ᠰᠢᠯᠢ ᠶᠢᠨ ᠭᠤᠣᠯ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ 2024 ᠣᠨ ᠤ ᠪᠠᠶᠢᠳᠠᠯ ᠢ ᠮᠡᠳᠡᠵᠦ ᠵᠠᠰᠠᠭ ᠤᠨ ᠶᠠᠪᠤᠳᠠᠯ ᠢ ᠣᠶᠢᠯᠠᠭᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/16
     ᠣᠶᠢᠷ᠎ᠠ ᠳᠤ᠂ ᠰᠢᠯᠢ ᠶᠢᠨ ᠭᠤᠣᠯ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ 2024 ᠣᠨ ᠤ ᠪᠠᠶᠢᠳᠠᠯ ᠢ ᠮᠡᠳᠡᠵᠦ ᠵᠠᠰᠠᠭ ᠤᠨ ᠶᠠᠪᠤᠳᠠᠯ ᠢ ᠣᠶᠢᠯᠠᠭᠠᠬᠤ ᠬᠤᠷᠠᠯ ᠰᠢᠯᠢ ᠶᠢᠨ ᠬᠤᠲᠠ ᠳᠤ ᠬᠤᠷᠠᠯᠳᠤᠪᠠ᠃      ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠣᠣ ᠳ᠋ᠧ ᠶᠦᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠰᠢᠶᠣᠣ ᠵᠢᠶᠦ᠋ᠨ᠂ ᠳᠡᠳ᠋ ᠲᠡᠷᠢᠭᠦᠯᠡᠭᠴᠢ ᠸᠠᠩ ᠮᠢᠩ ᠸᠠᠩ᠂ ᠱᠣᠤ ᠬᠠᠢ ᠰᠢᠦᠢ ᠵᠢᠴᠢ ᠨᠠᠷᠢᠨ ᠪᠢᠴᠢᠭ ᠤᠨ ᠳᠠᠷᠤᠭ᠎ᠠ ᠵᠠᠩ ᠯᠢ ᠭᠦᠸᠧ ᠬᠤᠷᠠᠯ ᠳᠤ ᠣᠷᠣᠯᠴᠠᠵᠠᠢ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᡁᠢ ᠫᠧᠩ ᠬᠤᠷᠠᠯ ᠢ ᠡᠷᠭᠢᠯᠡᠪᠡ᠃      ᠬᠤᠷᠠᠯ ᠠᠴᠠ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠢ ᠤᠷᠢᠵᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠠᠬᠢᠭᠤᠯᠵᠤ᠂ ᠰᠢᠯᠢ ᠶᠢᠨ ᠭᠤᠣᠯ ᠤᠨ ᠦᠨᠡᠨᠴᠢ ᠢᠲᠡᠭᠡᠮᠵᠢ ᠶᠢ ᠡᠷᠬᠢᠮᠯᠡᠬᠦ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠶ᠎ᠠ︾᠂ ︽ᠠᠷᠠᠯᠵᠢᠶᠠᠴᠢᠨ ᠤᠷᠢᠵᠤ ᠪᠡᠯᠡ ᠲᠠᠲᠠᠬᠤ ︿ᠲᠡᠷᠢᠭᠦᠨ ᠢᠨᠵᠧᠨᠧᠷᠢᠩ﹀ ᠢ ᠨᠠᠶᠢᠳᠠᠪᠤᠷᠢᠵᠢᠭᠤᠯᠵᠤ᠂ ᠰᠢᠯᠢ ᠶᠢᠨ ᠭᠤᠣᠯ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠯᠭᠡᠵᠡᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠠᠶᠢᠳᠠᠯ ᠢ ᠮᠡᠳᠡᠵᠦ ᠵᠠᠰᠠᠭ ᠤᠨ ᠶᠠᠪᠤᠳᠠᠯ ᠢ ᠣᠶᠢᠯᠠᠭᠠᠬᠤ ᠪᠣᠯ ᠤᠯᠤᠰ ᠲᠦᠷᠦ ᠶᠢᠨ ᠵᠥᠪᠯᠡᠯᠭᠡᠨ ᠤ ᠨᠢᠭᠡ ᠵᠦᠢᠯ ᠤᠨ ᠲᠦᠢᠯ ᠤᠨ ᠴᠢᠬᠤᠯᠠ ᠠᠵᠢᠯ ᠪᠣᠯᠣᠨ᠎ᠠ᠂ ᠭᠡᠰᠢᠭᠦᠳ ᠤᠯᠠᠮ ᠴᠢᠨᠠᠭᠰᠢᠳᠠ ᠪᠠᠶᠢᠳᠠᠯ ᠢ ᠮᠡᠳᠡᠵᠦ ᠵᠠᠰᠠᠭ ᠤᠨ ᠶᠠᠪᠤᠳᠠᠯ ᠢ ᠣᠶᠢᠯᠠᠭᠠᠬᠤ ᠨᠢ ᠪᠦᠬᠦ ᠠᠶᠢᠮᠠᠭ ᠤᠨ ᠠᠷᠠᠯᠵᠢᠶᠠᠴᠢᠨ ᠤᠷᠢᠵᠤ ᠪᠡᠯᠡ ᠲᠠᠲᠠᠬᠤ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠳᠡᠮᠵᠢᠬᠦ ᠳᠤ ᠮᠠᠰᠢ ᠰᠠᠶᠢᠨ ᠠᠬᠢᠭᠤᠯᠬᠤ ᠦᠢᠯᠡᠳᠦᠯ ᠲᠠᠢ ᠶᠤᠮ᠃ ᠪᠥᠬᠦ ᠠᠶᠢᠮᠠᠭ ᠤᠨ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠵᠢᠴᠢ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠠᠷᠠᠯᠵᠢᠶᠠᠴᠢᠨ ᠤᠷᠢᠵᠤ ᠪᠡᠯᠡ ᠲᠠᠲᠠᠬᠤ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠣᠯ ᠲᠡᠶᠢᠨ ᠤ ᠲᠠᠯᠠᠪᠤᠷ ᠲᠤ ᠢᠳᠡᠪᠬᠢᠲᠡᠢ ᠣᠷᠣᠯᠴᠠᠵᠤ᠂ ᠦᠨᠡᠨᠴᠢ ᠢᠲᠡᠭᠡᠮᠵᠢ ᠶᠢᠨ ᠰᠠᠨᠠᠭᠠᠴᠢᠯᠠᠭᠴᠢ᠂ ᠦᠢᠯᠡᠳᠦᠯᠭᠡᠵᠢᠭᠦᠯᠦᠭᠴᠢ᠂ ᠤᠯᠠᠮᠵᠢᠯᠠᠭᠴᠢ ᠪᠣᠯᠬᠤ ᠪᠠᠷ ᠴᠢᠷᠮᠠᠶᠢᠵᠤ᠂ ᠲᠤᠰᠢᠶᠠᠯ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠵᠦ᠂ ᠠᠷᠠᠯᠵᠢᠶᠠᠴᠢᠨ ᠤᠷᠢᠬᠤ ᠠᠵᠢᠯ ᠢ ᠰᠠᠨᠠᠭᠠᠴᠢᠯᠠᠭ᠎ᠠ ᠠᠴᠠ ᠪᠠᠨ ᠤᠬᠠᠭᠤᠯᠤᠨ᠂ ᠠᠷᠠᠯᠵᠢᠶᠠᠴᠢᠨ ᠤᠷᠢᠬᠤ ᠦᠢᠯᠡᠳᠦᠯᠭᠡ ᠳᠤ ᠣᠷᠣᠯᠴᠠᠵᠦ᠂ ᠠᠷᠠᠯᠵᠢᠶᠠᠴᠢᠨ ᠤᠷᠢᠬᠤ ᠶᠡᠭᠡ ᠲᠠᠯ᠎ᠠ ᠳᠤ ᠦᠢᠯᠡᠴᠢᠯᠡᠠ᠂ ᠡᠯ᠎ᠡ ᠲᠠᠯ᠎ᠠ ᠶᠢᠨ ᠬᠢᠨ ᠤ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ᠃ ︽ᠳᠡᠭᠡᠳᠦ ᠱᠠᠲᠤᠨ ᠤ ᠪᠠᠶᠢᠳᠠᠯ︾᠎ ᠢ ᠮᠡᠳᠡᠵᠦ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠦᠨ᠂ ᠢᠮᠠᠭᠲᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠲᠠᠢ ᠰᠡᠳᠬᠢᠯ ᠰᠠᠨᠠᠭ᠎ᠠ ᠪᠠᠨ ᠨᠢᠭᠡᠳᠬᠡᠬᠦ ᠬᠡᠷᠡᠭᠲᠡᠢ᠃ ︽ᠠᠶᠢᠮᠠᠭ ᠤᠨ ᠪᠠᠶᠢᠳᠠᠯ︾ ᠎ ᠢ ᠤᠶᠢᠯᠠᠭᠠᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠠ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯᠭᠡ ᠶᠢᠨ ᠳᠤᠮᠳᠠ ᠤᠯᠠᠮ ᠴᠢᠨᠠᠭᠰᠢᠳᠠ ᠪᠠᠶᠢᠳᠠᠯ ᠢ ᠮᠡᠳᠡᠵᠦ ᠵᠠᠰᠠᠭ ᠤᠨ ᠶᠠᠪᠤᠳᠠᠯ ᠢ ᠣᠶᠢᠯᠠᠭᠠᠠ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠬᠠᠷᠠᠭ᠎ᠠ ᠪᠠᠨ ᠥᠷᠭᠡᠳᠬᠡᠬᠦ ᠬᠡᠷᠡᠭᠲᠡᠢ᠃ ︽ᠪᠣᠳᠠᠲᠤ ᠪᠠᠶᠢᠳᠠᠯ︾ ᠢ ᠠᠵᠢᠬᠯᠠᠵᠦ᠂ ᠣᠯᠠᠨ ᠠᠷᠭ᠎ᠠ ᠵᠠᠮ ᠢᠶᠠᠷ ᠠᠶᠢᠮᠠᠭ ᠤᠨ ᠪᠠᠶᠢᠳᠠᠯ ᠢ ᠣᠶᠢᠯᠠᠭᠠᠨ᠂ ᠨᠡᠶᠢᠭᠡᠮ ᠤᠨ ᠪᠠᠶᠢᠳᠠᠯ ᠢ ᠮᠡᠳᠡᠵᠦ᠂ ᠠᠷᠠᠳ ᠤᠨ ᠪᠠᠶᠢᠳᠠᠯ ᠢ ᠲᠤᠰᠬᠠᠵᠦ᠂ ᠪᠠᠶᠢᠳᠠᠯ ᠢ ᠮᠡᠳᠡᠵᠦ ᠵᠠᠰᠠᠭ ᠤᠨ ᠶᠠᠪᠤᠳᠠᠯ ᠢ ᠣᠶᠢᠯᠠᠭᠠᠭᠰᠠᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ ᠰᠶᠢᠳᠪᠦᠷᠢᠲᠦ ᠪᠣᠳᠣᠯᠭ᠎ᠠ ᠶᠢᠨ ᠯᠠᠪᠯᠠᠯᠲᠠ ᠬᠠᠩᠭᠠᠬᠤ ᠬᠡᠷᠡᠭᠲᠡᠢ ᠭᠡᠵᠠᠢ᠃      ᠰᠢᠯᠢ ᠶᠢᠨ ᠭᠤᠣᠯ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ ᠤ ᠬᠡᠰᠡᠭ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠢᠯᠢ ᠶᠢᠨ ᠬᠤᠲᠠ ᠳᠤ ᠰᠠᠭᠤᠭ᠎ᠠ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠣᠷᠣᠯᠴᠠᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号