢᠨ ᠤᠨᠠᠯᠲᠠ ᠶᠢ ᠲᠤᠰ ᠲᠤᠰ 19.9 ᠺᠢᠯᠣᠭ᠍ᠷᠠᠮ᠂ 72.6 ᠺᠢᠯᠣᠭ᠍ᠷᠠᠮ ᠨᠡᠮᠡᠭᠳᠡᠭᠦᠯᠵᠦ᠂ | ᠤᠨᠠᠯᠲᠠ ᠶᠢ ᠨᠡᠮᠡᠭᠳᠡᠭᠦᠯᠬᠦ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠶᠢ 73% ᠠᠴᠠ ᠳᠠᠪᠠᠭᠤᠯᠵᠤ᠂ ᠪᠦᠬᠦ | ᠤᠯᠤᠰ ᠤᠨ ᠠᠮᠤ ᠪᠤᠳᠠᠭᠠᠨ ᠤ ᠮᠦ ᠪᠦᠷᠢ ᠶᠢᠨ ᠤᠨᠠᠯᠲᠠ ᠶᠢ ᠳᠠᠶᠢᠴᠢᠯᠠᠨ 2.9 ᠺᠢᠯᠣᠭ᠍ᠷᠠᠮ ᠨᠡᠮᠡᠭᠳᠡᠭᠦᠯᠪᠡ᠃ | ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠭᠠᠵᠠᠷ ᠤᠨ ᠨᠠᠮ ᠤᠨ ᠬᠤᠷᠢᠶᠠᠨ ᠤ ᠱᠦᠵᠢ ᠯᠢᠦ ᠯᠦ ᠰᠢᠶᠠᠩ ᠢᠯᠡᠷᠬᠡᠶᠢᠯᠡᠬᠦ ᠳᠤ ᠪᠠᠨ᠂ | ᠲᠠᠷᠢᠶᠠᠨ ᠭᠠᠵᠠᠷ ᠬᠢᠭᠡᠳ ᠤᠰᠤᠨ ᠤ ᠡᠬᠢ ᠪᠠᠶᠠᠯᠢᠭ ᠤᠨ ᠬᠢᠵᠠᠭᠠᠷᠯᠠᠯ ᠠᠴᠠ ᠪᠣᠯᠵᠤ᠂ ᠣᠳᠣᠬᠠᠨ ᠳᠤ ᠮᠠᠨ ᠤ ᠤᠯᠤᠰ ᠤᠨ | ᠲᠠᠯᠠᠪᠠᠢ ᠶᠢ ᠥᠷᠭᠡᠳᠬᠡᠬᠦ ᠳᠤ ᠲᠦᠰᠢᠭᠯᠡᠨ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠣᠷᠣᠨ ᠵᠠᠢ ᠨᠡᠯᠢᠶᠡᠳ | ᠬᠢᠵᠠᠭᠠᠷ ᠲᠠᠢ ᠪᠠᠶᠢᠨ᠎ᠠ᠂ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠭᠤᠣᠯ ᠠᠷᠭ᠎ᠠ ᠵᠠᠮ ᠪᠣᠯ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠳᠤ ᠲᠦᠰᠢᠭᠯᠡᠨ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠶᠠᠪᠤᠳᠠᠯ | ᠶᠤᠮ ᠭᠡᠯᠡ᠃ | ᠶᠡᠷᠦᠩᠬᠡᠢ ᠳᠤ ᠨᠢ ᠠᠪᠴᠤ ᠦᠵᠡᠪᠡᠯ᠂ ᠮᠠᠨ ᠤ ᠤᠯᠤᠰ ᠤᠨ ᠠᠮᠤ ᠲᠣᠰᠣᠨ ᠤ ᠲᠠᠷᠢᠮᠠᠯ ᠤᠨ ᠨᠢᠭᠡᠴᠢ ᠲᠠᠯᠠᠪᠠᠢ ᠶᠢᠨ | ᠤᠨᠠᠯᠲᠠ ᠶᠢ ᠶᠡᠭᠡ ᠬᠡᠪᠴᠢᠶ᠎ᠠ ᠪᠠᠷ ᠨᠡᠮᠡᠭᠳᠡᠭᠦᠯᠬᠦ ᠲᠠᠯ᠎ᠠ ᠪᠠᠷ ᠮᠥᠨ ᠨᠡᠯᠢᠶᠡᠳ ᠶᠡᠭᠡ ᠨᠢᠭᠤᠭᠳᠠᠮᠠᠯ ᠬᠦᠴᠦᠨ ᠪᠤᠢ᠃ | ᠮᠡᠷᠭᠡᠵᠢᠯᠲᠡᠳ ᠤᠨ ᠵᠢᠭᠠᠵᠤ ᠭᠠᠷᠭᠠᠭᠰᠠᠨ ᠢᠶᠠᠷ᠂ ᠳᠡᠯᠡᠬᠡᠢ ᠶᠢᠨ ᠲᠡᠷᠢᠭᠦᠨ ᠤ ᠲᠦᠪᠰᠢᠨ ᠲᠠᠢ ᠬᠠᠷᠢᠴᠠᠭᠤᠯᠪᠠᠯ᠂ ᠮᠠᠨ ᠤ | ᠤᠯᠤᠰ ᠡᠷᠳᠡᠨᠢ ᠰᠢᠰᠢ᠂ ᠰᠢᠷ᠎ᠠ ᠪᠤᠷᠴᠠᠭ᠂ ᠰᠢᠯᠢᠮᠳᠡᠭ ᠤᠨ ᠳᠤᠮᠳᠠᠴᠢ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ | ᠣᠷᠣᠨ ᠵᠠᠢ ᠲᠠᠢ ᠪᠠᠶᠢᠭᠰᠠᠭᠠᠷ᠃ ᠠᠳᠠᠯᠢ ᠪᠤᠰᠤ ᠭᠠᠵᠠᠷ ᠣᠷᠣᠨ ᠳᠤ᠂ ᠲᠠᠷᠢᠮᠠᠯ ᠤᠨ ᠳᠦᠷᠢᠮ᠂ ᠳᠠᠷᠢᠵᠤ ᠤᠷᠭᠤᠭᠤᠯᠬᠤ | ᠵᠠᠭᠪᠤᠷ᠂ ᠮᠡᠷᠭᠡᠵᠢᠯ ᠢᠶᠠᠨ ᠪᠣᠲᠠᠲᠠᠶᠢᠵᠢᠭᠤᠯᠤᠭᠰᠠᠨ ᠨᠣᠷᠮ᠎ᠠ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠤ᠂ ᠮᠥᠨ | ᠠᠳᠠᠯᠢᠬᠠᠨ ᠢᠶᠠᠷ ᠨᠢᠭᠡᠴᠢ ᠲᠠᠯᠠᠪᠠᠢ ᠶᠢᠨ ᠤᠨᠠᠯᠲᠠ ᠶᠢᠨ ᠵᠥᠷᠢᠶ᠎ᠡ ᠢᠯᠡᠳᠲᠡ ᠣᠷᠣᠰᠢᠵᠤ ᠪᠠᠶᠢᠨ᠎ᠠ᠃ | ᠡᠨᠡ ᠵᠢᠯ᠂ ᠮᠠᠨ ᠤ ᠤᠯᠤᠰ ᠮᠢᠩᠭᠠᠨ ᠳ᠋ᠦᠩᠰᠢᠭᠤᠷ ᠵᠢᠩ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠬᠦ ᠰᠢᠨ᠎ᠡ ᠨᠢᠭᠡ ᠡᠭᠡᠯᠵᠢᠨ ᠤ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠬᠤ ᠪᠣᠯᠣᠨ᠎ᠠ᠃ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ ᠪᠣᠯ᠂ ᠨᠢᠭᠡᠴᠢ ᠲᠠᠯᠠᠪᠠᠢ ᠶᠢᠨ ᠤᠨᠠᠯᠲᠠ ᠭᠡᠬᠦ ᠡᠨᠡ ᠬᠦ ᠵᠠᠩᠭᠢᠯᠠᠭ᠎ᠠ ᠶᠢᠨ ᠬᠤᠪᠢᠰᠤᠭᠴᠢ | ᠬᠡᠮᠵᠢᠭᠳᠡᠬᠦᠨ ᠳᠤ ᠴᠢᠭᠯᠡᠭᠦᠯᠦᠨ᠂ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠮᠡᠷᠭᠡᠵᠢᠯ ᠤᠨ | ᠨᠢᠭᠡ ᠪᠦᠯᠦᠭ ᠵᠠᠭᠪᠤᠷ ᠤᠳ ᠢ ᠦᠷᠭᠦᠯᠵᠢᠯᠡᠨ ᠬᠤᠷᠠᠮᠳᠤᠭᠤᠯᠵᠤ᠂ ᠤᠨᠠᠯᠲᠠ ᠪᠠ ᠦᠷ᠎ᠡ ᠠᠰᠢᠭ ᠢ ᠨᠡᠮᠡᠭᠳᠡᠭᠦᠯᠬᠦ ᠨᠢᠭᠡ | ᠪᠦᠯᠦᠭ ᠵᠠᠩᠭᠢᠯᠠᠭ᠎ᠠ ᠶᠢᠨ ᠮᠡᠷᠭᠡᠵᠢᠯ ᠤᠳ ᠢ ᠦᠷᠭᠦᠯᠵᠢᠯᠡᠨ ᠳᠡᠯᠭᠡᠷᠡᠭᠦᠯᠵᠦ᠂ ᠶᠡᠭᠡ ᠬᠡᠪᠴᠢᠶᠡᠲᠦ ᠪᠦᠬᠦᠯᠢ | ᠪᠠᠶᠢᠭᠤᠯᠤᠮᠵᠢ ᠶᠢᠨ ᠳᠦᠷᠢᠮᠲᠦ ᠥᠨᠳᠥᠷ ᠤᠨᠠᠯᠲᠠ ᠲᠠᠢ ᠨᠢᠭᠡ ᠪᠦᠯᠦᠭ ᠨᠡᠶᠢᠲᠡᠯᠢᠭ ᠵᠢᠱᠢᠶ᠎ᠡ ᠨᠦᠭᠦᠳ ᠢ ᠦᠷᠭᠦᠯᠵᠢᠯᠡᠨ | ᠠᠭᠤᠳᠠᠯᠵᠤ᠂ ᠠᠮᠤ ᠲᠤᠰᠤᠨ ᠤ ᠨᠢᠭᠡᠴᠢ ᠲᠠᠯᠠᠪᠠᠢ ᠶᠢᠨ ᠤᠨᠠᠯᠲᠠ ᠶᠢᠨ ᠨᠢᠭᠤᠭᠳᠠᠮᠠᠯ ᠬᠦᠴᠦᠨ ᠢ ᠪᠦᠬᠦ ᠲᠠᠯ᠎ᠠ ᠪᠠᠷ᠂ ᠪᠦᠬᠦ | ᠶᠠᠪᠤᠴᠠ ᠳᠤ ᠠᠭᠤᠳᠠᠯᠤᠨ᠂ ︽ᠤᠯᠠᠨ ᠮᠡᠷᠭᠡᠵᠢᠯ ᠢ ᠬᠤᠷᠠᠮᠳᠤᠭᠤᠯᠵᠤ᠂ ᠶᠡᠭᠡ ᠬᠡᠪᠴᠢᠶ᠎ᠡ ᠪᠠᠷ ᠲᠦᠭᠡᠮᠡᠯᠵᠢᠭᠦᠯᠬᠦ︾ | ᠲᠡᠩᠴᠡᠭᠦᠷᠢᠲᠡᠢ ᠤᠨᠠᠯᠲᠠ ᠶᠢ ᠨᠡᠮᠡᠭᠳᠡᠭᠦᠯᠬᠦ ᠪᠠᠶᠢᠷᠢᠰᠢᠯ ᠢ ᠲᠦᠷᠭᠡᠨ ᠪᠦᠷᠢᠯᠳᠦᠭᠦᠯᠦᠨ᠎ᠡ᠃ | — ᠭᠤᠣᠯᠳᠠᠯᠭ᠎ᠠ ᠲᠠᠢ ᠣᠷᠣᠨ ᠪᠦᠰᠡ ᠶᠢ ᠠᠳᠬᠤᠨ᠎ᠠ᠃ ᠰᠢᠷ᠎ᠠ ᠪᠤᠷᠴᠠᠭ᠂ ᠡᠷᠳᠡᠨᠢ ᠰᠢᠰᠢ᠂ ᠪᠤᠭᠤᠳᠠᠢ᠂ | ᠰᠢᠯᠢᠮᠳᠡᠭ ᠵᠡᠷᠭᠡ ᠳᠦᠷᠪᠡᠨ ᠲᠠᠷᠢᠮᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤ ᠳᠤᠰᠤᠨ ᠤ ᠭᠤᠣᠯ ᠭᠠᠷᠤᠯᠲᠠ ᠶᠢᠨ | ᠰᠢᠶᠠᠨ ᠳᠤ ᠪᠦᠬᠦᠯᠢ ᠪᠠᠶᠢᠭᠤᠯᠤᠮᠵᠢ ᠶᠢᠨ ᠳᠦᠷᠢᠮ ᠢᠶᠠᠷ ᠠᠬᠢᠭᠤᠯᠤᠨ᠂ ᠨᠢᠭᠡᠴᠢ ᠲᠠᠯᠠᠪᠠᠢ ᠶᠢᠨ ᠤᠨᠠᠯᠲᠠ ᠶᠢ ᠶᠡᠭᠡ | ᠬᠡᠪᠴᠢᠶ᠎ᠡ ᠪᠠᠷ ᠨᠡᠮᠡᠭᠳᠡᠭᠦᠯᠬᠦ ᠶᠢ ᠦᠷᠭᠦᠯᠵᠢᠯᠡᠨ ᠭᠦᠨᠵᠡᠭᠡᠢ ᠠᠬᠢᠭᠤᠯᠤᠨ᠎ᠠ᠃ | — ᠵᠢᠱᠢᠶ᠎ᠡ ᠦᠵᠡᠭᠦᠯᠵᠦ ᠳᠠᠶᠢᠴᠢᠯᠠᠬᠤ ᠶᠢ ᠠᠳᠬᠤᠨ᠎ᠠ᠃ ᠪᠦᠬᠦᠯᠢ ᠪᠠᠶᠢᠭᠤᠯᠤᠮᠵᠢ ᠶᠢᠨ ᠳᠦᠷᠢᠮ ᠢᠶᠠᠷ ᠰᠢᠶᠠᠨ | ᠬᠢᠭᠡᠳ ᠭᠤᠣᠯᠳᠠᠯᠭ᠎ᠠ ᠲᠠᠢ ᠲᠠᠷᠢᠮᠠᠯ ᠢ ᠠᠬᠢᠭᠤᠯᠬᠤ ᠶᠢᠨ ᠲᠣᠭᠤᠷᠢᠨ ᠳᠤ᠂ ︽ᠭᠤᠣᠯᠯᠠᠭᠴᠢ ᠲᠦᠷᠦᠯ ᠵᠦᠢᠯ᠂ ᠭᠤᠣᠯ | ᠳᠡᠯᠭᠡᠷᠡᠭᠦᠯᠬᠦ ᠮᠡᠷᠭᠡᠵᠢᠯ᠂ ᠭᠤᠣᠯ ᠮᠠᠰᠢᠨ ᠤ ᠬᠡᠯᠪᠡᠷᠢ︾ ᠶᠢ ᠲᠤᠪᠤᠶᠢᠯᠭᠠᠵᠦ᠂ ᠮᠡᠷᠭᠡᠵᠢᠯ ᠤᠨ ᠪᠣᠯᠪᠠᠰᠤᠷᠠᠯ᠂ ᠵᠢᠯᠣᠭᠤᠳᠤᠯᠭ᠎ᠠ | ᠦᠢᠯᠡᠴᠢᠯᠡᠭᠡ ᠵᠡᠷᠭᠡ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠨᠢᠭᠡ ᠪᠦᠯᠦᠭ ᠬᠡᠪᠴᠢᠶᠡᠵᠢᠭᠦᠯᠦᠨ ᠳᠠᠷᠢᠬᠤ ᠭᠤᠣᠯ | ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠶᠢ ᠪᠤᠶᠢᠵᠢᠭᠤᠯᠬᠤ ᠶᠢ ᠲᠡᠳᠬᠦᠨ ᠳᠡᠮᠵᠢᠵᠦ᠂ | ᠴᠡᠭ ᠢᠶᠠᠷ ᠨᠡᠶᠢᠳᠡᠮ ᠢ ᠳᠠᠶᠢᠴᠢᠯᠠᠨ ᠨᠢᠭᠡᠴᠢ ᠲᠠᠯᠠᠪᠠᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠨᠡᠮᠡᠭᠳᠡᠭᠦᠯᠬᠦ ᠶᠢ | ᠠᠬᠢᠭᠤᠯᠤᠨ᠎ᠠ᠃ | — ᠮᠡᠷᠭᠡᠵᠢᠯ ᠢ ᠪᠣᠲᠠᠲᠠᠶᠢᠵᠢᠭᠤᠯᠬᠤ ᠶᠢ ᠠᠳᠬᠤᠨ᠎ᠠ᠃ ᠮᠡᠷᠭᠡᠵᠢᠯᠲᠡᠳ ᠤᠨ ᠪᠦᠯᠬᠦᠮ ᠬᠢᠭᠡᠳ ᠰᠢᠨᠵᠢᠯᠡᠬᠦ ᠤᠬᠠᠭᠠᠨ | ᠮᠡᠷᠭᠡᠵᠢᠯ ᠤᠨ ᠰᠠᠯᠪᠤᠷᠢ ᠠᠩᠭᠢ ᠶᠢ ᠵᠣᠬᠢᠶᠠᠨ ᠪᠠᠶᠢᠭᠤᠯᠵᠤ᠂ ᠴᠢᠬᠤᠯᠠ ᠲᠠᠷᠢᠶᠠᠯᠠᠩ ᠤᠨ ᠴᠠᠭ ᠤᠨ ᠵᠠᠩᠭᠢᠯᠠᠭ᠎ᠠ ᠶᠢᠨ ᠴᠡᠭ ᠢ | ᠴᠢᠩᠭ᠎ᠠ ᠠᠩᠬᠠᠷᠴᠤ᠂ ᠭᠤᠭᠴᠤᠭ᠎ᠠ ᠪᠠ ᠲᠦᠷᠦᠯ ᠵᠦᠢᠯ ᠬᠤᠪᠢᠶᠠᠨ ᠪᠠᠶᠢᠴᠠᠭᠠᠨ ᠰᠣᠳᠣᠯᠵᠤ ᠵᠢᠭᠠᠨ ᠵᠢᠯᠤᠭᠤᠳᠤᠨ᠎ᠠ︔ | ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠳᠠᠪᠠᠭᠤᠯᠢᠭ ᠢ ᠪᠠᠳᠠᠷᠠᠭᠤᠯᠵᠤ᠂ ᠲᠠᠷᠢᠮᠠᠯ ᠪᠠ | ᠣᠷᠣᠨ ᠪᠦᠰᠡ ᠬᠤᠪᠢᠶᠠᠨ ᠪᠣᠯᠪᠠᠰᠤᠷᠠᠭᠤᠯᠬᠤ ᠲᠥᠯᠥᠪᠯᠡᠭᠡ ᠶᠢ ᠳᠣᠭᠲᠠᠭᠠᠨ᠂ ᠵᠠᠩᠭᠢᠯᠠᠭ᠎ᠠ ᠶᠢᠨ ᠮᠡᠷᠭᠡᠵᠢᠯ ᠢ | ᠪᠣᠳᠠᠲᠠᠶᠢᠵᠢᠭᠤᠯᠬᠤ ᠨᠤᠷᠮ᠎ᠠ ᠶᠢ ᠳᠡᠭᠡᠭᠰᠢᠯᠡᠭᠦᠯᠦᠨ᠎ᠡ᠃ | ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠃ ᠡᠨᠡ | ᠵᠢᠯ ᠲᠠᠷᠢᠶᠠᠯᠠᠩ ᠬᠥᠳᠡᠭᠡ ᠲᠣᠰᠬᠤᠨ ᠤ ᠶᠠᠮᠤᠨ ᠨᠢ ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ᠂ ᠠᠮᠤ ᠪᠤᠳᠠᠭᠠᠨ ᠤ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ | ᠢᠨᠵᠧᠨᠧᠷᠢᠩ᠂ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠪᠦᠲᠦᠮᠵᠢᠲᠡᠶ ᠠᠵᠢᠯᠯᠠᠭ᠎ᠠ᠂ ᠠᠮᠤ ᠲᠣᠰᠣᠨ ᠤ | ᠬᠡᠪᠴᠢᠶᠡᠲᠦ ᠲᠠᠷᠢᠮᠠᠯ ᠤᠨ ᠭᠤᠣᠯ ᠴᠣᠭᠴᠠ ᠶᠢᠨ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠠᠵᠢᠯᠯᠠᠭ᠎ᠠ ᠵᠡᠷᠭᠡ ᠶᠢᠨ | ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠡᠯ᠎ᠡ ᠭᠠᠵᠠᠷ ᠤᠨ ᠨᠢᠭᠡᠴᠢ ᠲᠠᠯᠠᠪᠠᠢ ᠶᠢᠨ ᠤᠨᠠᠯᠲᠠ ᠪᠠᠨ ᠶᠡᠭᠡ | ᠬᠡᠪᠴᠢᠶ᠎ᠡ ᠪᠠᠷ ᠨᠡᠮᠡᠭᠳᠡᠭᠦᠯᠬᠦ ᠶᠢ ᠨᠢ ᠳᠡᠮᠵᠢᠨ᠎ᠡ᠃ ᠡᠭᠦᠨ ᠤ ᠬᠠᠮᠲᠤ᠂ ᠲᠠᠷᠢᠶᠠᠯᠠᠩ ᠬᠥᠳᠡᠭᠡ ᠲᠣᠰᠬᠤᠨ ᠤ ᠰᠢᠰᠲ᠋ᠧᠮᠲᠦ | ᠬᠦᠴᠦᠨ ᠢ ᠨᠡᠶᠢᠳᠬᠡᠵᠦ ᠶᠡᠭᠡ ᠬᠠᠮᠵᠢᠯᠴᠠᠭ᠎ᠠ᠂ ᠶᠡᠭᠡ ᠪᠡᠷᠬᠡ ᠰᠢᠢᠳᠪᠦᠷᠢᠯᠡᠯᠲᠡ ᠶᠢ ᠥᠷᠨᠢᠭᠦᠯᠦᠨ᠂ ᠡᠬᠢ ᠪᠠᠶᠠᠯᠢᠭ ᠪᠠ | ᠬᠦᠴᠦᠨ ᠢᠶᠠᠨ ᠲᠥᠪᠯᠡᠷᠡᠭᠦᠯᠵᠦ ᠪᠠᠶᠢᠭᠠᠳ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠲᠠᠲᠠᠶᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠬᠤ ᠪᠣᠯᠣᠨ᠎ᠠ᠃ |